ᠸᠠᠩ ᠯᠢ ᠰᠢᠶᠠ ᠤᠷᠤᠯᠴᠠᠵᠦ ᠾᠧ ᠬᠠᠢ ᠳ᠋ᠦᠩ ᠦᠭᠡ ᠭᠡᠯᠡᠪᠡ | ᠦᠪᠤᠷ ᠮᠤᠩᠭᠤᠯ ᠤᠨ ᠡᠳᠤᠷ ᠤᠨ ᠰᠤᠨᠢᠨ ᠤ ᠮᠡᠳᠡᠭᠡ ︵ ᠰᠤᠷᠪᠤᠯᠵᠢᠯᠠᠭᠴᠢ ᠫᠧᠩ ᠶᠠᠨ ᠫᠢᠩ ᠯᠢ | ᠬᠠᠢ ᠵᠧᠨ︶ 11 ᠰᠠᠷ᠎ᠠ ᠶᠢᠨ 2 ᠤᠨ ᠡᠳᠤᠷ᠂ ᠮᠠᠨ ᠤ ᠬᠤᠲᠠ ᠶᠢᠨ ᠰᠠᠨᠠᠯ ᠱᠠᠭᠠᠷᠳᠠᠯᠭ᠎ᠠ ᠶᠢ ᠬᠦᠯᠢᠶᠡᠨ | ᠠᠪᠤᠮᠠᠭᠴᠠ ᠭᠦᠢᠴᠡᠳᠭᠡᠬᠦ ᠦᠢᠯᠡᠴᠢᠯᠡᠭᠡᠨ ᠤ ᠲᠦᠪ ᠤᠨ ᠲᠤᠤᠵᠠ ᠬᠠᠶᠢᠴᠢᠯᠠᠬᠤ ᠶᠤᠰᠤᠯᠠᠯ ᠵᠢᠴᠢ ᠵᠠᠭᠪᠤᠷ | ᠤᠷᠴᠢᠯᠲᠠ ᠬᠦᠬᠡᠬᠤᠲᠡ ᠳᠤ ᠶᠠᠪᠤᠭᠳᠠᠪᠠ᠃ ᠡᠨᠡ ᠨᠢ ᠮᠠᠨ ᠤ ᠬᠤᠲᠠ ᠶᠢᠨ ᠬᠤᠲᠠ ᠵᠢᠨᠠᠷᠠᠳ ᠲᠤ ᠦᠢᠯᠡᠴᠢᠯᠡᠬᠦ | ᠬᠠᠯᠠᠮᠰᠢᠯ ᠤᠲᠠᠰᠤ ᠦᠩᠭᠡᠷᠡᠭᠰᠡᠨ ᠤ ︽ᠨᠤᠮᠧᠷ ᠨᠢ ᠬᠡᠳᠦᠷᠡᠬᠡᠢ ᠤᠯᠠᠨ᠂ ᠬᠦᠯᠢᠶᠡᠨ ᠠᠪᠬᠤ ᠭᠠᠵᠠᠷ ᠤᠯᠠᠨ᠂ | ᠦᠷ᠎ᠡ ᠪᠦᠳᠦᠮᠵᠢ ᠲᠤᠤᠷ᠎ᠠ︾ ᠴᠠᠭ ᠦᠶ᠎ᠡ ᠠᠴᠠ ᠠᠶᠠᠷᠯᠠᠵᠦ᠂ ︽ᠨᠢᠭᠡ ᠨᠤᠮᠧᠷ ᠢᠶᠠᠷ ᠨᠡᠶᠢᠲᠡᠮ ᠭᠦᠢᠴᠡᠳᠭᠡᠵᠦ᠂ | ᠪᠦᠳᠦᠮᠵᠢ ᠰᠠᠶᠢᠲᠠᠢ ᠬᠤᠯᠪᠤᠭᠠᠯᠠᠨ ᠬᠦᠳᠡᠯᠬᠦ︾ ᠴᠤ᠋ ᠰᠢᠨ᠎ᠡ ᠬᠡᠯᠪᠡᠷᠢ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠦ | ᠪᠠᠶᠢᠨ᠎ᠠ᠃ | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠬᠤᠲᠠ ᠶᠢᠨ ᠨᠠᠮ | ᠤᠨ ᠬᠤᠷᠢᠶᠠᠨ ᠤ ᠱᠦᠵᠢ ᠸᠠᠩ ᠯᠢ ᠰᠢᠶᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ | ᠳᠠᠷᠤᠭ᠎ᠠ᠂ ᠬᠤᠷᠢᠨᠬᠡᠷ ᠰᠢᠨ᠎ᠡ ᠲᠤᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ ᠵᠠᠩ ᠪᠠᠢ ᠴᠧᠩ ᠨᠠᠷ | ᠬᠦᠬᠡᠬᠤᠲᠠ ᠶᠢᠨ ᠰᠠᠨᠠᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ ᠭᠦᠢᠴᠡᠳᠭᠡᠬᠦ ᠦᠢᠯᠡᠴᠢᠯᠡᠭᠡᠨ ᠤ ᠲᠦᠪ ᠤᠨ | ᠲᠤᠤᠵᠠ ᠬᠠᠶᠢᠴᠢᠯᠠᠵᠦ᠂ ᠸᠠᠩ ᠯᠢ ᠰᠢᠶᠠ᠂ ᠵᠠᠩ ᠪᠠᠢ ᠴᠧᠩ ᠪᠤᠯᠤᠨ ᠦᠪᠡᠷᠲᠡᠭᠡᠨ ᠵᠠᠰᠠᠬᠤ ᠤᠷᠤᠨ ᠤ ᠵᠠᠰᠠᠭ | ᠤᠨ ᠶᠠᠪᠤᠳᠠᠯ ᠤᠨ ᠦᠢᠯᠡᠴᠢᠯᠡᠭᠡᠨ ᠤ ᠲᠤᠪᠴᠢᠶ᠎ᠠ ᠶᠢᠨ ᠲᠤᠪᠴᠢᠶᠠᠨ ᠳᠠᠷᠤᠭ᠎ᠠ ᠪᠤᠤ ᠵᠢᠶᠠᠨ ᠵᠦᠩ᠂ ᠲᠤᠮᠳᠠᠳᠤ | ᠤᠯᠤᠰ ᠤᠨ ᠨᠢᠭᠡᠳᠤᠮᠡᠯ ᠬᠤᠯᠪᠤᠭ᠎ᠠ ᠶᠢᠨ ᠦᠪᠤᠷ ᠮᠤᠩᠭᠤᠯ ᠳᠠᠬᠢ ᠰᠠᠯᠪᠤᠷᠢ ᠺᠤᠮᠫᠠᠨᠢ ᠶᠢᠨ ᠶᠠᠷᠤᠩᠬᠡᠢ ᠵᠠᠬᠢᠷᠤᠯ | ᠰᠢᠥᠢ ᠳ᠋ᠧ ᠰᠢᠶᠠᠩ ᠨᠠᠷ ᠬᠠᠮᠳᠤ ᠪᠠᠷ ᠰᠠᠨᠠᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ ᠭᠦᠢᠴᠡᠳᠭᠡᠬᠦ ᠶᠢ | ᠵᠢᠯᠤᠭᠤᠳᠤᠨ ᠲᠤᠬᠢᠷᠠᠭᠤᠯᠬᠤ ᠲᠦᠪ ᠤᠨ ᠵᠠᠭᠪᠤᠷ ᠤᠷᠴᠢᠯᠲᠠ ᠶᠢᠨ ᠬᠦᠳᠡᠯᠭᠡᠭᠦᠷ ᠢ ᠬᠦᠳᠡᠯᠭᠡᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ | ᠤ ᠱᠦᠵᠢ ᠾᠧ ᠬᠠᠢ ᠳ᠋ᠦᠩ ᠶᠤᠰᠤᠯᠠᠯ ᠳᠡᠭᠡᠷ᠎ᠡ ᠦᠭᠡ ᠬᠡᠯᠡᠪᠡ᠃ ᠲᠡᠷᠡ ᠬᠡᠯᠡᠬᠦ ᠳᠡᠭᠡᠨ᠂ ︽ᠰᠠᠨᠠᠯ ᠱᠠᠭᠠᠷᠳᠠᠯᠭ᠎ᠠ | ᠶᠢ ᠬᠦᠯᠢᠶᠡᠨ ᠠᠪᠤᠮᠠᠭᠴᠠ ᠭᠦᠢᠴᠡᠳᠭᠡᠬᠦ︾ ᠬᠠᠯᠠᠮᠰᠢᠯ ᠤᠲᠠᠰᠤᠨ ᠤ ᠦᠢᠯᠡᠴᠢᠯᠡᠭᠡᠨ ᠤ ᠳᠠᠪᠴᠠᠩ ᠤᠨ | ᠪᠠᠶᠢᠭᠤᠯᠤᠯᠲᠠ ᠪᠤᠯ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠠᠨ ᠲᠦᠮᠡᠨ ᠲᠠᠢ ᠨᠢᠭᠲᠠ | ᠬᠠᠷᠢᠯᠴᠠᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠤᠶᠢᠯᠠᠭᠠᠭᠳᠠᠬᠤᠨ ᠢ ᠭᠦᠨᠵᠡᠭᠡᠢ | ᠪᠤᠲᠠᠲᠠᠶᠢᠵᠢᠭᠤᠯᠬᠤ ᠦᠢᠯᠡᠳᠦᠯᠭᠡ ᠮᠥᠨ᠂ ᠦᠷᠭᠡᠨ ᠤᠯᠠᠨ ᠲᠦᠮᠡᠨ ᠢᠳᠡᠪᠬᠢᠲᠡᠢ ᠤᠷᠤᠯᠴᠠᠵᠦ᠂ ᠦᠢᠯᠡᠴᠢᠯᠡᠭᠡ ᠳᠤ | ᠬᠢᠨᠠᠯᠲᠠ ᠲᠠᠯᠪᠢᠵᠦ ᠰᠠᠨᠠᠯ ᠲᠤᠷᠠᠳᠬᠤ ᠶᠢ ᠤᠭᠳᠤᠵᠦ ᠪᠠᠶᠢᠨ᠎ᠠ᠃ ᠰᠢᠨ᠎ᠡ ᠪᠠᠶᠢᠭᠤᠯᠤᠭᠳᠠᠭᠰᠠᠨᠰᠠᠨᠠᠯ ᠱᠠᠭᠠᠷᠳᠠᠯᠭ᠎ᠠ | ᠶᠢ ᠬᠦᠯᠢᠶᠡᠨ ᠠᠪᠤᠮᠠᠭᠴᠠ ᠭᠦᠢᠴᠡᠳᠭᠡᠬᠦ ᠦᠢᠯᠡᠴᠢᠯᠡᠭᠡᠨ ᠤ ᠲᠦᠪ ᠨᠢ ᠠᠷᠠᠳ ᠲᠦᠮᠡᠨ ᠤ ᠵᠤᠭᠰᠤᠯᠲᠠ ᠶᠢ ᠪᠠᠳᠤ | ᠰᠠᠬᠢᠵᠦ᠂ ᠲᠦᠪ ᠬᠤᠲᠠ ᠶᠢᠨ ᠤᠯᠠᠨ ᠲᠦᠮᠡᠨ ᠳᠤ ᠦᠢᠯᠡᠴᠢᠯᠡᠬᠦ ᠳᠡᠭᠡᠷ᠎ᠡ ᠦᠯᠢᠭᠡᠷ ᠳᠠᠭᠤᠷᠢᠶᠠᠯ ᠪᠤᠰᠬᠠᠵᠦ᠂ | ᠠᠵᠢᠯ ᠤᠨ ᠴᠢᠳᠠᠪᠤᠷᠢ ᠪᠠᠨ ᠴᠢᠩᠭᠠᠷᠠᠭᠤᠯᠵᠦ᠂ ᠲᠤᠬᠠᠶᠢᠯᠠᠭᠰᠠᠨ ᠠᠵᠢᠯ ᠢᠶᠠᠨ ᠰᠠᠶᠢᠳᠤᠷ ᠬᠢᠬᠦ ᠳᠡᠭᠡᠷ᠎ᠡ ᠦᠯᠢᠭᠡᠷ | ᠳᠠᠭᠤᠷᠢᠶᠠᠯ ᠪᠤᠰᠬᠠᠵᠦ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠦ᠂ ᠲᠡᠷᠢᠭᠦᠨ ᠤ ᠡᠩᠨᠡᠭᠡ | ᠶᠢ ᠪᠠᠶᠢᠭᠤᠯᠬᠤ ᠳᠡᠭᠡᠷ᠎ᠡ ᠦᠯᠢᠭᠡᠷ ᠳᠠᠭᠤᠷᠢᠶᠠᠯ ᠪᠤᠰᠬᠠᠵᠦ᠂ ︽ᠰᠠᠨᠠᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ | ᠭᠦᠢᠴᠡᠳᠭᠡᠬᠦ︾ ᠠᠵᠢᠯ ᠢ ᠤᠯᠠᠮ ᠠᠴᠠ ᠤᠯᠠᠮ ᠰᠠᠶᠢᠨ ᠬᠢᠬᠦ ᠶᠢ ᠬᠦᠰᠡᠵᠦ ᠪᠠᠶᠢᠨ᠎ᠠ ᠭᠡᠪᠡ᠃ | ᠶᠤᠰᠤᠯᠠᠯ ᠲᠡᠭᠦᠰᠦᠭᠰᠡᠨ ᠤ ᠳᠠᠷᠠᠭ᠎ᠠ ᠸᠠᠩ ᠯᠢ ᠰᠢᠶᠠᠨᠠᠷ ᠠᠬᠤᠢ ᠲᠠᠯᠠᠪᠠᠢ ᠳᠤ 12345 ᠰᠠᠨᠠᠯ | ᠱᠠᠭᠠᠷᠳᠠᠯᠭ᠎ᠠ ᠶᠢ ᠬᠦᠯᠢᠶᠡᠨ ᠠᠪᠤᠮᠠᠭᠴᠠ ᠭᠦᠢᠴᠡᠳᠭᠡᠬᠦ ᠦᠢᠯᠡᠴᠢᠯᠡᠭᠡᠨ ᠤ ᠲᠦᠪ ᠤᠨ ᠵᠠᠭᠪᠤᠷ ᠤᠷᠴᠢᠯᠲᠠ ᠶᠢᠨ | ᠠᠵᠢᠯᠯᠠᠭᠠᠨ ᠤ ᠪᠠᠶᠢᠳᠠᠯ ᠪᠤᠯᠤᠨ ︽ᠰᠠᠨᠠᠯ ᠱᠠᠭᠠᠷᠳᠠᠯᠭ᠎ᠠ ᠶᠢ ᠬᠦᠯᠢᠶᠡᠨ ᠠᠪᠤᠮᠠᠭᠴᠠ ᠭᠦᠢᠴᠡᠳᠭᠡᠬᠦ︾ ᠶᠢ | ᠵᠢᠯᠤᠭᠤᠳᠤᠨ ᠲᠤᠬᠢᠷᠠᠭᠤᠯᠬᠤ ᠲᠦᠪ ᠤᠨ ᠠᠵᠢᠯᠯᠠᠭᠠᠨ ᠤ ᠪᠠᠶᠢᠳᠠᠯ ᠢ ᠲᠤᠭᠤᠷᠢᠨ ᠦᠵᠡᠭᠰᠡᠨ ᠪᠦᠭᠡᠳ ᠬᠤᠯᠪᠤᠭᠳᠠᠯ | ᠪᠦᠬᠦᠢ ᠠᠵᠢᠯ ᠳᠤ ᠪᠤᠳᠠᠲᠠᠢ ᠱᠠᠭᠠᠷᠳᠠᠯᠭ᠎ᠠ ᠲᠤᠷᠠᠳᠤᠭᠰᠠᠨ ᠪᠠᠶᠢᠨ᠎ᠠ᠃ | | | http://mongol.people.com.cn/15828733.html |