ᠬᠥᠬᠡᠬᠤᠲᠠ ᠶᠢᠨ ᠡᠨᠡ ᠵᠢᠯ ᠤᠨ ᠶᠠᠳᠠᠭᠤ ᠶᠢ ᠲᠡᠳᠬᠦᠬᠦ ᠦᠢᠯᠡᠳᠭᠦᠨ ᠤ ᠪᠣᠷᠣᠯᠠᠭᠤᠯᠤᠯᠲᠠ 2.13 ᠳ᠋ᠦᠩᠰᠢᠭᠤᠷ ᠲᠥᠭᠦᠷᠢᠭ ᠲᠤ ᠬᠥᠷᠪᠡ
ᠨᠡᠶᠢᠲᠡᠯᠡᠭᠰᠡᠨ ᠴᠠᠭ᠄
2020/11/4
    ᠥᠪᠥᠷ ᠮᠣᠩᠭᠤᠯ ᠤᠨ ᠡᠳᠦᠷ ᠤᠨ ᠰᠣᠨᠢᠨ ᠤ ᠬᠥᠬᠡᠬᠤᠲᠠ ᠶᠢᠨ 11 ᠰᠠᠷ᠎ᠠ ᠶᠢᠨ 1 ᠤ ᠡᠳᠦᠷ ᠤᠨ ᠮᠡᠳᠡᠭᠡ ︵ᠰᠤᠷᠪᠤᠯᠵᠢᠯᠠᠭᠴᠢ ᠯᠢᠦ ᠶᠠᠩ︶ ᠬᠥᠬᠡᠬᠤᠲᠠ ᠶᠢᠨ ᠬᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠴᠢᠬᠤᠯᠠ ᠭᠠᠷᠳᠠᠴᠠ ᠪᠣᠯᠭᠠᠵᠤ᠂ ᠤᠳᠤᠬᠠᠨ ᠳᠤ᠂ ᠶᠠᠳᠠᠭᠤ ᠶᠢ ᠲᠡᠳᠬᠦᠬᠦ ᠦᠢᠯᠡᠳᠭᠦᠨ ᠤ ᠪᠣᠷᠣᠯᠠᠭᠤᠯᠤᠯᠲᠠ 2.13ᠳ᠋ᠦᠩᠰᠢᠭᠤᠷ‌‍ᠲ᠋ᠥ᠋ᠭᠦᠷᠢᠭ ᠲᠤ ᠬᠦᠷᠴᠦ᠂ ᠨᠢᠳᠤᠨᠤᠨ ᠤ ᠪᠥᠬᠦ ᠵᠢᠯ ᠤᠨ ᠪᠣᠷᠣᠯᠠᠭᠤᠯᠤᠯᠲᠠ ᠠᠴᠠ ᠬᠤᠶᠠᠷ ᠳᠠᠬᠢᠨ ᠨᠡᠮᠡᠭᠳᠡᠪᠡ᠃    ᠬᠦᠬᠡᠬᠤᠲᠡ ᠶᠢᠨ ᠰᠢᠨ᠎ᠡ ᠪᠠᠷ ᠪᠠᠶᠢᠭᠤᠯᠤᠭᠰᠠᠨ 1000 ᠲᠡᠭᠰᠢ ᠳᠥᠷᠪᠡᠯᠵᠢᠨ ᠮᠧᠲᠷ ᠤᠨ ᠲᠠᠯᠠᠪᠠᠢ ᠪᠦᠬᠦᠢ ᠬᠡᠷᠡᠭᠯᠡᠭᠡ ᠪᠠᠷ ᠶᠠᠳᠠᠭᠤ ᠶᠢ ᠲᠡᠳᠬᠦᠬᠦ ᠲᠥᠪᠯᠡᠷᠡᠭᠦᠯᠦᠨ ᠬᠤᠳᠠᠯᠳᠤᠬᠤ ᠦᠢᠯᠡᠴᠢᠯᠡᠭᠡᠨ ᠤ ᠲᠥᠪ ᠨᠢ ᠤᠷᠢᠳᠠᠪᠠᠷ ᠬᠤᠳᠠᠯᠳᠤᠨ ᠠᠪᠬᠤ᠂ ᠬᠤᠳᠠᠯᠳᠤᠨ ᠠᠪᠬᠤ ᠪᠠᠷ ᠬᠠᠪᠰᠤᠷᠬᠤ ᠶᠢ ᠣᠷᠣᠯᠠᠭᠤᠯᠬᠤ᠂ ᠵᠤᠭᠠᠴᠠᠯ ᠤᠨ ᠬᠡᠷᠡᠭᠯᠡᠭᠡ ᠵᠡᠷᠭᠡ ᠠᠵᠢᠯᠯᠠᠭ᠎ᠠ  ᠪᠤᠯᠤᠨ ︽ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ︾᠂ ︽ᠬᠡᠷᠡᠭᠴᠡᠭᠡ ᠱᠠᠭᠠᠷᠳᠠᠯᠭ᠎ᠠ ᠶᠢ ᠲᠣᠭᠲᠠᠭᠠᠬᠤ︾ ᠶᠠᠳᠠᠭᠤ ᠶᠢ ᠲᠡᠳᠬᠦᠬᠦ ᠦᠢᠯᠡᠳᠭᠦᠨ ᠢ ᠪᠣᠷᠣᠯᠠᠭᠤᠯᠬᠤ ᠠᠵᠢᠯᠯᠠᠭ᠎ᠠ ᠶᠢ ᠶᠡᠬᠡᠪᠡᠷ ᠦᠷᠨᠢᠭᠦᠯᠪᠡ᠃ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ + ᠰᠦᠯᠵᠢᠶᠡᠨ‌ᠭᠠᠳᠠᠨᠠᠬᠢ ᠠᠶᠢᠯᠴᠢᠯᠠᠯᠲᠠ︾ ᠶᠢᠨ ᠬᠡᠯᠪᠡᠷᠢ ᠶᠢ ᠠᠪᠴᠤ᠂ ᠲᠣᠰᠬᠤᠨ ᠳᠤ ᠰᠠᠭᠤᠭ᠎ᠠ ᠺᠠᠳ᠋ᠷ ᠰᠦᠯᠵᠢᠶᠡᠨ ᠳᠡᠭᠡᠷ᠎ᠡ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠲᠠᠲᠠᠨ ᠤ ᠥᠪᠡᠷ  ᠢᠶᠠᠨ ᠦᠢᠯᠡᠳᠪᠤᠷᠢᠯᠡᠵᠦ ᠥᠪᠡᠰᠦᠪᠡᠨ ᠦᠢᠯᠡᠳᠦᠭᠰᠡᠨ ᠲᠠᠸᠠᠷ ᠢ ᠡᠮᠬᠢᠯᠡᠨ ᠨᠡᠶᠢᠲᠡᠯᠡᠵᠦ᠂ ᠰᠦᠯᠵᠢᠶᠡᠨ ᠭᠠᠳᠠᠨ᠎ᠠ  ᠬᠡᠷᠡᠭᠯᠡᠭᠡᠨ ᠤ ᠠᠴᠢᠶᠠᠯᠠᠪᠤᠷᠢ ᠶᠢ ᠵᠣᠯᠭᠠᠭᠤᠯᠬᠤ ᠶᠢ ᠰᠠᠨᠠᠭᠠᠴᠢᠯᠠᠵᠤ᠂ ︽ᠠᠵᠤ ᠠᠬᠤᠶᠢᠯᠠᠯ  ᠵᠠᠬᠢᠶᠠᠯᠠᠭ᠎ᠠ ᠶᠢᠨ ᠬᠡᠯᠪᠡᠷᠢ ᠪᠠᠷ ᠬᠤᠳᠠᠯᠳᠤᠨ ᠠᠪᠬᠤ᠂ ᠶᠠᠳᠠᠭᠤ ᠬᠦᠴᠢᠷᠳᠡᠯᠲᠡᠶ ᠡᠷᠦᠬᠡ ᠵᠠᠬᠢᠶᠠᠯᠠᠭ᠎ᠠ ᠶᠢᠨ ᠬᠡᠯᠪᠡᠷᠢ ᠪᠠᠷ ᠲᠠᠷᠢᠵᠤ ᠲᠡᠵᠢᠭᠡᠨ ᠦᠷᠡᠵᠢᠭᠦᠯᠬᠦ︾ ᠦᠢᠯᠡᠳᠪᠤᠷᠢᠯᠡᠯ᠂  ᠬᠠᠩᠭᠠᠯᠭ᠎ᠠ᠂  ᠪᠤᠷᠤᠯᠠᠭᠤᠯᠭ᠎ᠠ ᠶᠢ ᠨᠢᠭᠲᠠ ᠤᠶᠠᠯᠳᠤᠭᠤᠯᠬᠤ ᠰᠢᠨ᠎ᠡ ᠵᠠᠮ ᠢ ᠨᠡᠭᠡᠭᠡᠪᠡ᠃ ᠶᠠᠳᠠᠭᠤ ᠶᠢ ᠲᠡᠳᠬᠦᠬᠦ ᠲᠠᠷᠢᠶᠠᠯᠠᠩ ᠤᠨ ᠣᠨᠴᠠ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠂ ᠬᠥᠬᠡᠬᠤᠲᠠ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ  ᠤᠳ ᠶᠠᠳᠠᠭᠤ ᠶᠢ ᠲᠡᠳᠬᠦᠬᠦ  ᠪᠦᠳᠦᠭᠡᠭᠳᠡᠭᠦᠨ ᠦᠢᠯᠡᠳᠪᠤᠷᠢᠯᠡᠬᠦ᠂ ᠬᠠᠳᠠᠭᠠᠯᠠᠬᠤ᠂ ᠡᠳ᠋ᠰᠢᠭᠦᠯᠬᠦ᠂ ᠲᠡᠭᠡᠭᠡᠪᠦᠷᠢᠯᠡᠬᠦ᠂ ᠪᠣᠷᠣᠯᠠᠭᠤᠯᠬᠤ ᠵᠡᠷᠭᠡ ᠳᠤ ᠣᠷᠣᠯᠴᠠᠬᠤ ᠶᠢ ᠳᠡᠮᠵᠢᠵᠦ᠂ ᠭᠠᠷᠤᠯᠲᠠ ᠶᠢᠨ ᠤᠷᠤᠨ ᠪᠠ ᠬᠡᠷᠡᠭᠯᠡᠭᠡᠨ ᠤ  ᠤᠷᠤᠨ ᠢ ᠳᠠᠶᠢᠴᠢᠯᠠᠨ ᠲᠠᠷᠢᠶᠠᠯᠠᠩ ᠤᠨ ᠪᠦᠳᠦᠭᠡᠭᠳᠡᠭᠦᠨ ᠤ ᠲᠠᠷᠢᠶᠠᠨ ᠭᠠᠵᠠᠷ ᠠᠴᠠ ᠬᠤᠭᠤᠯᠠᠨ ᠰᠢᠷᠡᠭᠡ ᠬᠦᠷᠲᠡᠯᠡᠬᠢ ᠪᠥᠬᠦ ᠬᠡᠯᠬᠢᠶᠡᠰᠦ ᠶᠢᠨ ᠬᠤᠯᠪᠤᠭᠠᠯᠠᠯ ᠢ ᠪᠣᠶ ᠪᠣᠯᠭᠠᠪᠠ᠃ ᠡᠭᠦᠨ ᠤ ᠬᠠᠮᠲᠤ᠂ ᠨᠥᠬᠦᠴᠡᠯ ᠳᠤ ᠨᠡᠶᠢᠴᠡᠬᠦ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠢᠳᠡᠪᠬᠢᠲᠡᠶ ᠪᠠᠷ ᠵᠤᠬᠢᠶᠠᠨ ᠪᠠᠶᠢᠭᠤᠯᠤᠨ᠂ ᠶᠠᠳᠠᠭᠤ ᠶᠢ ᠲᠡᠳᠬᠦᠬᠦ  ᠦᠢᠯᠡᠳᠭᠦᠨ ᠢ ᠮᠠᠭᠠᠳᠯᠠᠨ ᠲᠣᠭᠲᠠᠭᠠᠵᠦ᠂ ᠨᠠᠩ ᠣᠯᠠᠨ ᠶᠠᠳᠠᠭᠤ ᠶᠢ ᠲᠡᠳᠬᠦᠬᠦ ᠦᠢᠯᠡᠳᠭᠦᠨ ᠢ ︽ᠪᠥᠬᠦ ᠤᠯᠤᠰ ᠤᠨ ᠶᠠᠳᠠᠭᠤ ᠶᠢ ᠲᠡᠳᠬᠦᠬᠦ ᠦᠢᠯᠡᠳᠭᠦᠨ ᠤ ᠭᠠᠷᠴᠠᠭ︾ ᠲᠤ ᠣᠷᠣᠭᠤᠯᠬᠤ ᠪᠠᠷ ᠴᠢᠷᠮᠠᠶᠢᠪᠠ᠃ ᠡᠵᠡᠩᠨᠡᠯᠲᠡ ᠶᠢᠨ ᠭᠤᠤᠯ ᠴᠣᠭᠴᠠ ᠶᠢᠨ ᠬᠤᠤᠷ ᠦᠭᠡᠢ᠂ ᠪᠤᠵᠠᠷᠳᠤᠯ ᠦᠭᠡᠶ᠂ ᠣᠷᠭᠠᠨᠢᠭ ᠲᠠᠷᠢᠶᠠᠯᠠᠩ ‍ᠤᠨ‌‍ᠪᠦ᠋ᠳᠦᠭᠡᠭᠳᠡᠭᠦᠨ‌‍ᠪᠣᠯᠤᠨ ᠤᠯᠤᠰ ᠤᠨ ᠭᠠᠵᠠᠷ ᠵᠦᠶ ᠶᠢᠨ ᠢᠮ ᠲᠡᠮᠳᠡᠭ ᠢ ᠭᠤᠶᠤᠴᠢᠯᠠᠨ ᠮᠡᠳᠡᠭᠦᠯᠬᠦ᠂ ᠡᠭᠦᠳᠦᠨ ᠪᠠᠶᠢᠭᠤᠯᠬᠤ ᠠᠵᠢᠯ ᠢ ᠳᠡᠮᠵᠢᠬᠦ ᠡᠷᠴᠢᠮ ᠢᠶᠠᠨ ᠴᠢᠩᠭᠠᠳᠬᠠᠵᠠᠢ᠃ ᠭᠠᠵᠠᠷ ᠵᠦᠶ ᠶᠢᠨ ᠢᠮ ᠲᠡᠮᠳᠡᠭᠲᠦ ᠲᠠᠸᠠᠷ ᠤᠨ ᠲᠡᠮᠳᠡᠭ   ᠤᠨ ᠳᠠᠭᠠᠭᠤᠯᠤᠭᠴᠢ ᠠᠵᠤ ᠠᠬᠤᠶᠢᠯᠠᠯ ᠢ ᠳᠡᠮᠵᠢᠬᠦ ᠡᠷᠴᠢᠮ ᠵᠶ᠋ᠠᠨ‌‍ᠴᠢᠩᠭᠠᠷᠠᠭᠤᠯᠵᠤ᠂ ︽ᠠᠵᠤ ᠠᠬᠤᠶᠢᠯᠠᠯ + ᠲᠠᠷᠢᠶᠠᠴᠢᠨ ᠡᠷᠦᠬᠡ + ᠲᠠᠸᠠᠷ ᠤᠨ ᠲᠡᠮᠳᠡᠭ︾ ᠤᠨ ᠵᠠᠭᠪᠤᠷ ᠢ ᠬᠠᠶᠢᠨ ᠰᠦᠪᠡᠭᠴᠢᠯᠡᠵᠦ᠂ ᠨᠢᠭᠡ ᠪᠦᠯᠦᠭ ᠭᠠᠵᠠᠷ ᠵᠦᠶ ᠶᠢᠨ ᠢᠮ ᠲᠡᠮᠳᠡᠭᠲᠦ ᠲᠠᠸᠠᠷ ᠤᠨ ᠨᠡᠷᠡᠳᠤ ᠲᠡᠮᠳᠡᠭ  ᠢ ᠪᠣᠶ ᠪᠤᠯᠭᠠᠪᠠ᠃ ︵ᠰᠤᠷᠪᠤᠯᠵᠢᠯᠠᠭᠴᠢ ᠯᠢᠦ ᠶᠠᠩ︶http://mongol.people.com.cn/15828729.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号