ᠴᠡᠯᠡᠭᠡᠷ ᠲᠠᠯ᠎ᠠ ᠶᠢᠨ ᠯᠢᠤᠢ ᠳ᠋ᠢ ᠪᠠᠭ᠎ᠠ ᠰᠤᠷᠭᠠᠭᠤᠯᠢ ᠤᠯᠤᠰ ᠤᠨ ᠰᠤᠷᠭᠠᠨ ᠬᠥᠮᠥᠵᠢᠯ ᠤᠨ ᠶᠠᠮᠤᠨ ᠤ ᠰᠤᠷᠤᠭᠴᠢᠳ ᠤᠨ ᠲᠠᠮᠢᠷ ᠲᠡᠩᠬᠡᠭᠡ ᠡᠷᠡᠭᠦᠯ ᠴᠢᠭᠢᠷᠠᠭ ᠤᠨ ᠪᠠᠶᠢᠴᠠᠭᠠᠯᠲᠠ ᠶᠢᠨ ᠰᠤᠭᠤᠴᠢᠨ ᠪᠠᠶᠢᠴᠠᠭᠠᠬᠤ ᠠᠵᠢᠯ ᠢ ᠤᠭᠲᠤᠪᠠ
ᠨᠡᠶᠢᠲᠡᠯᠡᠭᠰᠡᠨ ᠴᠠᠭ᠄
2020/11/5
     ᠪᠦᠬᠦ ᠰᠤᠷᠤᠭᠴᠢᠳ ᠤᠨ ᠲᠠᠮᠢᠷ ᠲᠡᠩᠬᠡᠭᠡ ᠡᠷᠡᠭᠦᠯ ᠴᠢᠭᠢᠷᠠᠭ ᠤᠨ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠴᠢᠭᠢᠷᠠᠭ ᠤᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠬᠤ ᠶᠢᠨ ᠲᠤᠰᠠᠳᠠ᠂ 11 ᠳ᠋ᠦ᠋ᠭᠡᠷ ᠰᠠᠷ᠎ᠠ ᠶᠢᠨ 2 ᠤᠨ ᠡᠳᠦᠷ᠂ ᠴᠡᠯᠡᠭᠡᠷ ᠲᠠᠯ᠎ᠠ ᠶᠢᠨ ᠯᠢᠤᠢ ᠳ᠋ᠢ ᠪᠠᠭ᠎ᠠ ᠰᠤᠷᠭᠠᠭᠤᠯᠢ ᠶᠢᠨ ᠲᠧᠩ ᠹᠧᠢ ᠵᠠᠮ ᠤᠨ ᠰᠤᠷᠭᠠᠭᠤᠯᠢ ᠶᠢᠨ ᠲᠣᠭᠤᠷᠢᠭ ᠤᠯᠤᠰ ᠤᠨ ᠰᠤᠷᠭᠠᠨ ᠬᠥᠮᠥᠵᠢᠯ ᠤᠨ ᠶᠠᠮᠤᠨ ᠤ ᠰᠤᠷᠤᠭᠴᠢᠳ ᠤᠨ ᠲᠠᠮᠢᠷ ᠲᠡᠩᠬᠡᠭᠡ ᠡᠷᠡᠭᠦᠯ ᠴᠢᠭᠢᠷᠠᠭ ᠤᠨ ᠪᠠᠶᠢᠴᠠᠭᠠᠯᠲᠠ ᠶᠢᠨ ᠰᠤᠭᠤᠴᠢᠨ ᠪᠠᠶᠢᠴᠠᠭᠠᠬᠤ ᠠᠵᠢᠯ ᠢ ᠤᠭᠲᠤᠪᠠ᠃ ᠰᠤᠷᠭᠠᠭᠤᠯᠢ ᠶᠢᠨ ᠨᠢᠭᠡᠳᠦᠭᠡᠷ ᠣᠨ ᠠᠴᠠ ᠵᠢᠷᠭᠤᠳᠤᠭᠠᠷ ᠣᠨ ᠤ ᠨᠡᠶᠢᠲᠡ 216 ᠰᠤᠷᠤᠭᠴᠢ ᠳᠤ ᠪᠡᠶ᠎ᠡ ᠲᠠᠮᠢᠷ ᠤᠨ ᠰᠣᠷᠢᠯᠲᠠ ᠬᠢᠵᠦ᠂ ᠲᠥᠷᠥᠯ ᠵᠦᠢᠯ ᠳᠤ ᠪᠡᠶ᠎ᠡ ᠶᠢᠨ ᠥᠨᠳᠥᠷ᠂ ᠪᠡᠶ᠎ᠡ ᠶᠢᠨ ᠬᠦᠨᠳᠦ᠂ ᠠᠭᠤᠰᠬᠢᠨ ᠤ ᠪᠠᠭᠲᠠᠭᠠᠮᠵᠢ᠂ ᠰᠠᠭᠤᠵᠤ ᠤᠷᠤᠭᠰᠢ ᠭᠠᠷ ᠢᠶᠠᠨ ᠰᠤᠩᠭᠠᠬᠤ᠂ 50 ᠮᠧᠲᠷ ᠭᠦᠶᠦᠬᠦ᠂ ᠨᠢᠭᠡ ᠮᠢᠨᠦ᠋ᠲ ᠤᠨ ᠳᠡᠭᠡᠰᠦ ᠦᠰᠦᠷᠬᠦ᠂ ᠨᠢᠭᠡ ᠮᠢᠨᠦ᠋ᠲ ᠤᠨ ᠬᠡᠪᠡᠯᠢ ᠶᠢᠨ ᠳᠠᠰᠬᠠᠯ᠂ ᠤᠷᠪᠠᠵᠤ ᠭᠦᠶᠦᠬᠦ ᠵᠡᠷᠭᠡ ᠶᠢ ᠪᠠᠭᠲᠠᠭᠠᠪᠠ᠃ ᠲᠤᠰ ᠤᠳᠠᠭᠠᠨ ᠤ ᠰᠤᠭᠤᠴᠢᠨ ᠪᠠᠶᠢᠴᠠᠭᠠᠯᠲᠠ ᠪᠠᠷ ᠳᠠᠮᠵᠢᠨ ᠰᠤᠷᠤᠭᠴᠢᠳ ᠤᠨ ᠲᠠᠮᠢᠷ ᠲᠡᠩᠬᠡᠭᠡ ᠡᠷᠡᠭᠦᠯ ᠴᠢᠭᠢᠷᠠᠭ ᠤᠨ ᠪᠠᠶᠢᠳᠠᠯ ᠳᠤ ᠪᠦᠬᠦ ᠲᠠᠯ᠎ᠠ ᠶᠢᠨ ᠣᠶᠢᠯᠠᠭᠠᠯᠲᠠ ᠲᠠᠢ ᠪᠣᠯᠵᠤ᠂ ᠰᠤᠷᠭᠠᠭᠤᠢ ᠠᠴᠠ ᠬᠠᠨᠳᠤᠯᠭᠠᠲᠤ ᠴᠢᠨᠠᠷ ᠲᠠᠢ ᠪᠠᠷ ᠪᠡᠶ᠎ᠡ ᠶᠢᠨ ᠲᠠᠮᠢᠷ ᠤᠨ ᠵᠢᠭᠠᠨ ᠰᠤᠷᠭᠠᠯᠲᠠ ᠶᠢᠨ ᠬᠥᠳᠡᠯᠭᠡᠭᠡᠨ ᠥᠷᠨᠢᠭᠦᠯᠵᠦ᠂ ᠰᠤᠷᠤᠭᠴᠢᠳ ᠤᠨ ᠪᠡᠶ᠎ᠡ ᠮᠠᠬᠠᠪᠤᠳ ᠤᠨ ᠶᠠᠰᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠬᠦ ᠳᠤ ᠨᠡᠩ ᠳᠥᠭᠦᠮ ᠪᠣᠯᠪᠠ᠃ ᠰᠤᠷᠪᠤᠯᠵᠢᠯᠠᠭᠴᠢ ᠴᠡᠪᠡᠷᠬᠠᠰ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号