ᠦᠨᠳᠦᠰᠦᠲᠡᠨ ᠤ ᠪᠦᠯᠬᠦᠮᠳᠡᠯ ᠤᠨ ᠬᠥᠮᠥᠵᠢᠯ ᠤᠨ ᠠᠵᠢᠯᠯᠠᠭ᠎ᠠ ᠶᠠᠪᠤᠭᠳᠠᠯ᠎ᠠ
ᠨᠡᠶᠢᠲᠡᠯᠡᠭᠰᠡᠨ ᠴᠠᠭ᠄
2020/11/30
     11 ᠳ᠋ᠦ᠋ᠭᠡᠷ ᠰᠠᠷ᠎ᠠ ᠶᠢᠨ 28 ᠤ ᠡᠳᠦᠷ᠂ ᠬᠤᠲᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠠᠴᠠ ᠭᠤᠣᠯᠯᠠᠨ ᠡᠷᠬᠢᠯᠡᠵᠦ᠂ ᠬᠤᠲᠠ ᠶᠢᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠠᠴᠠ ᠬᠤᠲᠠ ᠶᠢᠨ ᠮᠣᠩᠭᠤᠯ  ᠰᠤᠷᠭᠠᠭᠤᠯᠢ ᠲᠠᠢ ᠬᠠᠮᠲᠤᠷᠠᠨ ᠦᠨᠳᠦᠰᠦᠲᠡᠨ ᠤ ᠪᠦᠯᠬᠦᠮᠳᠡᠯ ᠤᠨ ᠬᠥᠮᠥᠵᠢᠯ ᠤᠨ ᠨᠥᠬᠦᠷᠯᠡᠯ ᠤᠨ ᠠᠵᠢᠯᠯᠠᠭ᠎ᠠ ᠥᠷᠨᠢᠭᠦᠯᠪᠡ᠃      ᠲᠤᠰ ᠤᠳᠠᠭᠠᠨ ᠤ ᠠᠵᠢᠯᠯᠠᠭ᠎ᠠ ᠨᠢ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠳᠦ ᠲᠤᠲᠤᠨᠤ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠭᠡᠯᠰᠢᠭᠦᠯᠬᠦ︾ ᠪᠠᠷ ᠰᠡᠳᠦᠪᠯᠡᠵᠡᠢ᠃ ᠬᠤᠲᠠ ᠶᠢᠨ ᠵᠠᠯᠠᠭᠤᠴᠤᠳ ᠪᠠᠭᠠᠴᠤᠳ ᠤᠨ ᠬᠥᠳᠡᠯᠭᠡᠭᠡᠨ ᠤ ᠲᠥᠪ ᠤᠨ ᠪᠠᠭᠰᠢ ᠰᠤᠷᠤᠭᠴᠢ᠂ ᠬᠤᠲᠠ ᠶᠢᠨ ᠮᠣᠩᠭᠤᠯ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠪᠠᠶᠠᠯᠢᠭ ᠰᠠᠶᠢᠬᠠᠨ ᠠᠭᠤᠯᠭ᠎ᠠ ᠲᠠᠢ ᠤᠷᠠᠨ ᠰᠠᠶᠢᠬᠠᠨ ᠤ ᠲᠣᠭᠯᠠᠯᠲᠠ ᠭᠠᠷᠭᠠᠵᠠᠢ᠃ ᠰᠤᠷᠪᠤᠯᠵᠢᠯᠠᠭᠴᠢ ᠸᠠᠩ ᠵᠦᠩ ᠵᠸᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号