ᠡᠵᠡᠩᠨᠡᠯᠲᠡ ᠶᠢᠨ ᠴᠢᠨᠠᠷᠲᠠᠶ ᠬᠤᠲᠠ ᠶᠢᠨ ᠬᠤᠭᠤᠯᠠᠶ ᠲᠣᠤᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠥᠷᠭᠡᠳᠬᠡᠵᠦ ᠬᠤᠷᠢᠨᠭᠡᠷ ᠰᠢᠨ᠎ᠡ ᠲᠣᠭᠤᠷᠢᠭ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠦᠭᠦᠴᠡᠯ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2020/11/5
     ᠭᠠᠵᠠᠷ ᠳᠣᠤᠷᠠᠬᠢ ᠬᠤᠭᠤᠯᠠᠶ ᠶᠢᠨ ᠲᠣᠤᠷ ᠪᠣᠯ ᠬᠤᠲᠠ ᠶᠢᠨ ᠰᠠᠭᠤᠷᠢ ᠪᠡᠯᠡᠳᠬᠡᠮᠵᠢ ᠶᠢᠨ ᠴᠢᠬᠤᠯᠠ ᠪᠦᠷᠢᠯᠳᠦᠬᠦᠨ ᠬᠡᠰᠡᠭ ᠪᠣᠯᠬᠤ ᠪᠥᠭᠡᠳ ᠬᠤᠲᠠ ᠶᠢᠨ ᠠᠵᠢᠯᠯᠠᠭᠠᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠴᠢᠬᠤᠯᠠ ᠰᠠᠭᠤᠷᠢ ᠪᠣᠯᠤᠨ᠎ᠠ᠃ ᠬᠤᠷᠢᠨᠭᠡᠷ ᠰᠢᠨ᠎ᠡ ᠲᠣᠭᠤᠷᠢᠭ ᠪᠠᠶᠢᠭᠤᠯᠤᠭᠳᠠᠭᠰᠠᠨ ᠠᠴᠠ ᠨᠠᠭᠠᠰᠢ᠂ ︽ᠤᠷᠢᠳᠠᠪᠠᠷ ᠲᠥᠯᠥᠪᠵᠢᠭᠦᠯᠵᠦ ᠳᠠᠷᠠᠭ᠎ᠠ ᠨᠢ ᠪᠦᠲᠦᠭᠡᠨ ᠪᠠᠶᠢᠭᠤᠯᠬᠤ︾᠂ ︽ᠤᠷᠢᠳᠠᠪᠠᠷ ᠭᠠᠵᠠᠷ ᠳᠣᠣᠷᠠᠬᠢ ᠶᠢ ᠨᠢ ᠳᠠᠷᠠᠭ᠎ᠠ ᠨᠢ ᠭᠠᠵᠠᠷ ᠳᠡᠭᠡᠷᠡᠬᠢ︾ ᠵᠠᠷᠴᠢᠮ ᠶᠣᠰᠣᠭᠠᠷ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠲᠦᠷᠦᠯ ᠵᠦᠢᠯ ᠢ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠪᠦᠲᠦᠭᠡᠨ ᠪᠠᠶᠢᠭᠤᠯᠤᠭᠰᠠᠨ ᠪᠦᠭᠡᠳ ᠵᠠᠰᠠᠭ ᠤᠨ ᠣᠷᠳᠣᠨ ᠤ ᠣᠷᠣᠭᠤᠯᠤᠯᠲᠠ ᠶᠢ ᠪᠠᠲᠤᠯᠠᠨ᠂ ᠡᠵᠡᠩᠨᠡᠯᠲᠡ ᠶᠢᠨ ᠴᠢᠨᠠᠷᠲᠠᠶ ᠬᠤᠲᠠ ᠶᠢᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠬᠠᠮᠲᠤ᠂ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷ ᠤᠨ ᠲᠣᠭᠲᠠᠴᠠ ᠶᠢᠨ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠬᠥᠷᠥᠩᠭᠡ ᠶᠢ ᠲᠡᠳᠡᠨ ᠡᠵᠡᠩᠨᠡᠯᠲᠡ ᠶᠢᠨ ᠴᠢᠨᠠᠷᠲᠠᠶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠤᠨ ᠡᠵᠡᠩᠨᠡᠯᠲᠡ ᠳᠤ ᠣᠷᠣᠯᠴᠠᠭᠤᠯᠵᠤ᠂ ᠣᠯᠠᠨ ᠵᠦᠢᠯ ᠤᠨ ᠬᠡᠯᠪᠡᠷᠢ ᠪᠠᠷ ᠤᠯᠠᠮᠵᠢᠯᠠᠯᠲᠤ ᠠᠵᠤ ᠠᠬᠤᠶᠢᠯᠠᠯ ᠤᠨ ᠡᠵᠡᠩᠨᠡᠯᠲᠡ ᠶᠢᠨ ᠲᠣᠭᠲᠠᠴᠠ ᠶᠢ ᠬᠤᠪᠢᠷᠠᠭᠤᠯᠤᠨ᠂ ᠬᠠᠮᠲᠤᠷᠠᠯᠴᠠᠭᠠᠨ ᠢᠶᠠᠷ ᠬᠠᠷᠢᠯᠴᠠᠨ ᠠᠰᠢᠭ ᠬᠦᠷᠲᠡᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠵᠠᠷᠴᠢᠮ ᠢ ᠪᠠᠳᠠᠷᠠᠭᠤᠯᠵᠤ᠂ ᠬᠤᠲᠠ ᠶᠢᠨ ᠰᠠᠭᠤᠷᠢ ᠪᠡᠯᠡᠳᠬᠡᠮᠵᠢ ᠶᠢᠨ ᠪᠠᠭᠤᠷᠠᠶ ᠲᠠᠯ᠎ᠠ ᠶᠢ ᠠᠬᠢᠭᠤᠯᠤᠨ ᠰᠠᠶᠢᠵᠢᠷᠠᠭᠤᠯᠵᠤ᠂ ᠰᠢᠨ᠎ᠡ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠲᠤᠰᠬᠠᠶᠢᠵᠢᠭᠰᠠᠨ ᠠᠵᠢᠯᠯᠠᠭᠠᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠢᠯᠡᠴᠢᠯᠡᠭᠡᠨ ᠤ ᠶᠠᠰᠤ ᠴᠢᠨᠠᠷ ᠪᠠ ᠥᠷᠢᠰᠦᠯᠳᠦᠬᠦ ᠴᠢᠳᠠᠪᠤᠷᠢ ᠶᠢ ᠳᠡᠭᠡᠭᠰᠢᠯᠡᠭᠦᠯᠦᠭᠰᠡᠭᠡᠷ ᠢᠷᠡᠪᠡ᠃
    ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠡᠰᠡᠭ ᠪᠦᠯᠦᠭ ᠭᠠᠵᠠᠷ ᠳᠣᠤᠷᠠᠬᠢ ᠬᠤᠭᠤᠯᠠᠶ ᠶᠢᠨ ᠲᠣᠤᠷ ᠤᠨ ᠪᠠᠷᠢᠯᠭ᠎ᠠ ᠶᠢᠨ ᠭᠠᠵᠠᠷ      ᠣᠳᠣ ᠪᠣᠯᠲᠠᠯ᠎ᠠ ᠰᠢᠨ᠎ᠡ ᠲᠣᠭᠤᠷᠢᠭ ᠤᠨ ᠰᠢᠭᠤᠳ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠦᠨᠳᠦᠰᠦᠨ ᠪᠦᠲᠦᠭᠡᠨ ᠪᠠᠶᠢᠭᠤᠯᠤᠯᠲᠠ ᠶᠢᠨ ᠺᠣᠮᠫᠠᠨᠢ ᠨᠢᠭᠡᠨᠲᠡ ᠪᠡᠭᠡᠵᠢᠩ ᠤᠨ ᠵᠢᠩ ᠨᠧᠩ ᠡᠨᠧᠷᠭᠢ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠰᠢᠶᠠᠩ ᠢᠦᠶ ᠴᠢᠮᠡᠭᠡ ᠬᠤᠯᠪᠣᠭᠠᠨ ᠤ ᠰᠦᠯᠵᠢᠶᠡᠨ ᠤ ᠢᠨᠵᠧᠨᠧᠷᠢᠩ ᠤᠨ ᠬᠢᠵᠠᠭᠠᠷᠲᠤ ᠺᠣᠮᠫᠠᠨᠢ᠂ ᠪᠣᠭᠤᠲᠤ ᠶᠢᠨ ᠬᠤᠢ ᠮᠢᠨ ᠤᠰᠤᠨ ᠤ ᠶᠠᠪᠤᠳᠠᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠲᠦᠩ ᠹᠠᠩ ᠡᠨᠧᠷᠭᠢ ᠶᠢᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠲᠠᠢ ᠬᠤᠲᠠ ᠶᠢᠨ ᠶᠡᠷᠦᠩᠬᠡᠶᠢᠯᠡᠭᠰᠡᠨ ᠡᠨᠧᠷᠭᠢ᠂ ᠴᠢᠮᠡᠭᠡ ᠬᠤᠯᠪᠣᠭᠠᠨ ᠤ ᠬᠤᠭᠤᠯᠠᠶ ᠶᠢᠨ ᠲᠣᠤᠷ᠂ ᠳᠠᠮᠵᠢᠭᠤᠯᠬᠤ ᠬᠤᠭᠤᠯᠠᠶ ᠶᠢᠨ ᠰᠢᠭᠤᠳ ᠤᠤᠭᠤᠬᠤ ᠤᠰᠤ ᠵᠢᠴᠢ ᠠᠷᠢᠭᠤᠨ ᠴᠡᠪᠡᠷ ᠡᠨᠧᠷᠭᠢ ᠵᠡᠷᠭᠡ ᠬᠦᠷᠢᠶᠡᠨ ᠳᠤ ᠪᠠᠯᠠ ᠨᠡᠶᠢᠯᠡᠭᠦᠯᠦᠭᠰᠡᠨ ᠺᠣᠮᠫᠠᠨᠢ ᠪᠠᠶᠢᠭᠤᠯᠬᠤ ᠶᠢᠨ ᠬᠠᠮᠲᠤ᠂ ᠡᠭᠦᠯᠡᠨ ᠬᠦᠨᠳᠡᠢ ᠶᠢᠨ ᠲᠣᠭᠤᠷᠢᠭ ᠤᠨ ᠰᠢᠲᠠᠮᠠᠬᠠᠶ ᠬᠡᠶ ᠶᠢᠨ ᠬᠠᠩᠭᠠᠯᠭ᠎ᠠ᠂ ᠢᠯᠴᠢ ᠶᠢᠨ ᠬᠠᠩᠭᠠᠯᠭ᠎ᠠ᠂ ᠴᠢᠮᠡᠭᠡ ᠬᠤᠯᠪᠣᠭ᠎ᠠ᠂ ᠤᠰᠤᠨ ᠬᠠᠩᠭᠠᠯᠭ᠎ᠠ ᠵᠡᠷᠭᠡ ᠰᠠᠭᠤᠷᠢ ᠪᠡᠯᠡᠳᠬᠡᠮᠵᠢ ᠶᠢᠨ ᠢᠵᠢ ᠪᠦᠷᠢᠳᠦᠭᠦᠯᠦᠯᠲᠡ ᠶᠢ ᠲᠦᠷᠭᠡᠳᠬᠡᠨ ᠠᠬᠢᠭᠤᠯᠵᠤ᠂ ᠰᠢᠨ᠎ᠡ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠨᠡᠮᠡᠭᠳᠡᠭᠦᠯᠬᠦ᠂ ᠡᠵᠡᠩᠨᠡᠨ ᠬᠤᠳᠠᠯᠳᠤᠭᠠᠯᠠᠬᠤ ᠰᠠᠶᠢᠨ ᠰᠠᠶᠢᠬᠠᠨ ᠣᠷᠴᠢᠨ ᠨᠦᠭᠦᠴᠡᠯ ᠢ ᠪᠣᠶ ᠪᠣᠯᠭᠠᠬᠤ ᠳᠤ ᠬᠦᠴᠦᠲᠡᠶ ᠪᠠᠲᠤᠯᠠᠭ᠎ᠠ ᠬᠠᠩᠭᠠᠵᠤ ᠪᠠᠶᠢᠨ᠎ᠠ᠃      ᠵᠠᠯᠭᠠᠭᠠᠳ᠂ ᠰᠢᠨ᠎ᠡ ᠲᠣᠭᠤᠷᠢᠭ ᠦᠷᠭᠦᠯᠵᠢᠯᠡᠨ ᠲᠣᠭᠲᠠᠴᠠ ᠶᠢᠨ ᠰᠢᠨᠡᠴᠢᠯᠡᠯᠲᠡ ᠶᠢ ᠲᠠᠰᠤᠷᠠᠯᠲᠠ ᠦᠭᠡᠢ ᠲᠥᠯᠥᠪᠯᠡᠵᠦ᠂ ᠡᠯ᠎ᠡ ᠵᠦᠢᠯ ᠤᠨ ᠬᠤᠲᠠ ᠶᠢᠨ ᠰᠠᠭᠤᠷᠢ ᠪᠡᠯᠡᠳᠬᠡᠮᠵᠢ ᠶᠢᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ ᠪᠦᠲᠦᠭᠡᠨ ᠪᠠᠶᠢᠭᠤᠯᠤᠯᠲᠠ ᠶᠢ ᠶᠡᠷᠦᠩᠬᠡᠶᠢᠯᠡᠨ ᠲᠥᠯᠥᠪᠯᠡᠵᠦ᠂ ᠰᠢᠨ᠎ᠡ ᠲᠣᠭᠤᠷᠢᠭ ᠤᠨ ᠬᠤᠲᠠ ᠶᠢᠨ ᠰᠠᠭᠤᠷᠢ ᠪᠡᠯᠡᠳᠬᠡᠮᠵᠢ ᠶᠢᠨ ᠠᠵᠢᠯᠯᠠᠭᠠᠨ ᠤ ᠬᠠᠮᠢᠶᠠᠷᠤᠯᠲᠠ ᠶᠢᠨ ᠰᠢᠨᠵᠢᠯᠡᠬᠦ ᠤᠬᠠᠭᠠᠨᠴᠢ ᠴᠢᠨᠠᠷ᠂ ᠰᠢᠰᠲ᠋ᠧᠮᠲᠦ ᠴᠢᠨᠠᠷ ᠪᠣᠯᠤᠨ ᠵᠣᠬᠢᠴᠠᠩᠭᠤᠶ ᠴᠢᠨᠠᠷ ᠢ ᠴᠢᠩᠭᠠᠳᠬᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠲᠠᠰᠤᠷᠠᠯᠲᠠ ᠥᠬᠡᠶ ᠴᠢᠩᠭᠠᠳᠬᠠᠵᠤ᠂ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠦᠨ᠂ ᠨᠠᠩ ᠥᠨᠳᠥᠷ ᠪᠦᠲᠦᠮᠵᠢᠲᠡᠶ᠂ ᠠᠮᠤᠷ ᠲᠦᠪᠰᠢᠨ᠂ ᠨᠠᠶᠢᠳᠠᠪᠤᠷᠢᠲᠠᠢ᠂ ᠪᠣᠬᠢᠷᠲᠤᠯ ᠥᠬᠡᠶ ᠪᠠ ᠣᠶᠤᠨᠴᠢ ᠬᠤᠲᠠ ᠶᠢᠨ ᠰᠠᠭᠤᠷᠢ ᠪᠡᠯᠡᠳᠬᠡᠮᠵᠢ ᠶᠢᠨ ᠰᠢᠰᠲ᠋ᠧᠮ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠳᠡᠭᠡᠳᠦ ᠰᠢᠨ᠎ᠡ ᠮᠡᠷᠭᠡᠵᠢᠯ ᠤᠨ ᠲᠣᠭᠤᠷᠢᠭ ᠤᠨ ᠶᠡᠷᠦᠩᠬᠡᠶᠢᠯᠡᠭᠰᠡᠨ ᠥᠷᠢᠰᠦᠯᠳᠦᠬᠦ ᠬᠦᠴᠦᠨ ᠪᠠ ᠦᠷᠭᠦᠯᠵᠢᠯᠡᠬᠦ ᠬᠥᠭᠵᠢᠯᠲᠡ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠬᠤ ᠦᠢᠯᠡᠳᠦᠯ ᠢ ᠨᠠᠩ ᠰᠠᠶᠢᠲᠤᠷ ᠪᠠᠳᠠᠷᠠᠭᠤᠯᠬᠤ ᠪᠣᠯᠣᠨ᠎ᠠ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ