ᠰᠢᠨ᠎ᠡ ᠬᠤᠲᠠ ᠲᠣᠭᠤᠷᠢᠭ 2020 ᠣᠨ ᠤ ᠵᠠᠰᠠᠭ ᠤᠨ ᠣᠷᠳᠣᠨ ᠤ ᠠᠵᠢᠯ ᠳᠣᠭᠢᠷᠠᠭᠤᠯᠬᠤ ᠨᠥᠬᠦᠴᠡᠯ ᠳᠤ ᠨᠡᠶᠢᠴᠡᠭᠰᠡᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠠᠵᠢᠯ ᠤᠨ ᠪᠠᠶᠢᠷᠢ ᠰᠣᠩᠭᠤᠬᠤ ᠶᠡᠭᠡ ᠬᠤᠷᠠᠯ ᠬᠢᠪᠠ
ᠨᠡᠶᠢᠲᠡᠯᠡᠭᠰᠡᠨ ᠴᠠᠭ᠄
2020/11/4
      ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠲᠥᠷᠥ ᠶᠢᠨ ᠪᠣᠳᠣᠯᠭ᠎ᠠ ᠶᠢ  ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠶᠢᠨ ᠲᠥᠯᠥᠭᠡ᠂ 10 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ 2020 ᠣᠨ ᠤ ᠵᠠᠰᠠᠭ ᠤᠨ ᠤᠷᠳᠤᠨ ᠤ ᠠᠵᠢᠯ ᠳᠣᠭᠢᠷᠠᠭᠤᠯᠬᠤ ᠨᠥᠬᠦᠴᠡᠯ ᠳᠤ ᠨᠡᠶᠢᠴᠡᠭᠰᠡᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠲᠦᠪᠬᠢᠨᠡᠭᠦᠯᠬᠦ ᠠᠵᠢᠯ ᠤᠨ ᠪᠠᠶᠢᠷᠢ ᠰᠣᠩᠭᠤᠬᠤ ᠶᠡᠭᠡ ᠬᠤᠷᠠᠯ ᠬᠢᠪᠠ᠃ ᠬᠤᠲᠠ ᠶᠢᠨ ᠴᠡᠷᠢᠭ ᠠᠴᠠ ᠬᠠᠯᠠᠭᠳᠠᠭᠰᠠᠨ ᠤᠨ ᠬᠡᠷᠡᠭ ᠶᠠᠪᠤᠳᠠᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠹᠧᠩ ᡁᠢ ᠬᠤᠩ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ᠂ ᠲᠤᠭᠤᠷᠢᠭ ᠤᠨ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠠᠶ ᠹᠧᠨ ᠪᠢᠩ᠂ ᠲᠣᠭᠤᠷᠢᠭ ᠤᠨ ᠴᠡᠷᠢᠭ ᠠᠴᠠ ᠬᠠᠯᠠᠭᠳᠠᠭᠰᠠᠳ ᠵᠢᠴᠢ ᠴᠡᠷᠢᠭ ᠠᠩᠭᠢ ᠶᠢ ᠳᠠᠭᠠᠵᠤ ᠠᠵᠢᠯ ᠣᠯᠭᠤᠵᠣ ᠲᠥᠪᠬᠢᠨᠡᠭᠦᠯᠬᠦ ᠲᠤᠰᠬᠠᠶ ᠠᠵᠢᠯ ᠤᠨ ᠳᠤᠭᠤᠶᠢᠯᠠᠩ ᠤᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠬᠦᠯᠢᠶᠡᠨ ᠠᠪᠴᠤ ᠲᠥᠪᠬᠢᠨᠡᠭᠦᠯᠬᠦ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
     ᠬᠤᠷᠠᠯ ᠠᠴᠠ ︽ᠰᠢᠨ᠎ᠡ ᠬᠤᠲᠠ ᠲᠣᠭᠤᠷᠢᠭ ᠤᠨ 2020 ᠣᠨ ᠤ ᠵᠠᠰᠠᠭ ᠤᠨ ᠣᠷᠳᠣᠨ ᠤ ᠠᠵᠢᠯ ᠳᠣᠭᠢᠷᠠᠭᠤᠯᠬᠤ ᠨᠥᠬᠦᠴᠡᠯ ᠳᠤ ᠨᠡᠶᠢᠴᠡᠭᠰᠡᠨ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠢ ᠲᠥᠪᠬᠢᠨᠡᠭᠦᠯᠬᠦ ᠠᠵᠢᠯ ᠤᠨ ᠬᠡᠷᠡᠭᠵᠢᠭᠦᠯᠬᠦ ᠲᠥᠰᠦᠯ︾ ᠢ ᠤᠯᠠᠮᠵᠢᠯᠠᠪᠠ᠃ ᠪᠠᠰᠠ ᠬᠡᠮᠵᠢᠶᠡᠯᠡᠨ ᠬᠤᠪᠢ ᠲᠣᠭᠲᠠᠭᠠᠵᠤ ᠠᠵᠢᠯ ᠤᠨ ᠪᠠᠶᠢᠷᠢ ᠰᠣᠩᠭᠤᠵᠤ᠂ ᠵᠠᠰᠠᠭ ᠤᠨ ᠣᠷᠳᠣᠨ ᠤ ᠠᠵᠢᠯ ᠲᠤᠬᠢᠷᠠᠭᠤᠯᠬᠤ ᠨᠥᠬᠦᠴᠡᠯ ᠳᠤ ᠨᠡᠶᠢᠴᠡᠭᠰᠡᠨ 20 ᠴᠡᠷᠢᠭ ᠠᠴᠠ ᠬᠠᠯᠠᠭᠳᠠᠭᠰᠠᠨ ᠪᠠᠶᠢᠯᠳᠤᠭᠴᠢ ᠳᠤ 20 ᠠᠵᠢᠯ ᠦᠢᠯᠡᠰ ᠤᠨ ᠨᠢᠭᠡᠴᠢ ᠶᠢᠨ ᠠᠵᠢᠯ ᠤᠨ ᠪᠠᠶᠢᠷᠢ ᠬᠠᠩᠭᠠᠪᠠ᠃ ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠵᠢᠯ ᠤᠨ ᠪᠠᠶᠢᠷᠢ ᠰᠤᠩᠭᠤᠬᠤ ᠪᠦᠬᠦ ᠶᠠᠪᠤᠴᠠ ᠳᠤ ᠬᠢᠨᠠᠯᠲᠠ ᠲᠠᠯᠪᠢᠵᠤ᠂ ᠲᠥᠪᠬᠢᠨᠡᠭᠦᠯᠬᠦ ᠠᠵᠢᠯ ᠤᠨ ᠢᠯᠡ ᠲᠣᠳᠣ ᠶᠢᠨ ᠬᠡᠮᠵᠢᠶ᠎ᠡ ᠪᠣᠯᠤᠨ ᠨᠡᠶᠢᠲᠡ ᠶᠢᠨ ᠢᠲᠡᠭᠡᠮᠵᠢ ᠶᠢ ᠪᠠᠲᠤᠯᠠᠵᠤ᠂ ᠠᠵᠢᠯ ᠤᠨ ᠪᠠᠶᠢᠷᠢ ᠰᠣᠩᠭᠤᠬᠤ ᠶᠠᠪᠤᠴᠠ ᠡᠷᠬᠡ ᠲᠡᠰᠢ᠂ ᠲᠥᠪ ᠭᠤᠤᠯᠴᠢ᠂ ᠢᠯᠡ ᠲᠣᠳᠣ ᠪᠠᠶᠢᠵᠤ᠂ ︽ᠢᠯᠡ ᠲᠣᠳᠣ ᠪᠠᠷ ᠲᠥᠪᠬᠢᠨᠡᠭᠦᠯᠬᠦ︾ ᠶᠢ ᠪᠡᠶᠡᠯᠡᠭᠦᠯᠦᠨ᠎ᠡ᠃
     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠪᠦᠷᠢᠯᠳᠦᠬᠦᠨ ᠨᠢᠭᠡᠴᠡ ᠵᠣᠬᠢᠴᠠᠭᠤᠯᠭ᠎ᠠ ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠤᠨ ᠡᠯ᠎ᠡ ᠵᠣᠶᠢᠯ ᠤᠨ ᠠᠰᠠᠷᠠᠮᠵᠢ ᠬᠠᠷᠠᠭᠠᠯᠵᠠᠯ ᠢ ᠬᠢᠨᠠᠮᠠᠭᠠᠢ ᠨᠠᠶᠢᠲᠠᠪᠤᠷᠢᠵᠢᠭᠤᠯᠵᠤ᠂ ᠲᠥᠪᠬᠢᠨᠡᠭᠦᠯᠬᠦ ᠠᠵᠢᠯ ᠳᠤ ᠢᠯᠡ ᠲᠣᠳᠣ ᠪᠠᠶᠢᠬᠤ ᠶᠢ ᠴᠢᠩᠭᠠᠳᠬᠠᠵᠤ᠂ ᠲᠥᠪᠬᠢᠨᠡᠭᠦᠯᠬᠦ ᠬᠥᠮᠦᠰ ᠤᠨ ᠨᠡᠷᠡᠰ᠂ ᠠᠵᠢᠯ ᠤᠨ ᠪᠠᠶᠢᠷᠢ ᠶᠢᠨ ᠲᠥᠯᠥᠪᠯᠡᠭᠡ᠂ ᠬᠡᠮᠵᠢᠶᠡᠯᠡᠨ ᠬᠤᠪᠢ ᠲᠣᠭᠲᠠᠭᠠᠬᠤ᠂ ᠲᠥᠪᠬᠢᠨᠡᠭᠦᠯᠬᠦ ᠬᠠᠨᠳᠤᠰᠢ ᠶᠢ ᠢᠯᠡ ᠪᠣᠯᠭᠠᠵᠤ᠂ ᠨᠡᠶᠢᠭᠡᠮ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢ᠂ ᠬᠥᠮᠦᠨ ᠬᠡᠷᠡᠭᠯᠡᠬᠦ ᠨᠢᠭᠡᠴᠢ᠂ ᠨᠡᠶᠢᠭᠡᠮ ᠤᠨ ᠡᠯ᠎ᠡ ᠡᠲᠡᠭᠡᠳ ᠢ ︽ᠭᠤᠷᠪᠠ ᠳᠤ ᠬᠠᠨᠤᠮᠵᠢᠲᠠᠶ︾ ᠪᠠᠶᠢᠯᠭᠠᠨ᠎ᠠ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠴᠡᠷᠢᠭ ᠠᠴᠠ ᠬᠠᠯᠠᠭᠳᠠᠭᠰᠠᠨ ᠪᠠᠶᠢᠯᠳᠤᠭᠴᠢᠳ ᠰᠢᠨ᠎ᠡ ᠠᠵᠢᠯ ᠤᠨ ᠪᠠᠶᠢᠷᠢ ᠳᠤ ᠭᠠᠷᠤᠭᠰᠠᠨ ᠤ ᠳᠠᠷᠠᠭ᠎ᠠ ᠴᠡᠷᠢᠭ ᠤᠨ ᠰᠢᠯᠢᠳᠡᠭ ᠰᠤᠷᠲᠠᠯ ᠢ ᠪᠠᠳᠠᠷᠠᠭᠤᠯᠵᠤ᠂ ᠴᠡᠷᠢᠭ ᠤᠨ ᠬᠡᠪ ᠰᠤᠷᠲᠠᠯ ᠶᠢ ᠡᠳᠦᠷ ᠲᠤᠲᠤᠮ ᠤᠨ ᠠᠵᠢᠯ ᠳᠤ ᠪᠠᠨ ᠳᠡᠯᠭᠡᠷᠡᠭᠦᠯᠵᠦ᠂ ᠥᠪᠡᠷ ᠤᠨ ᠳᠠᠪᠲᠠᠯᠲᠠ ᠪᠠ ᠰᠤᠷᠤᠯᠴᠠᠯᠭ᠎ᠠ ᠪᠠᠨ ᠴᠢᠩᠭᠠᠳᠬᠠᠵᠤ᠂ ᠴᠢᠷᠮᠠᠶᠢᠨ ᠠᠵᠢᠯᠯᠠᠵᠤ᠂ ᠴᠡᠷᠢᠭ ᠠᠩᠭᠢ ᠶᠢᠨ ᠰᠢᠯᠢᠳᠡᠭ ᠰᠤᠷᠲᠠᠯ ᠢ ᠣᠷᠣᠨ ᠨᠤᠲᠤᠭ ᠨᠢᠭᠡᠴᠡ ᠳᠡᠭᠡᠨ ᠠᠪᠴᠢᠷᠠᠵᠤ᠂ ᠣᠷᠣᠨ ᠪᠦᠰᠡ ᠶᠢᠨ ᠠᠵᠤ ᠠᠬᠤᠶ ᠳᠤ ᠬᠤᠪᠢ ᠨᠡᠮᠡᠷᠢ ᠦᠵᠡᠭᠦᠯᠵᠦ᠂ ᠳᠠᠬᠢᠨᠲᠠ ᠰᠢᠯᠢᠳᠡᠭ ᠠᠮᠵᠢᠯᠲᠠ ᠣᠯᠵᠤ᠂ ᠳᠠᠬᠢᠨ ᠰᠢᠨ᠎ᠡ ᠭᠠᠪᠢᠶ᠎ᠠ ᠪᠠᠶᠢᠭᠤᠯᠬᠤ ᠬᠡᠷᠡᠭᠲᠡᠢ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号