2020 ᠤᠨ ᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠰᠤᠷᠤᠭᠴᠢ ᠦᠷᠭᠡᠳᠭᠡᠨ ᠡᠯᠰᠡᠬᠦ ᠬᠢᠷᠢ ᠬᠡᠮ ᠪᠦᠷᠢᠲᠦᠬᠦᠯᠦᠭᠰᠡᠨ 29 ᠠᠵᠢᠯ ᠮᠡᠷᠭᠡᠵᠢᠯ  ᠤᠨ ᠲᠡᠭᠡᠲᠦ ᠰᠤᠷᠭᠠᠭᠤᠯᠢ ᠶᠢᠨ ᠨᠡᠷᠡᠰ ᠢ ᠵᠠᠷᠯᠠᠯ᠎ᠠ
ᠨᠡᠶᠢᠲᠡᠯᠡᠭᠰᠡᠨ ᠴᠠᠭ᠄
2020/11/4
      ᠬᠦᠬᠡᠬᠤᠲᠠ ᠶᠢᠨ ᠡᠲᠦᠷ ᠤᠨ ᠰᠤᠨᠢᠨ ᠤ ᠮᠡᠲᠡᠭᠡ ︵ᠰᠤᠷᠪᠤᠯᠵᠢᠯᠠᠭᠴᠢ ᠮᠢᠶᠤᠤ ᠴᠢᠩ︶ 11 ᠳ᠋ᠦ᠋ᠭᠡᠷ ᠰᠠᠷ᠎ᠠ ᠶᠢᠨ 2 ᠤᠨ ᠡᠲᠦᠷ᠂ ᠦᠪᠦᠷ ᠮᠤᠩᠭᠤᠯ  ᠤᠨ ᠦᠪᠡᠷᠲᠡᠭᠡᠨ ᠵᠠᠰᠠᠬᠤ ᠤᠷᠤᠨ ᠤ ᠰᠤᠷᠭᠠᠨ ᠬᠦᠮᠣᠵᠢᠯ ᠤᠨ ᠲᠢᠩᠭᠢᠮ ᠠᠯᠪᠠᠨ ᠰᠦᠯᠵᠢᠶ᠎ᠡ   ᠳᠡᠭᠡᠨ ︽ᠠᠵᠢᠯ ᠮᠡᠷᠭᠡᠵᠢᠯ ‍ᠤᠨ‌‍ᠲ᠋ᠡᠭᠡᠲᠦ ᠰᠤᠷᠭᠠᠭᠤᠯᠢ ᠰᠤᠷᠤᠭᠴᠢ ᠦᠷᠭᠡᠳᠭᠡᠨ ᠡᠯᠰᠡᠬᠦ ᠠᠵᠢᠯ ᠤᠨ ᠲᠤᠬᠠᠢ ᠦᠷᠭᠡᠨ ᠤᠯᠠᠨ ᠰᠢᠯᠭᠠᠭᠤᠯᠤᠬᠰᠠᠳ ᠤᠨ ᠭᠡᠷ ᠤᠨ ᠠᠬᠠᠮᠠᠳ ᠲᠤ ᠢᠯᠡᠭᠡᠬᠦ ᠵᠠᠬᠢᠲᠠᠯ︾ ᠨᠡᠶᠢᠲᠡᠯᠡᠵᠦ᠂ 2020 ᠤᠨ ᠳᠤ ᠦᠪᠡᠷᠲᠡᠭᠡᠨ ᠵᠠᠰᠠᠬᠤ ᠤᠷᠤᠨ ᠤ ᠰᠤᠷᠤᠭᠴᠢ ᠦᠷᠭᠡᠳᠭᠡᠨ ᠡᠯᠰᠡᠬᠦ ᠬᠢᠷᠢ ᠬᠡᠮ ᠪᠦᠷᠢᠲᠦᠬᠦᠯᠦᠭᠰᠡᠨ 29  ᠠᠵᠢᠯ ᠮᠡᠷᠭᠡᠵᠢᠯ   ᠤᠨ ᠲᠡᠭᠡᠲᠦ ᠰᠤᠷᠭᠠᠭᠤᠯᠢ ᠶᠢᠨ ᠨᠡᠷᠡᠰ ᠢ   ᠵᠠᠷᠯᠠᠵᠤ᠂ ᠰᠢᠯᠭᠠᠭᠤᠯᠤᠬᠰᠠᠳ ᠵᠢᠴᠢ ᠭᠡᠷ ᠤᠨ ᠠᠬᠠᠮᠠᠳ ᠨᠡᠷᠡᠰ ᠢ ᠰᠠᠶᠢᠳᠤᠷ ᠬᠠᠷᠭᠤᠭᠤᠯᠵᠤ ᠦᠵᠡᠭᠡᠴᠢ᠂  ᠬᠠᠤᠯᠢ ᠪᠤᠰᠤ ᠰᠤᠷᠤᠭᠴᠢ ᠡᠯᠰᠡᠬᠦ ᠪᠠᠶᠢᠭᠤᠯᠤᠮᠵᠢ ᠶᠢᠨ ᠬᠤᠲᠠᠯ ᠬᠠᠭᠤᠷᠮᠠᠭ ᠰᠤᠷᠲᠠᠯᠴᠢᠯᠠᠭ᠎ᠠ ᠬᠢᠵᠦ᠂ ᠰᠤᠷᠤᠭᠴᠢ ᠡᠯᠰᠡᠬᠦ ᠶᠢ ᠵᠤᠬᠢᠶᠠᠨ ᠪᠠᠶᠢᠭᠤᠯᠤᠨ ᠡᠳ᠋ ᠮᠦᠩᠭᠦ ᠮᠡᠬᠡᠯᠡᠬᠦ  ᠶᠢ ᠬᠢᠴᠢᠶᠡᠭᠡᠷᠡᠢ ᠭᠡᠵᠦ ᠰᠡᠷᠡᠮᠵᠢᠯᠡᠬᠦᠯᠪᠡ᠃     ︽ᠠᠵᠢᠯ ᠮᠡᠷᠭᠡᠵᠢᠯ ‍ᠤᠨ‌‍ᠲ᠋ᠡᠭᠡᠲᠦ ᠰᠤᠷᠭᠠᠭᠤᠯᠢ ᠰᠤᠷᠤᠭᠴᠢ ᠦᠷᠭᠡᠳᠭᠡᠨ‌ᠡᠯᠰᠡᠬᠦ ᠠᠵᠢᠯ ᠤᠨ ᠲᠤᠬᠠᠢ   ᠦᠷᠭᠡᠨ ᠤᠯᠠᠨ ᠰᠢᠯᠭᠠᠭᠤᠯᠤᠬᠰᠠᠳ ᠤᠨ ᠭᠡᠷ  ᠤᠨ ᠠᠬᠠᠮᠠᠳ ᠲᠤ ᠢᠯᠡᠭᠡᠬᠦ ᠵᠠᠬᠢᠲᠠᠯ︾ ᠳᠤ ᠪᠠᠰᠠ᠂  ᠦᠪᠡᠷᠲᠡᠭᠡᠨ ᠵᠠᠰᠠᠬᠤ ᠤᠷᠤᠨ ᠤ 2020 ᠤᠨ ᠤ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠰᠤᠷᠤᠭᠴᠢ   ᠦᠷᠭᠡᠳᠭᠡᠨ ᠡᠯᠰᠡᠬᠦ ᠰᠦᠯᠵᠢᠶᠡᠨ ᠲᠡᠭᠡᠷ᠎ᠡ ᠨᠡᠷ᠎ᠡ ᠮᠡᠲᠡᠬᠦᠯᠬᠦ ᠠᠵᠢᠯ 9  ᠳ᠋ᠤᠭᠡᠷ ᠰᠠᠷ᠎ᠠ ᠶᠢᠨ 27 ᠤ ᠡᠲᠦᠷ ᠨᠢᠭᠡᠨᠲᠡ ᠲᠠᠭᠤᠰᠤᠬᠰᠠᠨ᠂ ᠤᠳᠤᠬᠠᠨ ᠳᠤ ᠰᠤᠷᠤᠭᠴᠢ ᠡᠯᠰᠡᠬᠦ ᠰᠤᠷᠭᠠᠭᠤᠯᠢ ᠨᠤᠭᠤᠳ ᠶᠠᠭ ᠰᠠᠶ᠋ᠢᠬᠠᠨ ᠰᠢᠯᠭᠠᠯᠲᠠ ᠬᠢᠬᠦ᠂ ᠰᠤᠷᠤᠭᠴᠢ ᠡᠯᠰᠡᠬᠦ ᠠᠵᠢᠯ ᠢᠶᠠᠨ ᠬᠢᠵᠦ ᠪᠤᠢ᠃ ᠦᠪᠡᠷᠲᠡᠭᠡᠨ ᠵᠠᠰᠠᠬᠤ ᠤᠷᠤᠨ ᠤ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ ᠲᠠᠬᠢᠭᠠᠳ ᠨᠦᠬᠦᠵᠦ ᠨᠡᠷ᠎ᠡ ᠮᠡᠲᠡᠬᠦᠯᠬᠦ᠂ ᠨᠦᠬᠦᠵᠦ ᠡᠯᠰᠡᠬᠦ ᠠᠵᠢᠯ ᠬᠢᠬᠦ ᠦᠭᠡᠢ ᠭᠡᠵᠦ ᠰᠡᠷᠡᠮᠵᠢᠯᠡᠬᠦᠯᠵᠡᠢ᠃    2020  ᠤᠨ ᠤ ᠦᠪᠡᠷᠲᠡᠭᠡᠨ ᠵᠠᠰᠠᠬᠤ ᠤᠷᠤᠨ ᠤ ᠰᠤᠷᠤᠭᠴᠢ ᠦᠷᠭᠡᠳᠭᠡᠨ ᠡᠯᠰᠡᠬᠦ ᠬᠢᠷᠢ ᠬᠡᠮ ᠪᠦᠷᠢᠲᠦᠬᠦᠯᠦᠭᠰᠡᠨ 29 ᠠᠵᠢᠯ ᠮᠡᠷᠭᠡᠵᠢᠯ ‍ᠤᠨ‌‍ᠲ᠋ᠡᠭᠡᠲᠦ ᠰᠤᠷᠭᠠᠭᠤᠯᠢ ᠶᠢᠨ ᠨᠡᠷᠡᠰ ᠲᠤᠤᠷᠠᠬᠢ ᠮᠡᠲᠦ᠄ ᠦᠪᠦᠷ ᠮᠤᠩᠭᠤᠯ ᠤᠨ ᠬᠦᠲᠡᠭᠡ ᠠᠵᠤ ᠠᠬᠤᠢ ᠶᠢᠨ ᠶᠡᠭᠡ ᠰᠤᠷᠭᠠᠭᠤᠯᠢ᠂ ᠦᠪᠦᠷ ᠮᠤᠩᠭᠤᠯ ᠤᠨ ᠪᠠᠷᠢᠯᠭ᠎ᠠ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠪᠤᠭᠤᠲᠤ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠬᠢᠩᠭᠠᠨ ᠤ ᠠᠵᠢᠯ ᠮᠡᠷᠭᠡᠵᠢᠯ ᠤᠨ ᠰᠤᠷᠭᠠᠭᠤᠯᠢ᠂ ᠬᠦᠬᠡᠬᠤᠲᠠ  ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠪᠤᠭᠤᠲᠤ ᠶᠢᠨ ᠬᠦᠩᠭᠡᠨ  ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠡᠸ᠋ᠯᠺᠲᠷᠣᠨ  ᠰᠤᠷᠠᠭ ᠴᠢᠮᠡᠭᠡᠨ ᠤ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠮᠠᠰᠢᠨ ᠴᠠᠬᠢᠯᠭᠠᠨ ᠤ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ   ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠠᠷᠠᠯᠵᠢᠶ᠎ᠠ ᠬᠤᠲᠠᠯᠳᠤᠭ᠎ᠠ ᠶᠢᠨ ᠠᠵᠢᠯ ᠮᠡᠷᠭᠡᠵᠢᠯ   ᠤᠨ  ᠲᠡᠭᠡᠲᠦ ᠰᠤᠷᠭᠠᠭᠤᠯᠢ᠂ ᠰᠢᠯᠢ ᠶᠢᠨ ᠭᠤᠤᠯ ᠤᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠤᠯᠠᠭᠠᠨᠴᠠᠪ ᠤᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠲᠦᠩᠯᠢᠶᠤᠤ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂   ᠬᠤᠷᠴᠢᠨ ᠤᠷᠠᠯᠢᠭ ‍ᠤᠨ‌ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ ᠵᠠᠮ ᠨᠡᠪᠲᠡᠷᠡᠯᠭᠡ ᠶᠢᠨ ᠠᠵᠢᠯ ᠮᠡᠷᠭᠡᠵᠢᠯ   ᠤᠨ ᠲᠡᠭᠡᠲᠦ ᠰᠤᠷᠭᠠᠭᠤᠯᠢ᠂  ᠪᠤᠭᠤᠲᠤ ᠶᠢᠨ ᠪᠤᠯᠤᠳ ᠲᠡᠮᠦᠷ ᠤᠨ ᠠᠵᠢᠯ ᠮᠡᠷᠭᠡᠵᠢᠯ ᠤᠨ  ᠲᠡᠭᠡᠲᠦ ᠰᠤᠷᠭᠠᠭᠤᠯᠢ᠂ ᠦᠬᠠᠢ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠪᠤᠭᠤᠲᠤ ᠶᠢᠨ ᠲᠡᠮᠦᠷ ᠵᠠᠮ ᠤᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠤᠯᠠᠭᠠᠨᠴᠠᠪ ᠤᠨ ᠠᠨᠠᠭᠠᠬᠤ ᠤᠬᠠᠭᠠᠨ ᠤ ᠲᠡᠭᠡᠲᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠤᠷᠲᠤᠰ ᠤᠨ ᠠᠵᠢᠯ ᠮᠡᠷᠭᠡᠵᠢᠯ   ᠤᠨ ᠲᠡᠭᠡᠲᠦ ᠰᠤᠷᠭᠠᠭᠤᠯᠢ᠂ ᠬᠦᠯᠦᠨ ᠪᠤᠶᠢᠷ ᠤᠨ ᠠᠵᠢᠯ ᠮᠡᠷᠭᠡᠵᠢᠯ   ᠤᠨ ᠲᠡᠭᠡᠲᠦ ᠰᠤᠷᠭᠠᠭᠤᠯᠢ᠂ ᠮᠠᠨᠵᠤᠤᠷ ᠲᠠᠬᠢ ᠤᠷᠤᠰ ᠬᠡᠯᠡᠨ ᠤ ᠠᠵᠢᠯ ᠮᠡᠷᠭᠡᠵᠢᠯ   ᠤᠨ ᠲᠡᠭᠡᠲᠦ ᠰᠤᠷᠭᠠᠭᠤᠯᠢ᠂ ᠤᠯᠠᠭᠠᠨᠬᠠᠲᠠ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠠᠯᠠᠱᠠ ᠶᠢᠨ ᠠᠵᠢᠯ ᠮᠡᠷᠭᠡᠵᠢᠯ ᠤᠨ ᠲᠡᠭᠡᠲᠦ ᠰᠤᠷᠭᠠᠭᠤᠯᠢ᠂ ᠦᠪᠦᠷ ᠮᠤᠩᠭᠤᠯ ᠤᠨ  ᠦᠨᠲᠦᠰᠦᠲᠡᠨ ᠤ ᠬᠡᠦᠬᠡᠳ ᠤᠨ ᠪᠠᠭᠰᠢ ᠶᠢᠨ ᠲᠡᠭᠡᠲᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂   ᠤᠷᠲᠤᠰ ᠠᠮᠢ ᠠᠬᠤᠢ ᠤᠷᠴᠢᠨ ᠲᠤᠭᠤᠷᠢᠨ ᠤ ᠲᠡᠭᠡᠲᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂   ᠵᠠᠯᠠᠨ ᠠᠶᠢᠯ ᠤᠨ ᠲᠡᠭᠡᠲᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ᠂ ᠤᠯᠠᠭᠠᠨᠬᠠᠲᠠ ᠶᠢᠨ ᠬᠡᠷᠡᠭᠯᠡᠭᠡᠨ   ᠤ ᠮᠡᠷᠭᠡᠵᠢᠯ ᠤᠨ ᠲᠡᠭᠡᠲᠦ ᠵᠡᠷᠭᠡ ᠶᠢᠨ ᠲᠤᠰᠬᠠᠢ ᠮᠡᠷᠭᠡᠵᠢᠯ ᠤᠨ ᠰᠤᠷᠭᠠᠭᠤᠯᠢ  ᠃ http://mongol.people.com.cn/15828735.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ