ᠬᠤᠲᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶ᠎ᠠ ᠭᠤᠷᠪᠠᠳᠤᠭᠠᠷ ᠤᠳᠠᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/4
ᠸᠠᠩ ᠯᠢ ᠰᠢᠶᠠ ᠡᠷᠬᠢᠯᠡᠵᠦ  ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠲᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ  ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠢᠳᠤᠭᠠᠷ ᠤᠳᠠᠭ᠎ᠠ ᠶᠢᠨ ᠢᠷᠭᠡᠨ ᠤ ᠬᠠᠤᠯᠢ ᠶᠢᠨ ᠪᠢᠴᠢᠭ ᠤᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠣᠷᠣᠨ ᠢᠶᠠᠨ ᠵᠠᠰᠠᠬᠤ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠡᠷᠭᠡ ᠶᠢ ᠤᠯᠠᠮᠵᠢᠯᠠᠨ ᠰᠤᠷᠤᠯᠴᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠪᠠᠷ ᠬᠤᠲᠠ ᠪᠠᠨ ᠵᠠᠰᠠᠬᠤ ᠬᠤᠷᠢᠶ᠎ᠠ  ᠶᠢᠨ ᠠᠯᠪᠠᠨ ᠭᠡᠷ ᠤᠨ 2020 ᠣᠨ ᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠳᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃      ᠸᠠᠩ ᠯᠢ ᠰᠢᠶᠠ ᠵᠢᠭᠠᠬᠤ ᠳᠠᠭᠠᠨ᠂ ᠨᠢᠳᠤᠨᠤᠨ ᠠᠴᠠ ᠨᠠᠭᠠᠰᠢ᠂ ᠪᠦᠬᠦ ᠬᠤᠲᠠ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠴᠢᠬᠤᠯᠠ ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠬᠠᠤᠯᠢ ᠶᠢ ᠴᠢᠩᠭ᠎ᠠ ᠬᠡᠷᠡᠭᠵᠢᠭᠦᠯᠬᠦ᠂ ᠬᠠᠤᠯᠢ ᠴᠠᠭᠠᠵᠠ ᠶᠢᠨ ᠲᠥᠪ ᠭᠤᠣᠯᠴᠢ᠂ ᠪᠦᠬᠦ ᠠᠷᠠᠳ ᠬᠠᠤᠯᠢ ᠶᠢ ᠰᠠᠬᠢᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠤᠯᠢ ᠪᠠᠷ ᠬᠤᠲᠠ ᠪᠠᠨ ᠵᠠᠰᠠᠬᠤ ᠠᠵᠢᠯ ᠰᠢᠨ᠎ᠡ ᠳᠠᠪᠰᠢᠯᠲᠠ᠂ ᠰᠢᠨ᠎ᠡ ᠦᠷ᠎ᠡ ᠪᠦᠲᠦᠮᠵᠢ ᠣᠯᠣᠭᠰᠠᠨ ᠪᠣᠯᠪᠠᠴᠤ ᠬᠠᠤᠯᠢ ᠲᠣᠭᠲᠠᠭᠠᠬᠤ ᠶᠠᠰᠤ ᠴᠢᠨᠠᠷ ᠬᠢᠭᠡᠳ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠶᠢᠨ ᠵᠢᠷᠤᠮᠵᠢᠯ ᠤᠨ ᠬᠢᠷᠢ ᠲᠦᠪᠰᠢᠨ ᠥᠨᠳᠥᠷ ᠪᠤᠰᠤ᠂ ᠬᠠᠤᠯᠢᠵᠢᠭᠰᠠᠨ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠬᠤ ᠴᠢᠬᠤᠯᠠᠲᠠᠢ ᠠᠰᠠᠭᠤᠳᠠᠯ ᠪᠠᠰᠠ ᠣᠷᠣᠰᠢᠭᠰᠠᠭᠠᠷ ᠪᠠᠶᠢᠵᠤ ᠂ ᠬᠠᠤᠯᠢᠵᠢᠯ ᠤᠨ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠮᠥᠨ ᠯᠠ ᠡᠭᠦᠷᠭᠡ ᠬᠦᠨᠳᠦ ᠵᠠᠮ ᠬᠤᠯᠠ ᠪᠠᠶᠢᠨ᠎ᠠ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠲᠠᠯ᠎ᠠ ᠠᠴᠠ ᠬᠠᠨᠳᠤᠵᠤ᠂ ᠬᠠᠤᠯᠢᠵᠢᠯ ᠤᠨ ᠪᠦᠲᠦᠭᠡᠨ ᠪᠠᠶᠢᠭᠤᠯᠤᠯᠲᠠ ᠶᠢ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠬᠦ ᠪᠣᠳᠠᠲᠠᠢ ᠠᠵᠢᠯᠯᠠᠭ᠎ᠠ ᠪᠣᠯᠭᠠᠨ᠂ ᠨᠡᠩ ᠥᠨᠳᠥᠷ ᠪᠠᠶᠢᠷᠢᠨ ᠠᠴᠠ ᠨᠡᠩ ᠶᠡᠭᠡ ᠬᠦᠴᠦᠨ ᠴᠢᠳᠠᠯ ᠢᠶᠠᠷ᠂ ᠨᠡᠩ ᠥᠨᠳᠥᠷ ᠪᠠᠷᠢᠮᠵᠢᠶ᠎ᠠ ᠪᠠᠷ ᠬᠠᠤᠯᠢ ᠲᠣᠭᠲᠠᠭᠠᠬᠤ᠂ ᠬᠠᠤᠯᠢ ᠰᠠᠬᠢᠬᠤ᠂ ᠬᠠᠤᠯᠢ ᠶᠢ ᠲᠦᠭᠡᠮᠡᠯᠵᠢᠭᠦᠯᠬᠦ᠂ ᠬᠠᠤᠯᠢ ᠬᠡᠷᠡᠭᠵᠢᠭᠦᠯᠬᠦ᠂ ᠬᠠᠤᠯᠢ ᠴᠠᠭᠠᠵᠠ ᠵᠡᠷᠭᠡ ᠲᠠᠯ᠎ᠠ ᠶᠢᠨ ᠳᠣᠪᠣᠶᠢᠮ᠎ᠠ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠬᠠᠤᠯᠢ ᠪᠠᠷ ᠬᠤᠲᠠ ᠪᠠᠨ ᠵᠠᠰᠠᠬᠤ ᠴᠢᠳᠠᠪᠤᠷᠢ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠵᠠᠩᠭᠢᠯᠠᠭ᠎ᠠ ᠶᠢᠨ ᠲᠠᠯ᠎ᠠ ᠠᠴᠠ ᠡᠬᠢᠯᠡᠨ ᠬᠦᠴᠦᠯᠡᠵᠦ᠂ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠬᠠᠤᠯᠢ ᠪᠠᠷ ᠵᠠᠰᠠᠬᠤ ᠶᠢᠨ ᠬᠥᠲᠥᠯᠥᠨ ᠵᠢᠯᠣᠭᠤᠳᠬᠤ ᠪᠠ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ︔ ᠠᠷᠠᠳ ᠤᠯᠠᠨ ᠤ ᠬᠠᠮᠤᠭ ᠠᠴᠠ ᠲᠤᠯᠭᠠᠮᠳᠠᠭᠰᠠᠨ᠂ ᠬᠠᠮᠤᠭ ᠠᠴᠠ ᠵᠣᠪᠠᠭᠰᠠᠨ᠂ ᠬᠠᠮᠤᠭ ᠠᠴᠠ ᠬᠦᠰᠡᠭᠰᠡᠨ ᠤᠴᠢᠷ ᠲᠠᠢ ᠨᠢᠭᠲᠠ ᠤᠶᠠᠯᠳᠤᠭᠤᠯᠤᠨ᠂ ᠬᠠᠤᠯᠢ ᠲᠣᠭᠲᠠᠭᠠᠬᠤ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ︔ ᠰᠠᠶᠢᠨ ᠬᠠᠤᠯᠢ ᠪᠠᠷ ᠰᠠᠶᠢᠬᠠᠨ ᠵᠠᠰᠠᠬᠤ ᠶᠢ ᠪᠠᠲᠤᠯᠠᠬᠤ ᠲᠠᠢ ᠨᠢᠭᠲᠠ ᠤᠶᠠᠯᠳᠤᠭᠤᠯᠤᠨ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠳᠡᠭᠡᠷ᠎ᠡ ᠬᠦᠴᠦ ᠲᠠᠯᠪᠢᠬᠤ ᠬᠡᠷᠡᠭᠲᠡᠶ︔ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠤᠢ ᠪᠣᠯᠭᠠᠬᠤ ᠲᠠᠢ ᠨᠢᠭᠲᠠ ᠤᠶᠠᠯᠳᠤᠭᠤᠯᠤᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠦᠷᠭᠦᠯᠵᠢᠯᠡᠨ ᠲᠦᠯᠬᠢᠨ ᠠᠬᠢᠭᠤᠯᠬᠤ ᠬᠡᠷᠡᠭᠲᠡᠢ︔ ᠠᠷᠠᠳ ᠲᠦᠮᠡᠨ ᠤ ᠡᠷᠬᠡ ᠠᠰᠢᠭ ᠤᠨ ᠪᠡᠶᠡᠯᠡᠭᠳᠡᠯ ᠪᠠ ᠬᠥᠭᠵᠢᠯᠲᠡ ᠶᠢ ᠪᠠᠲᠤᠯᠠᠬᠤ ᠲᠠᠢ ᠨᠢᠭᠲᠠ ᠤᠶᠠᠯᠳᠤᠭᠤᠯᠤᠨ᠂ ᠢᠷᠭᠡᠨ ᠤ ᠬᠠᠤᠯᠢ ᠶᠢᠨ ᠪᠢᠴᠢᠭ ᠢ ᠭᠦᠨᠵᠡᠭᠡᠶ ᠰᠤᠷᠤᠯᠴᠠᠨ ᠤᠬᠠᠭᠤᠯᠵᠤ ᠬᠡᠷᠡᠭᠵᠢᠭᠦᠯᠬᠦ ᠬᠡᠷᠡᠭᠲᠡᠢ︔ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ ᠬᠠᠮᠠᠭᠠᠯᠠᠬᠤ ᠲᠠᠢ ᠨᠢᠭᠲᠠ ᠤᠶᠠᠯᠳᠤᠭᠤᠯᠤᠨ᠂ ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ︔ ᠨᠡᠶᠢᠭᠡᠮ ᠨᠡᠶᠢᠲᠡ ᠳᠤ ᠬᠠᠤᠯᠢ ᠪᠠᠷ ᠵᠠᠰᠠᠬᠤ ᠢᠲᠡᠭᠡᠯ ᠪᠢᠰᠢᠷᠡᠯ ᠢ ᠪᠤᠢ ᠪᠣᠯᠭᠠᠵᠤ᠂ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠢ ᠭᠦᠨᠵᠡᠭᠡᠶ ᠥᠷᠨᠢᠭᠦᠯᠬᠦ ᠬᠡᠷᠡᠭᠲᠡᠢ ᠭᠡᠵᠡᠢ᠃       ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠵᠠᠩ ᠶᠢᠨ ᠫᠢᠩ᠂ ᠴᠠᠩ ᠫᠧᠶ ᠵᠥᠩ᠂ ᠪᠠᠶ ᠶᠦᠩ ᠫᠢᠩ᠂ ᠡᠤ ᠸᠧᠨ ᠮᠢᠩ᠂ ᠯᠠᠨ ᠹᠧᠩ᠂ ᠮᠠᠤ ᠪᠦᠦ ᠹᠧᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠬᠠᠤᠯᠢ ᠪᠠᠷ ᠬᠤᠲᠠ ᠪᠠᠨ ᠵᠠᠰᠠᠬᠤ ᠬᠤᠷᠢᠶ᠎ᠠ ᠶᠢᠨ ᠠᠯᠪᠠᠨ ᠭᠡᠷ ᠤᠨ ᠭᠡᠰᠢᠭᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号