ᠬᠦᠬᠡᠬᠤᠲᠠ ᠶᠢᠨ ᠡᠲᠦᠷ ᠤᠨ ᠰᠤᠨᠢᠨ ᠤ ᠮᠡᠲᠡᠭᠡ ︵ᠰᠤᠷᠪᠤᠯᠵᠢᠯᠠᠭᠴᠢ ᠮᠢᠶᠤᠤ ᠴᠢᠩ︶ 11 ᠳ᠋ᠦ᠋ᠭᠡᠷ | ᠰᠠᠷ᠎ᠠ ᠶᠢᠨ 2 ᠤᠨ ᠡᠲᠦᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠣᠵᠢᠯ ᠤᠨ | ᠲᠢᠩᠭᠢᠮ ᠠᠯᠪᠠᠨ ᠰᠦᠯᠵᠢᠶ᠎ᠡ ᠳᠡᠭᠡᠨ ︽ᠠᠵᠢᠯ ᠮᠡᠷᠭᠡᠵᠢᠯ ᠤᠨᠲ᠋ᠡᠭᠡᠲᠦ ᠰᠤᠷᠭᠠᠭᠤᠯᠢ ᠰᠤᠷᠤᠭᠴᠢ ᠦᠷᠭᠡᠳᠭᠡᠨ | ᠡᠯᠰᠡᠬᠦ ᠠᠵᠢᠯ ᠤᠨ ᠲᠤᠬᠠᠢ ᠦᠷᠭᠡᠨ ᠤᠯᠠᠨ ᠰᠢᠯᠭᠠᠭᠤᠯᠤᠬᠰᠠᠳ ᠤᠨ ᠭᠡᠷ ᠤᠨ ᠠᠬᠠᠮᠠᠳ ᠲᠤ ᠢᠯᠡᠭᠡᠬᠦ ᠵᠠᠬᠢᠲᠠᠯ︾ | ᠨᠡᠶᠢᠲᠡᠯᠡᠵᠦ᠂ 2020 ᠤᠨ ᠳᠤ ᠦᠪᠡᠷᠲᠡᠭᠡᠨ ᠵᠠᠰᠠᠬᠤ ᠤᠷᠤᠨ ᠤ ᠰᠤᠷᠤᠭᠴᠢ ᠦᠷᠭᠡᠳᠭᠡᠨ ᠡᠯᠰᠡᠬᠦ ᠬᠢᠷᠢ ᠬᠡᠮ | ᠪᠦᠷᠢᠲᠦᠬᠦᠯᠦᠭᠰᠡᠨ 29 ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠶᠢᠨ ᠨᠡᠷᠡᠰ ᠢ ᠵᠠᠷᠯᠠᠵᠤ᠂ | ᠰᠢᠯᠭᠠᠭᠤᠯᠤᠬᠰᠠᠳ ᠵᠢᠴᠢ ᠭᠡᠷ ᠤᠨ ᠠᠬᠠᠮᠠᠳ ᠨᠡᠷᠡᠰ ᠢ ᠰᠠᠶᠢᠳᠤᠷ ᠬᠠᠷᠭᠤᠭᠤᠯᠵᠤ ᠦᠵᠡᠭᠡᠴᠢ᠂ ᠬᠠᠤᠯᠢ ᠪᠤᠰᠤ | ᠰᠤᠷᠤᠭᠴᠢ ᠡᠯᠰᠡᠬᠦ ᠪᠠᠶᠢᠭᠤᠯᠤᠮᠵᠢ ᠶᠢᠨ ᠬᠤᠲᠠᠯ ᠬᠠᠭᠤᠷᠮᠠᠭ ᠰᠤᠷᠲᠠᠯᠴᠢᠯᠠᠭ᠎ᠠ ᠬᠢᠵᠦ᠂ ᠰᠤᠷᠤᠭᠴᠢ ᠡᠯᠰᠡᠬᠦ ᠶᠢ | ᠵᠤᠬᠢᠶᠠᠨ ᠪᠠᠶᠢᠭᠤᠯᠤᠨ ᠡᠳ᠋ ᠮᠦᠩᠭᠦ ᠮᠡᠬᠡᠯᠡᠬᠦ ᠶᠢ ᠬᠢᠴᠢᠶᠡᠭᠡᠷᠡᠢ ᠭᠡᠵᠦ ᠰᠡᠷᠡᠮᠵᠢᠯᠡᠬᠦᠯᠪᠡ᠃ | ︽ᠠᠵᠢᠯ ᠮᠡᠷᠭᠡᠵᠢᠯ ᠤᠨᠲ᠋ᠡᠭᠡᠲᠦ ᠰᠤᠷᠭᠠᠭᠤᠯᠢ ᠰᠤᠷᠤᠭᠴᠢ ᠦᠷᠭᠡᠳᠭᠡᠨᠡᠯᠰᠡᠬᠦ ᠠᠵᠢᠯ ᠤᠨ ᠲᠤᠬᠠᠢ | ᠦᠷᠭᠡᠨ ᠤᠯᠠᠨ ᠰᠢᠯᠭᠠᠭᠤᠯᠤᠬᠰᠠᠳ ᠤᠨ ᠭᠡᠷ ᠤᠨ ᠠᠬᠠᠮᠠᠳ ᠲᠤ ᠢᠯᠡᠭᠡᠬᠦ ᠵᠠᠬᠢᠲᠠᠯ︾ ᠳᠤ ᠪᠠᠰᠠ᠂ ᠦᠪᠡᠷᠲᠡᠭᠡᠨ | ᠵᠠᠰᠠᠬᠤ ᠤᠷᠤᠨ ᠤ 2020 ᠤᠨ ᠤ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠰᠤᠷᠤᠭᠴᠢ ᠦᠷᠭᠡᠳᠭᠡᠨ | ᠡᠯᠰᠡᠬᠦ ᠰᠦᠯᠵᠢᠶᠡᠨ ᠲᠡᠭᠡᠷ᠎ᠡ ᠨᠡᠷ᠎ᠡ ᠮᠡᠲᠡᠬᠦᠯᠬᠦ ᠠᠵᠢᠯ 9 ᠳ᠋ᠤᠭᠡᠷ ᠰᠠᠷ᠎ᠠ ᠶᠢᠨ 27 ᠤ ᠡᠲᠦᠷ ᠨᠢᠭᠡᠨᠲᠡ | ᠲᠠᠭᠤᠰᠤᠬᠰᠠᠨ᠂ ᠤᠳᠤᠬᠠᠨ ᠳᠤ ᠰᠤᠷᠤᠭᠴᠢ ᠡᠯᠰᠡᠬᠦ ᠰᠤᠷᠭᠠᠭᠤᠯᠢ ᠨᠤᠭᠤᠳ ᠶᠠᠭ ᠰᠠᠶ᠋ᠢᠬᠠᠨ ᠰᠢᠯᠭᠠᠯᠲᠠ ᠬᠢᠬᠦ᠂ | ᠰᠤᠷᠤᠭᠴᠢ ᠡᠯᠰᠡᠬᠦ ᠠᠵᠢᠯ ᠢᠶᠠᠨ ᠬᠢᠵᠦ ᠪᠤᠢ᠃ ᠦᠪᠡᠷᠲᠡᠭᠡᠨ ᠵᠠᠰᠠᠬᠤ ᠤᠷᠤᠨ ᠤ ᠠᠵᠢᠯ ᠮᠡᠷᠭᠡᠵᠢᠯ ᠤᠨ ᠲᠡᠭᠡᠲᠦ | ᠰᠤᠷᠭᠠᠭᠤᠯᠢ ᠲᠠᠬᠢᠭᠠᠳ ᠨᠦᠬᠦᠵᠦ ᠨᠡᠷ᠎ᠡ ᠮᠡᠲᠡᠬᠦᠯᠬᠦ᠂ ᠨᠦᠬᠦᠵᠦ ᠡᠯᠰᠡᠬᠦ ᠠᠵᠢᠯ ᠬᠢᠬᠦ ᠦᠭᠡᠢ ᠭᠡᠵᠦ | ᠰᠡᠷᠡᠮᠵᠢᠯᠡᠬᠦᠯᠵᠡᠢ᠃ | 2020 ᠤᠨ ᠤ ᠦᠪᠡᠷᠲᠡᠭᠡᠨ ᠵᠠᠰᠠᠬᠤ ᠤᠷᠤᠨ ᠤ ᠰᠤᠷᠤᠭᠴᠢ ᠦᠷᠭᠡᠳᠭᠡᠨ ᠡᠯᠰᠡᠬᠦ ᠬᠢᠷᠢ ᠬᠡᠮ | ᠪᠦᠷᠢᠲᠦᠬᠦᠯᠦᠭᠰᠡᠨ 29 ᠠᠵᠢᠯ ᠮᠡᠷᠭᠡᠵᠢᠯ ᠤᠨᠲ᠋ᠡᠭᠡᠲᠦ ᠰᠤᠷᠭᠠᠭᠤᠯᠢ ᠶᠢᠨ ᠨᠡᠷᠡᠰ ᠲᠤᠤᠷᠠᠬᠢ ᠮᠡᠲᠦ᠄ ᠦᠪᠦᠷ | ᠮᠤᠩᠭᠤᠯ ᠤᠨ ᠬᠦᠲᠡᠭᠡ ᠠᠵᠤ ᠠᠬᠤᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠷᠢᠯᠭ᠎ᠠ ᠶᠢᠨ ᠠᠵᠢᠯ | ᠮᠡᠷᠭᠡᠵᠢᠯ ᠤᠨ ᠰᠤᠷᠭᠠᠭᠤᠯᠢ᠂ ᠪᠤᠭᠤᠲᠤ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠢᠩᠭᠠᠨ ᠤ ᠠᠵᠢᠯ ᠮᠡᠷᠭᠡᠵᠢᠯ | ᠤᠨ ᠰᠤᠷᠭᠠᠭᠤᠯᠢ᠂ ᠬᠦᠬᠡᠬᠤᠲᠠ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠪᠤᠭᠤᠲᠤ ᠶᠢᠨ ᠬᠦᠩᠭᠡᠨ | ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠡᠸ᠋ᠯᠺᠲᠷᠣᠨ | ᠰᠤᠷᠠᠭ ᠴᠢᠮᠡᠭᠡᠨ ᠤ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠮᠠᠰᠢᠨ ᠴᠠᠬᠢᠯᠭᠠᠨ ᠤ | ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ | ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠠᠷᠠᠯᠵᠢᠶ᠎ᠠ ᠬᠤᠲᠠᠯᠳᠤᠭ᠎ᠠ ᠶᠢᠨ ᠠᠵᠢᠯ ᠮᠡᠷᠭᠡᠵᠢᠯ | ᠤᠨ ᠲᠡᠭᠡᠲᠦ ᠰᠤᠷᠭᠠᠭᠤᠯᠢ᠂ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ | ᠮᠤᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠤᠯᠠᠭᠠᠨᠴᠠᠪ ᠤᠨ ᠠᠵᠢᠯ | ᠮᠡᠷᠭᠡᠵᠢᠯ ᠤᠨ ᠲᠡᠭᠡᠲᠦ ᠰᠤᠷᠭᠠᠭᠤᠯᠢ᠂ ᠲᠦᠩᠯᠢᠶᠤᠤ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ | ᠬᠤᠷᠴᠢᠨ ᠤᠷᠠᠯᠢᠭ ᠤᠨᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠵᠠᠮ ᠨᠡᠪᠲᠡᠷᠡᠯᠭᠡ ᠶᠢᠨ | ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠪᠤᠭᠤᠲᠤ ᠶᠢᠨ ᠪᠤᠯᠤᠳ ᠲᠡᠮᠦᠷ ᠤᠨ ᠠᠵᠢᠯ ᠮᠡᠷᠭᠡᠵᠢᠯ ᠤᠨ | ᠲᠡᠭᠡᠲᠦ ᠰᠤᠷᠭᠠᠭᠤᠯᠢ᠂ ᠦᠬᠠᠢ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠪᠤᠭᠤᠲᠤ ᠶᠢᠨ ᠲᠡᠮᠦᠷ ᠵᠠᠮ | ᠤᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠤᠯᠠᠭᠠᠨᠴᠠᠪ ᠤᠨ ᠠᠨᠠᠭᠠᠬᠤ ᠤᠬᠠᠭᠠᠨ ᠤ ᠲᠡᠭᠡᠲᠦ ᠵᠡᠷᠭᠡ ᠶᠢᠨ | ᠲᠤᠰᠬᠠᠢ ᠮᠡᠷᠭᠡᠵᠢᠯ ᠤᠨ ᠰᠤᠷᠭᠠᠭᠤᠯᠢ᠂ ᠤᠷᠲᠤᠰ ᠤᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠬᠦᠯᠦᠨ | ᠪᠤᠶᠢᠷ ᠤᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠮᠠᠨᠵᠤᠤᠷ ᠲᠠᠬᠢ ᠤᠷᠤᠰ ᠬᠡᠯᠡᠨ ᠤ ᠠᠵᠢᠯ ᠮᠡᠷᠭᠡᠵᠢᠯ | ᠤᠨ ᠲᠡᠭᠡᠲᠦ ᠰᠤᠷᠭᠠᠭᠤᠯᠢ᠂ ᠤᠯᠠᠭᠠᠨᠬᠠᠲᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠲᠡᠭᠡᠲᠦ | ᠰᠤᠷᠭᠠᠭᠤᠯᠢ᠂ ᠠᠯᠠᠱᠠ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠦᠨᠲᠦᠰᠦᠲᠡᠨ | ᠤ ᠬᠡᠦᠬᠡᠳ ᠤᠨ ᠪᠠᠭᠰᠢ ᠶᠢᠨ ᠲᠡᠭᠡᠲᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠤᠷᠲᠤᠰ ᠠᠮᠢ | ᠠᠬᠤᠢ ᠤᠷᠴᠢᠨ ᠲᠤᠭᠤᠷᠢᠨ ᠤ ᠲᠡᠭᠡᠲᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠵᠠᠯᠠᠨ ᠠᠶᠢᠯ ᠤᠨ | ᠲᠡᠭᠡᠲᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠤᠯᠠᠭᠠᠨᠬᠠᠲᠠ ᠶᠢᠨ ᠬᠡᠷᠡᠭᠯᠡᠭᠡᠨ ᠤ ᠮᠡᠷᠭᠡᠵᠢᠯ ᠤᠨ | ᠲᠡᠭᠡᠲᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ ᠃ | | | http://mongol.people.com.cn/15828735.html |