ᠸᠠᠩ ᠯᠢ ᠰᠢᠶᠠ  ᠵᠠᠩ ᠪᠠᠢ ᠴᠧᠩ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠬᠤᠢ ᠲᠠᠯᠠᠪᠠᠢ ᠶᠢᠨ ᠳᠠᠩᠰᠠᠯᠠᠯᠲᠠ ᠳᠤ ᠣᠷᠣᠯᠴᠠᠪᠠ
ᠨᠡᠶᠢᠲᠡᠯᠡᠭᠰᠡᠨ ᠴᠠᠭ᠄
2020/11/4
      ︵ᠰᠤᠷᠪᠤᠯᠵᠢᠯᠠᠭᠴᠢ ᠹᠧᠩ ᠶᠠᠨ ᠫᠢᠩ︶ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠬᠤᠢ ᠲᠠᠯᠠᠪᠠᠢ ᠶᠢᠨ ᠳᠠᠩᠰᠠᠯᠠᠯᠲᠠ ᠡᠬᠢᠯᠡᠭᠰᠡᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠲᠤᠰ ᠲᠤᠰ ︽ᠡᠬᠡ ᠤᠯᠤᠰ ᠤᠨ ᠨᠡᠷ᠎ᠡ ᠪᠦᠷᠢᠳᠬᠡᠯ︾ ᠢ ᠬᠦᠯᠢᠶᠡᠵᠦ᠂ ᠥᠪᠡᠷ ᠤᠨ ᠤᠬᠠᠮᠰᠠᠷ ᠠᠴᠠ ᠪᠠᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠬᠤᠢ ᠲᠠᠯᠠᠪᠠᠢ ᠶᠢᠨ ᠳᠠᠩᠰᠠᠯᠠᠯᠲᠠ ᠳᠤ ᠣᠷᠣᠯᠴᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠠᠰᠠᠭᠤᠯᠲᠠ ᠶᠢ ᠨᠢᠭᠡᠳ ᠨᠢᠭᠡ ᠪᠠᠷ ᠨᠠᠷᠢᠨ ᠬᠢᠨᠠᠮᠠᠭᠠᠢ ᠬᠠᠷᠢᠭᠤᠯᠵᠤ᠂ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠵᠢᠯᠣᠭᠤᠳᠤᠯᠭ᠎ᠠ ᠳᠣᠣᠷ᠎ᠠ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠤᠭᠯᠠᠭᠤᠯᠬᠤ ᠰᠢᠰᠲ᠋ᠧᠮ ᠳᠡᠭᠡᠷ᠎ᠡ ᠥᠪᠡᠷ ᠤᠨ ᠨᠡᠶᠢᠳᠡᠮ ᠪᠠᠶᠢᠴᠠᠭᠠᠯᠲᠠ ᠶᠢᠨ ᠮᠡᠳᠡᠭᠡ ᠵᠠᠩᠭᠢ ᠪᠠᠨ ᠪᠠᠲᠤᠯᠠᠵᠤ᠂ ᠪᠣᠳᠠᠲᠤ ᠦᠢᠯᠡ ᠠᠵᠢᠯᠯᠠᠭ᠎ᠠ ᠪᠠᠷ ᠢᠶᠠᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠳᠡᠮᠵᠢᠪᠡ᠃      ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠰᠢᠨ᠎ᠡ ᠴᠠᠭ ᠦᠶ᠎ᠡ ᠳᠤ ᠣᠷᠣᠭᠰᠠᠨ ᠤ ᠳᠠᠷᠠᠭ᠎ᠠ ᠥᠷᠨᠢᠭᠦᠯᠦᠭᠰᠡᠨ ᠴᠢᠬᠤᠯᠠ ᠶᠡᠭᠡ ᠤᠯᠤᠰ ᠤᠨ ᠪᠠᠶᠢᠳᠠᠯ ᠤᠯᠤᠰ ᠤᠨ ᠬᠦᠴᠦᠨ ᠤ ᠪᠠᠶᠢᠴᠠᠭᠠᠯᠲᠠ ᠮᠥᠨ᠂ ᠮᠠᠨ ᠤ ᠤᠯᠤᠰ ᠤᠨ ᠬᠥᠮᠥᠨ ᠠᠮᠠ ᠶᠢᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠪᠤᠰᠤᠳᠴᠢ ᠪᠠᠷ ᠲᠤᠰᠬᠠᠵᠤ᠂ ᠬᠥᠮᠥᠨ ᠠᠮᠠ ᠶᠢᠨ ᠤᠷᠲᠤ ᠬᠤᠭᠤᠴᠠᠭᠠᠨ ᠤ ᠲᠡᠩᠴᠡᠭᠦᠷᠢ ᠲᠠᠢ ᠬᠥᠭᠵᠢᠯᠲᠡ ᠶᠢ ᠠᠬᠢᠭᠤᠯᠬᠤ ᠴᠢᠬᠤᠯᠠ ᠦᠨᠳᠦᠰᠦᠨ ᠪᠠᠲᠤᠯᠠᠭ᠎ᠠ ᠮᠦᠨ᠂ ᠮᠠᠨ ᠤ ᠬᠤᠲᠠ ᠶᠢᠨ ᠬᠥᠮᠥᠨ ᠠᠮᠠ ᠶᠢᠨ ᠶᠡᠷᠦᠩᠬᠡᠢ ᠲᠤᠭ᠎ᠠ᠂ ᠪᠦᠲᠦᠴᠡ᠂ ᠲᠠᠷᠬᠠᠯᠲᠠ᠂ ᠬᠤᠲᠠ ᠬᠥᠳᠡᠭᠡ ᠶᠢᠨ ᠣᠷᠣᠨ ᠰᠠᠭᠤᠴᠠ ᠵᠡᠷᠭᠡ ᠶᠢᠨ ᠪᠠᠶᠢᠳᠠᠯ ᠢ ᠪᠦᠬᠦ ᠲᠠᠯ᠎ᠠ ᠪᠠᠷ  ᠣᠶᠢᠯᠠᠭᠠᠵᠤ᠂  ᠬᠥᠮᠥᠨ ᠠᠮᠠ ᠶᠢᠨ ᠬᠤᠪᠢᠷᠠᠯᠲᠠ ᠶᠢᠨ ᠬᠠᠨᠳᠤᠰᠢ ᠶᠢᠨ ᠣᠨᠴᠠᠯᠢᠭ ᠢ ᠣᠨᠣᠪᠴᠢᠲᠠᠢ ᠡᠵᠡᠮᠰᠢᠨ᠂ ᠰᠢᠨᠵᠢᠯᠡᠬᠦ ᠤᠬᠠᠭᠠᠨᠴᠢ ᠪᠠᠷ ᠪᠠᠶᠢᠯᠳᠤᠬᠤ ᠪᠣᠳᠣᠯᠭ᠎ᠠ ᠲᠣᠭᠲᠠᠭᠠᠬᠤ᠂ ᠬᠥᠮᠥᠨ ᠠᠮᠠ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠲᠤᠯᠭᠠᠭᠤᠷᠢᠯᠠᠯ ᠪᠣᠯᠬᠤ ᠶᠤᠮ᠃      ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠴᠠ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢ ᠤᠯᠤᠰ ᠤᠨ ᠨᠡᠶᠢᠳᠡᠮ ᠪᠠᠶᠢᠴᠠᠭᠠᠯᠲᠠ ᠶᠢᠨ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ᠂ ᠲᠥᠰᠥᠯ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠪᠠ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠰᠢᠨᠵᠢᠯᠡᠬᠦ ᠤᠬᠠᠭᠠᠨᠴᠢ ᠪᠠᠷ ᠨᠡᠶᠢᠳᠡᠮ ᠪᠠᠶᠢᠴᠠᠭᠠᠵᠤ᠂ ᠬᠠᠤᠯᠢ ᠶᠣᠰᠣᠭᠠᠷ ᠨᠡᠶᠢᠳᠡᠮ ᠪᠠᠶᠢᠴᠠᠭᠠᠵᠤ᠂ ᠠᠬᠤᠢ ᠲᠠᠯᠠᠪᠠᠢ ᠶᠢᠨ ᠳᠠᠩᠰᠠᠯᠠᠯᠲᠠ ᠶᠢᠨ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠨ ᠬᠢᠵᠦ᠂ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠬᠤᠲᠠ ᠶᠢᠨ ᠪᠦᠬᠦ ᠠᠷᠠᠳ ᠢ᠂ ᠤᠷᠢᠶᠠᠯᠠᠭ᠎ᠠ ᠶᠢ ᠢᠳᠡᠪᠬᠢᠲᠡᠢ ᠳᠠᠭᠠᠵᠤ᠂ ᠨᠡᠶᠢᠳᠡᠮ ᠪᠠᠶᠢᠴᠠᠭᠠᠯᠲᠠ ᠶᠢᠨ ᠪᠠᠶᠢᠭᠤᠯᠤᠮᠵᠢ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠤ ᠬᠠᠤᠯᠢ ᠶᠣᠰᠣᠭᠠᠷ ᠠᠵᠢᠯ ᠢᠶᠠᠨ ᠬᠢᠬᠦ ᠶᠢ ᠳᠡᠮᠵᠢᠨ᠂ ᠰᠠᠨᠠᠭᠠᠴᠢᠯᠠᠭ᠎ᠠ ᠠᠴᠠ ᠪᠠᠨ ᠢᠳᠡᠪᠬᠢᠲᠡᠢ ᠪᠠᠷ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠳᠤ ᠬᠤᠪᠢ ᠬᠥᠮᠥᠨ ᠪᠠ ᠭᠡᠷ ᠪᠦᠯᠢ ᠶᠢᠨ ᠢᠶᠠᠨ ᠣᠨᠣᠪᠴᠢᠲᠠᠢ ᠨᠡᠶᠢᠳᠡᠮ ᠪᠠᠶᠢᠴᠠᠭᠠᠯᠲᠠ ᠶᠢᠨ ᠮᠡᠳᠡᠭᠡ ᠵᠠᠩᠭᠢ ᠪᠠᠨ ᠬᠠᠩᠭᠠᠵᠤ᠂ ᠨᠡᠶᠢᠳᠡᠮ ᠪᠠᠶᠢᠴᠠᠭᠠᠯᠲᠠ ᠶᠢᠨ ᠬᠦᠰᠦᠨᠦᠭᠲᠦ ᠶᠢ ᠦᠨᠡᠨ ᠪᠣᠳᠠᠲᠠᠢ ᠪᠠᠷ ᠲᠠᠭᠯᠠᠵᠤ᠂ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠤᠨᠤᠪᠴᠢᠳᠠᠢ ᠪᠠᠶᠢᠬᠤ ᠶᠢ ᠪᠠᠲᠤᠯᠠᠬᠤ ᠶᠢ ᠬᠦᠰᠡᠵᠡᠢ᠃      ᠨᠡᠶᠢᠳᠡᠮ ᠪᠠᠶᠢᠴᠠᠭᠠᠯᠲᠠ ᠶᠢᠨ ᠠᠵᠢᠯ ᠤᠨ ᠯᠠᠪᠳᠠᠭᠤᠨ ᠪᠠᠲᠤᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠮᠠᠨ ᠤ ᠬᠤᠲᠠ ᠠᠴᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠰᠢᠯᠢᠵᠦ ᠤᠷᠢᠨ ᠬᠡᠷᠡᠭᠯᠡᠭᠰᠡᠨ 16387 ᠨᠡᠶᠢᠳᠡᠮ ᠪᠠᠶᠢᠴᠠᠭᠠᠯᠲᠠ ᠶᠢᠨ ᠵᠢᠯᠣᠭᠤᠳᠤᠭᠴᠢ ᠪᠠ ᠨᠡᠶᠢᠳᠡᠮ ᠪᠠᠶᠢᠴᠠᠭᠠᠯᠲᠠ ᠶᠢᠨ ᠠᠵᠢᠯᠲᠠᠳ ᠲᠤ ᠪᠣᠯᠪᠠᠰᠤᠷᠠᠭᠤᠯᠤᠯ ᠬᠦᠷᠲᠡᠭᠡᠵᠦ  ᠂ ᠣᠳᠣᠬᠠᠨ ᠳᠤ ᠪᠠᠶᠢᠳᠠᠯ ᠢ ᠣᠶᠢᠯᠠᠭᠠᠬᠤ ᠠᠵᠢᠯ ᠠᠮᠵᠢᠯᠲᠠ ᠲᠠᠢ ᠲᠡᠭᠦᠰᠴᠦ᠂ ᠨᠡᠶᠢᠳᠡᠮ ᠪᠠᠶᠢᠴᠠᠭᠠᠯᠲᠠ ᠶᠢᠨ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号