ᠵᠠᠩ ᠪᠠᠢ ᠴᠧᠩ ᠡᠷᠬᠢᠯᠡᠪᠡ | 11 ᠳ᠋ᠦ᠋ᠭᠡᠷ ᠰᠠᠷ᠎ᠠ ᠶᠢᠨ 27 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ | ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ | ᠵᠠᠰᠠᠭ ᠤᠨ ᠣᠷᠳᠣᠨ ᠤ 2020 ᠣᠨ ᠤ 41 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠃ | ᠬᠤᠷᠠᠯ ᠠᠴᠠ ᠮᠠᠨ ᠤ ᠬᠤᠲᠠ ᠶᠢᠨ ᠨᠥᠷᠸᠠᠺ ᠸᠢᠷᠦ᠋ᠰ ᠢ ᠰᠡᠷᠭᠡᠶᠢᠯᠡᠨ ᠡᠵᠡᠮᠳᠡᠬᠦ ᠠᠵᠢᠯ ᠢ ᠰᠤᠳᠤᠯᠤᠨ | ᠪᠠᠶᠢᠷᠢᠯᠠᠭᠤᠯᠵᠠᠢ᠃ | ᠬᠤᠷᠠᠯ ᠠᠴᠠ ᠵᠢᠭᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠨᠥᠷᠸᠠᠺ ᠸᠢᠷᠦ᠋ᠰ ᠢ | ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ | ᠬᠥᠭᠵᠢᠯᠲᠡ ᠶᠢᠨ ᠦᠵᠡᠯᠲᠡ ᠶᠢ ᠴᠠᠭ ᠢᠮᠠᠭᠲᠠ ᠪᠠᠷᠢᠮᠲᠠᠯᠠᠨ᠂ ᠪᠠᠭᠤᠷᠠᠢ ᠲᠠᠯ᠎ᠠ ᠪᠠᠨ ᠴᠢᠩᠭ᠎ᠠ ᠠᠩᠬᠠᠷᠴᠤ᠂ ᠭᠤᠣᠯᠳᠠᠯᠭ᠎ᠠ | ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠬᠥᠮᠥᠰ᠂ ᠭᠤᠣᠯᠳᠠᠯᠭ᠎ᠠ ᠲᠠᠢ ᠣᠷᠣᠨ ᠭᠠᠵᠠᠷ ᠢ ᠪᠠᠶᠢᠴᠠᠭᠠᠨ ᠪᠠᠶᠢᠳᠠᠯ ᠢ | ᠡᠵᠡᠮᠰᠢᠬᠦ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠪᠡᠯᠡᠳᠬᠡᠯ ᠲᠥᠰᠥᠯ ᠪᠠ ᠪᠠᠴᠢᠮ ᠪᠠᠶᠢᠳᠠᠯ ᠢ ᠠᠷᠭᠠᠴᠠᠭᠠᠬᠤ | ᠪᠡᠯᠡᠳᠬᠡᠯ ᠲᠥᠰᠥᠯ ᠢ ᠰᠠᠶᠢᠨ ᠬᠢᠵᠦ᠂ ᠦᠨᠡᠨᠬᠦ ᠬᠡᠷᠡᠭᠵᠢᠬᠦᠯᠵᠦ ᠪᠣᠯᠬᠤ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠲᠣᠭᠲᠠᠭᠠᠬᠤ ᠶᠢᠨ ᠬᠠᠮᠲᠤ᠂ ᠡᠷᠡᠰ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃ ᠮᠡᠳᠡᠭᠡ ᠵᠠᠩᠭᠢ ᠶᠢ ᠮᠡᠳᠡᠭᠦᠯᠬᠦ ᠠᠷᠭ᠎ᠠ | ᠵᠠᠮ ᠢ ᠰᠢᠯᠤᠭᠤᠳᠬᠠᠨ᠂ ᠶᠡᠬᠡᠪᠡᠷ ᠤᠬᠠᠭᠤᠯᠤᠨ ᠬᠥᠲᠥᠯᠵᠦ᠂ ᠰᠡᠷᠭᠡᠶᠢᠯᠡᠨ ᠵᠠᠰᠠᠬᠤ ᠮᠡᠳᠡᠯᠭᠡ ᠶᠢ ᠲᠦᠭᠡᠮᠡᠯᠵᠢᠭᠦᠯᠦᠨ᠂ | ᠸᠢᠷᠦ᠋ᠰ ᠤᠨ ᠬᠠᠯᠳᠠᠪᠤᠷᠢᠯᠠᠬᠤ ᠶᠢ ᠪᠦᠲᠦᠮᠵᠢᠲᠡᠢ ᠬᠤᠷᠢᠭᠯᠠᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ | ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ᠤᠯᠤᠰ ᠲᠥᠷᠥ ᠶᠢᠨ ᠵᠥᠪᠯᠡᠯᠭᠡᠨ ᠤ 2020 ᠣᠨ ᠤ ᠵᠥᠪᠯᠡᠯᠭᠡᠨ ᠤ ᠲᠥᠯᠥᠪᠯᠡᠭᠡ ᠶᠢ | ᠬᠡᠷᠡᠭᠵᠢᠭᠦᠯᠦᠭᠰᠡᠨ ᠪᠠᠶᠢᠳᠠᠯ ᠵᠢᠴᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠤᠨ ᠮᠡᠳᠡᠭᠡᠯᠡᠯ ᠢ ᠰᠣᠨᠣᠰᠴᠤ᠂ ︽ | ᠰᠢᠨ᠎ᠡ ᠴᠠᠭ ᠦᠶ᠎ᠡ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ ᠰᠠᠶᠢᠨ ᠬᠢᠬᠦ ᠲᠤᠬᠠᠢ 1+ 6 | ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠠᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠥᠪᠯᠡᠯᠭᠡᠨ ᠤ ᠳᠦᠷᠢᠮ ᠪᠣᠯ ᠮᠠᠨ ᠤ ᠤᠯᠤᠰ ᠤᠨ | ᠨᠢᠭᠡᠨ ᠦᠨᠳᠦᠰᠦᠨ ᠤᠯᠤᠰ ᠲᠥᠷᠥ ᠶᠢᠨ ᠳᠦᠷᠢᠮ ᠮᠥᠨ᠂ ᠤᠯᠤᠰ ᠲᠥᠷᠥ ᠶᠢᠨ ᠵᠥᠪᠯᠡᠯᠭᠡᠨ ᠤ ᠵᠥᠪᠯᠡᠯᠭᠡ᠂ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠵᠡᠷᠭᠡ ᠠᠵᠢᠯ ᠢ ᠰᠠᠶᠢᠨ ᠬᠢᠬᠦ ᠨᠢ ᠦᠵᠡᠯ ᠰᠠᠨᠠᠭ᠎ᠠ ᠪᠠᠨ ᠨᠢᠭᠡᠳᠬᠡᠨ᠂ ᠪᠦᠯᠬᠦᠮᠳᠡᠯ ᠢ | ᠴᠢᠩᠭᠠᠳᠬᠠᠬᠤ ᠶᠠᠪᠤᠴᠠ ᠮᠥᠨ᠂ ᠮᠥᠨᠴᠦ ᠡᠯ᠎ᠡ ᠲᠠᠯ᠎ᠠ ᠶᠢᠨ ᠬᠢᠨ ᠤ ᠣᠶᠤᠨ ᠤᠬᠠᠭᠠᠨ ᠬᠦᠴᠦᠨ ᠴᠢᠳᠠᠯ ᠢ | ᠨᠢᠭᠳᠠᠷᠠᠭᠤᠯᠤᠨ᠂ ᠪᠦᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠰᠢᠭᠲᠠᠢ ᠶᠤᠮ᠃ ᠡᠯ᠎ᠡ ᠱᠠᠲᠤ | ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠶᠡᠬᠡᠪᠡᠷ ᠳᠡᠮᠵᠢᠨ᠂ ᠤᠯᠤᠰ ᠲᠥᠷᠥ ᠶᠢᠨ | ᠵᠥᠪᠯᠡᠯᠭᠡᠨ ᠯᠦᠭᠡ ᠶᠢᠨ ᠬᠠᠷᠢᠯᠴᠠᠭ᠎ᠠ ᠬᠤᠯᠪᠣᠭ᠎ᠠ ᠵᠣᠬᠢᠴᠠᠭᠤᠯᠭ᠎ᠠ ᠪᠠᠨ ᠴᠢᠩᠭᠠᠳᠬᠠᠵᠤ᠂ ᠵᠣᠬᠢᠴᠠᠨ ᠬᠥᠳᠡᠯᠦᠯᠴᠡᠬᠦ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠷᠭᠡᠨ ᠣᠯᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ | ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤ ᠰᠠᠶᠢᠨ ᠰᠠᠶᠢᠬᠠᠨ ᠨᠥᠬᠦᠴᠡᠯ ᠬᠠᠩᠭᠠᠵᠤ ᠥᠭᠬᠦ ᠬᠡᠷᠡᠭᠲᠡᠢ᠃ ᠰᠠᠨᠠᠯ | ᠳᠤᠷᠠᠳᠤᠯᠭ᠎ᠠ ᠶᠢ ᠳᠠᠭᠠᠭᠠᠨ ᠰᠢᠢᠳᠪᠦᠷᠢᠯᠡᠬᠦ ᠡᠯ᠎ᠡ ᠰᠠᠯᠠᠭ᠎ᠠ ᠮᠥᠴᠢᠷ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠠᠨᠠᠯ ᠳᠤᠷᠠᠳᠤᠯᠭ᠎ᠠ ᠶᠢᠨ ᠵᠥᠪᠯᠡᠯ ᠤᠨ ᠭᠡᠰᠢᠭᠦᠳ ᠲᠠᠢ ᠴᠠᠭ ᠲᠤᠬᠠᠢ | ᠳᠤᠨᠢ ᠬᠠᠷᠢᠯᠴᠠᠵᠤ ᠵᠣᠯᠭᠠᠭᠤᠯᠬᠤ ᠶᠢᠨ ᠬᠠᠮᠲᠤ᠂ ᠦᠷ᠎ᠡ ᠳ᠋ᠦᠩ ᠢ ᠬᠠᠷᠢᠭᠤ ᠲᠤᠰᠬᠠᠬᠤ ᠠᠵᠢᠯ ᠢ ᠰᠠᠶᠢᠲᠤᠷ ᠬᠢᠵᠦ᠂ ᠰᠠᠨᠠᠯ | ᠳᠤᠷᠠᠳᠤᠯᠭ᠎ᠠ ᠶᠢ ᠰᠢᠢᠳᠪᠦᠷᠢᠯᠡᠬᠦ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠵᠢᠭᠠᠭᠰᠠᠨ ᠨᠢ᠂ ᠴᠡᠷᠢᠭ ᠤᠨ ᠠᠯᠪᠠ ᠠᠴᠠ ᠬᠠᠯᠠᠭᠳᠠᠭᠰᠠᠳ ᠪᠣᠯ ᠨᠠᠮ ᠪᠠ ᠤᠯᠤᠰ ᠤᠨ ᠡᠷᠬᠢᠮ | ᠨᠠᠨᠳᠢᠨ ᠥᠪ ᠬᠥᠷᠥᠩᠭᠡ ᠮᠥᠨ᠂ ᠰᠢᠨ᠎ᠡ ᠴᠠᠭ ᠦᠶ᠎ᠡ ᠶᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠠᠵᠢᠯ ᠢ | ᠰᠠᠶᠢᠨ ᠬᠢᠬᠦ ᠨᠢ ᠥᠷᠭᠡᠨ ᠣᠯᠠᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠤᠪᠢ ᠪᠡᠶ᠎ᠡ ᠶᠢᠨ ᠠᠰᠢᠭ ᠲᠤᠰᠠ ᠳᠤ | ᠬᠤᠯᠪᠣᠭᠳᠠᠨ᠎ᠠ᠃ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠤᠴᠢᠷ ᠶᠠᠪᠤᠳᠠᠯ ᠢ ᠵᠣᠬᠢᠶᠠᠨ ᠪᠠᠶᠢᠭᠤᠯᠤᠨ ᠬᠠᠮᠢᠶᠠᠷᠬᠤ | ᠰᠢᠰᠲ᠋ᠧᠮᠵᠢ᠂ ᠲᠥᠷᠥ ᠶᠢᠨ ᠪᠣᠳᠣᠯᠭ᠎ᠠ ᠶᠢᠨ ᠳᠦᠷᠢᠮ ᠤᠨ ᠰᠢᠰᠲ᠋ᠧᠮᠵᠢ᠂ ᠠᠵᠢᠯ ᠤᠨ ᠬᠡᠷᠡᠭᠵᠢᠭᠦᠯᠦᠯᠲᠡ ᠶᠢᠨ | ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠥᠷᠭᠡᠨ ᠣᠯᠠᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠪᠠᠲᠤᠯᠠᠨ ᠬᠠᠮᠠᠭᠠᠯᠠᠵᠤ᠂ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠢᠷᠠᠭᠤ ᠠᠯᠳᠠᠷ ᠤᠨ ᠲᠥᠷᠥᠭᠳᠡᠯ᠂ ᠬᠠᠷᠢᠶᠠᠯᠠᠭᠳᠠᠬᠤ ᠲᠥᠷᠥᠭᠳᠡᠯ᠂ ᠬᠦᠷᠲᠡᠮᠵᠢ ᠶᠢᠨ ᠲᠥᠷᠥᠭᠳᠡᠯ ᠢ | ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃ | ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠰᠢᠦᠢ ᠷᠦᠢ ᠰᠢᠶᠠ᠂ ᠪᠢ ᠭᠥᠸᠧ ᠴᠧᠨ᠂ ᠮᠠᠤ ᠪᠣᠣ ᠹᠧᠩ᠂ | ᠵᠠᠩ ᠭᠥᠸᠧ ᠫᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ | ᠣᠷᠣᠯᠴᠠᠵᠠᠢ᠃ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠥᠸᠧ ᠯᠢᠨ ᠵᠢᠴᠢ ᠬᠤᠯᠪᠣᠭᠳᠠᠯ ᠪᠦᠬᠦᠢ | ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃ ︵ᠯᠢ ᠬᠠᠢ | ᠵᠧᠨ︶ |