ᠬᠥᠬᠡᠬᠤᠲᠠ᠄ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠤᠪᠤᠷ ᠪᠠ ᠡᠭᠦᠷᠭᠡᠲᠦ  ᠰᠡᠳᠬᠢᠯᠭᠡ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠦ ᠪᠠᠶᠢᠨ᠎ᠠ
ᠨᠡᠶᠢᠲᠡᠯᠡᠭᠰᠡᠨ ᠴᠠᠭ᠄
2020/11/4
    ᠥᠪᠥᠷ ᠮᠣᠩᠭᠤᠯ ᠤᠨ ᠡᠳᠦᠷ ᠤᠨ ᠰᠣᠨᠢᠨ ᠤ ᠬᠥᠬᠡᠬᠤᠲᠠ ᠶᠢᠨ 11 ᠰᠠᠷ᠎ᠠ ᠶᠢᠨ 1 ᠤ ᠡᠳᠦᠷ ᠤᠨ ᠮᠡᠳᠡᠭᠡ ︵ᠰᠤᠷᠪᠤᠯᠵᠢᠯᠠᠭᠴᠢ ᠵᠧᠩ ᠰᠢᠤᠸᠠᠢ ᠯᠢᠶᠠᠩ︶ 10 ᠰᠠᠷ᠎ᠠ ᠶᠢᠨ 31 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶ᠎ᠠ ᠪᠠᠶᠢᠩᠭᠤ ᠶᠢᠨ ᠭᠡᠰᠢᠭᠦᠳ ᠤᠨ ᠬᠤᠷᠠᠯ ᠬᠤᠷᠠᠯᠳᠤᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠤᠬᠠᠶ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ  ᠬᠤᠯᠪᠤᠭᠳᠠᠯ ᠪᠦᠬᠦᠢ  ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠵᠦ᠂ ᠬᠦᠬᠡᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ ᠢ ᠰᠤᠳᠤᠯᠵᠠᠢ᠃    ᠬᠤᠷᠠᠯ ᠠᠴᠠ ᠵᠢᠭᠠᠵᠦ ᠭᠠᠷᠭᠠᠭᠰᠠᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠲᠡᠮᠡᠴᠡᠯ ᠰᠢᠢᠳᠪᠦᠷᠢᠲᠦ ᠴᠢᠨᠠᠷᠲᠠᠢ ᠠᠮᠵᠢᠯᠲᠠ  ᠤᠯᠵᠦ᠂ ︽ᠬᠤᠣᠰ ᠵᠠᠭᠤᠨ ᠵᠢᠯ︾ ᠤᠨ ᠲᠡᠮᠡᠴᠡᠬᠦ ᠬᠠᠷᠠᠯᠲᠠ ᠲᠡᠦᠬᠡᠲᠦ ᠴᠢᠨᠠᠷᠲᠠᠢ  ᠰᠤᠯᠪᠢᠴᠠᠯ ᠤᠨ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠤᠯᠤᠨ᠎ᠠ᠃ ᠪᠦᠬᠦ ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠤᠯᠤᠰ ᠲᠥᠷᠥ ᠶᠢᠨ᠂ ᠪᠦᠬᠦ ᠲᠠᠯ᠎ᠠ ᠶᠢᠨ᠂ ᠪᠠᠶᠢᠯᠳᠤᠬᠤ ᠪᠣᠳᠣᠯᠭ᠎ᠠ ᠶᠢᠨ ᠦᠨᠳᠦᠷᠴᠡ ᠠᠴᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠤᠷᠢᠳᠤ ᠪᠣᠳᠣᠯᠭ᠎ᠠ  ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠳᠡᠭᠡᠳᠤ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ  ᠤᠪᠤᠷ‌‍ᠪᠣᠯᠤᠨ ᠡᠭᠦᠷᠭᠡᠲᠦ ᠰᠡᠳᠬᠢᠯᠭᠡ ᠪᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠵᠤ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠨᠢᠭᠡᠪᠦᠷᠢ᠂ ᠨᠠᠮ ᠤᠨ ᠭᠡᠰᠢᠭᠦᠨ ᠨᠢᠭᠡᠪᠦᠷᠢ ᠳᠤ ᠦᠨᠡᠨ ᠬᠦ ᠤᠯᠠᠮᠵᠢᠯᠠᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠤᠯᠴᠠᠨ ᠲᠤᠤᠱᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠤᠯᠭᠠᠵᠦ᠂ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢᠨ ᠰᠤᠷᠤᠯᠴᠠᠭ᠎ᠠ ᠶᠢ ᠨᠠᠮ ᠤᠨ ᠬᠡᠰᠢᠭᠦᠨ ᠺᠠᠳ᠋ᠷ ᠤᠨ ᠡᠭᠡᠯᠵᠢ ᠪᠣᠯᠪᠠᠰᠤᠷᠠᠯ ᠳᠤ ᠣᠷᠣᠭᠤᠯᠵᠤ᠂ ᠤᠯᠠᠮᠵᠢᠯᠠᠨ ᠰᠤᠷᠤᠯᠴᠠᠬᠤ ᠶᠢ ᠰᠠᠶᠢᠲᠤᠷ ᠠᠳᠬᠤᠵᠦ᠂ ᠰᠤᠷᠤᠯᠴᠠᠨ ᠤᠬᠠᠭᠤᠯᠬᠤ  ᠦᠷᠨᠢᠯᠲᠡ ᠶᠢ ᠪᠤᠢ ᠪᠣᠯᠭᠠᠬᠤ ᠬᠡᠷᠡᠭᠲᠡᠶ᠃ ᠥᠪᠥᠷ ᠮᠣᠩᠭᠤᠯ ᠤᠨ ᠠᠵᠢᠯ ᠤᠨ ᠲᠤᠬᠠᠶ ᠶᠡᠷᠦᠩᠬᠡᠶ ᠱᠦᠵᠢ ᠰᠢ ᠶᠢᠨ ᠫᠢᠩ ‍ᠤᠨ‌‍ᠴᠢᠬᠤᠯᠠ ᠶᠠᠷᠢᠶ᠎ᠠ᠂ ᠴᠢᠬᠤᠯᠠ ᠵᠢᠭᠠᠪᠤᠷᠢ᠂ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶᠠᠨ ᠤ ᠴᠢᠬᠤᠯᠠ ᠶᠡᠭᠡ  ᠰᠢᠢᠳᠪᠤᠷᠢᠳᠤ ᠪᠤᠲᠤᠯᠭ᠎ᠠ ᠪᠠᠶᠢᠷᠢᠯᠠᠭᠤᠯᠤᠯᠲᠠ ᠲᠠᠢ ᠬᠠᠷᠭᠤᠭᠤᠯᠵᠦ᠂ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ ᠢᠷᠡᠬᠦ ᠵᠢᠯ ᠤᠨ  ᠭᠤᠤᠯᠳᠠᠯᠭ᠎ᠠ ᠲᠠᠢ ᠠᠵᠢᠯ ᠢ ᠨᠠᠷᠢᠨ ᠨᠢᠮᠪᠠᠶ ᠲᠥᠯᠥᠪᠯᠡᠨ ᠰᠠᠶᠢᠲᠤᠷ  ᠬᠢᠬᠦ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠪᠠᠴᠢᠮ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠷᠠᠭᠤᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠡᠨᠡ ᠵᠢᠯ ᠤᠨ ᠡᠯ᠎ᠡ ᠵᠥᠢᠯ ᠤᠨ ᠠᠵᠢᠯ ᠢ ᠬᠢᠨᠠᠮᠠᠭᠠᠶ ᠰᠠᠶᠢᠲᠤᠷ   ᠡᠮᠬᠢᠯᠡᠵᠦ᠂ ᠬᠡᠶᠢᠮᠤᠷᠢ ᠪᠤᠰᠤᠭ᠎ᠠ ᠡᠷᠴᠢ ᠵᠤᠷᠢᠭ  ᠢᠶᠠᠷ ᠣᠳᠣᠬᠠᠨ ᠤ ᠠᠵᠢᠯ ᠢᠶᠠᠨ ᠰᠠᠶᠢᠲᠤᠷ  ᠬᠢᠵᠦ᠂ ᠵᠢᠯ ᠤᠨ ᠡᠴᠦᠰ ᠤᠨ ᠰᠢᠪᠳᠤᠷᠭᠠᠨ ᠤ ᠠᠵᠢᠯ ᠢ ᠰᠠᠶᠢᠳᠤᠷ ᠬᠢᠬᠦ ᠬᠡᠷᠡᠭᠲᠡᠢ᠃ ᠬᠢᠵᠢᠭ  ᠢ ᠰᠡᠷᠭᠡᠶᠢᠯᠡᠨ  ᠬᠤᠷᠢᠭᠯᠠᠬᠤ ᠠᠵᠢᠯ ᠢ ᠡᠬᠢᠨ ᠠᠴᠠ ᠨᠢ ᠳᠠᠭᠤᠰᠲᠠᠯ᠎ᠠ ᠰᠠᠶᠢᠲᠤᠷ ᠠᠳᠬᠤᠵᠦ᠂ ᠭᠤᠤᠯᠳᠠᠯᠭ᠎ᠠ ᠲᠠᠢ  ᠭᠠᠵᠠᠷ  ᠤᠷᠤᠨ ᠤ ᠬᠢᠵᠢᠭ ᠤᠨ ᠰᠡᠷᠭᠡᠶᠢᠯᠡᠨ ᠬᠤᠷᠢᠭᠯᠠᠯᠲᠠ ᠶᠢ ᠪᠠᠶᠢᠩᠭᠤᠵᠢᠭᠤᠯᠬᠤ  ᠬᠡᠷᠡᠭᠲᠡᠶ᠃ ᠴᠢᠬᠤᠯᠠ ᠶᠡᠭᠡ ᠲᠥᠷᠥᠯ ᠵᠦᠢᠯ ᠤᠨ ᠠᠬᠢᠴᠠ ᠶᠢ ᠴᠢᠩᠭ᠎ᠠ ᠠᠩᠬᠠᠷᠴᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ  ᠬᠢᠬᠦ ᠬᠡᠷᠡᠭᠲᠡᠢ᠃ ᠨᠡᠭᠦᠷᠡᠰᠦ ᠰᠢᠲᠠᠭᠠᠬᠤ ᠶᠢ ᠲᠠᠷᠬᠠᠶᠢᠯᠠᠬᠤ᠂ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠠᠵᠢᠯ ᠢ ᠰᠡᠳᠬᠢᠯ ᠲᠠᠯᠪᠢᠨ ᠰᠠᠶᠢᠲᠤᠷ ᠬᠢᠵᠦ ᠠᠶᠤᠯ ᠦᠭᠡᠢ ᠦᠢᠯᠡᠳᠪᠦᠷᠢᠯᠡᠯ᠂ ᠠᠶᠤᠯ ᠦᠭᠡᠢ ᠶᠢᠨ ᠪᠠᠲᠤᠯᠠᠭ᠎ᠠ ᠶᠢ ᠴᠢᠩᠭᠠᠳᠬᠠᠵᠤ᠂ ᠠᠷᠠᠳ ᠤᠨ ᠰᠠᠨᠠᠭ᠎ᠠ ᠶᠢᠨ ᠰᠤᠷᠪᠤᠯᠵᠢᠯᠠᠭ᠎ᠠ᠂ ᠰᠤᠷᠤᠭᠴᠢᠳ ᠤᠨ ᠭᠡᠷ ᠤᠨ ᠰᠤᠷᠪᠤᠯᠵᠢᠯᠠᠭ᠎ᠠ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ︽ᠭᠤᠷᠪᠠᠨ ᠰᠤᠷᠪᠤᠯᠵᠢᠯᠠᠭ᠎ᠠ ᠶᠢ ᠤᠶᠠᠯᠳᠤᠭᠤᠯᠬᠤ︾ ᠠᠵᠢᠯ ᠢ ᠦᠷᠭᠦᠯᠵᠢᠯᠡᠨ  ᠠᠬᠢᠭᠤᠯᠵᠦ᠂ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠬᠠᠮᠵᠢᠯᠴᠠᠨ ᠰᠠᠶᠢᠲᠤᠷ ᠬᠢᠵᠦ᠂ ᠠᠬᠢᠴᠠ ᠪᠠᠨ ᠲᠦᠷᠭᠡᠳᠬᠡᠵᠦ᠂ ᠡᠷᠴᠢᠮ ᠢᠶᠠᠨ ᠴᠢᠩᠭᠠᠷᠠᠭᠤᠯᠵᠤ᠂ ᠡᠯ᠎ᠡ  ᠵᠥᠢᠯ ᠤᠨ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠶ ᠭᠡᠵᠡᠢ᠃http://mongol.people.com.cn/15828730.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号