ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠧᠩ ᠰᠢᠨ ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠬᠦ ᠲᠥᠪ ᠵᠢᠴᠢ ᠢᠵᠢ ᠪᠥᠷᠢᠳᠦᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢᠯᠡᠷᠬᠡᠶᠢᠯᠡᠯ ᠢᠶᠠᠨ ᠰᠡᠬᠦᠪᠡ
ᠨᠡᠶᠢᠲᠡᠯᠡᠭᠰᠡᠨ ᠴᠠᠭ᠄
2020/11/5
     ᠣᠶᠢᠷ᠎ᠠ ᠳᠤ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠧᠩ ᠰᠢᠨ ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠬᠦ ᠲᠥᠪ ᠵᠢᠴᠢ ᠢᠵᠢ ᠪᠥᠷᠢᠳᠦᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢᠯᠡᠷᠬᠡᠶᠢᠯᠡᠯ ᠢᠶᠠᠨ ᠰᠡᠬᠦᠪᠡ᠃      ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠮᠧᠩ ᠰᠢᠨ ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠬᠦ ᠲᠥᠪ ᠤᠨ ᠲᠥᠷᠥᠯ ᠵᠦᠢᠯ ᠢ ᠥᠪᠥᠷ ᠮᠣᠩᠭᠤᠯ ᠤᠨ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠠᠴᠠ ᠪᠡᠯᠡ ᠣᠷᠣᠭᠤᠯᠤᠨ ᠪᠦᠲᠦᠭᠡᠨ ᠪᠠᠶᠢᠭᠤᠯᠵᠤ᠂ ᠡᠵᠡᠯᠡᠨ ᠬᠡᠷᠡᠭᠯᠡᠭᠰᠡᠨ ᠭᠠᠵᠠᠷ ᠰᠢᠷᠣᠶ ᠶᠢᠨ ᠲᠠᠯᠠᠪᠠᠶ ᠨᠢ ᠪᠠᠷᠤᠭ 70 ᠮᠦ ᠪᠠᠶᠢᠵᠤ᠂ ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠬᠦ ᠲᠥᠪ᠂ ᠳᠡᠯᠭᠡᠨ ᠦᠵᠡᠭᠦᠯᠬᠦ ᠲᠥᠪ᠂ ᠳ᠋ᠦᠩᠨᠡᠨ ᠪᠣᠳᠣᠬᠤ ᠲᠥᠪ᠂ ᠡᠵᠡᠩᠨᠡᠯᠲᠡ ᠶᠢᠨ ᠲᠥᠪ᠂ ᠬᠤᠷᠠᠯ ᠤᠨ ᠲᠥᠪ᠂ ᠠᠷᠤ ᠲᠠᠯ᠎ᠠ ᠶᠢᠨ ᠦᠢᠯᠡᠴᠢᠯᠡᠭᠡᠨ ᠤ ᠲᠥᠪ ᠢ ᠨᠢᠭᠡ ᠴᠣᠭᠴᠠᠵᠢᠭᠤᠯᠤᠭᠰᠠᠨ ᠠᠯᠪᠠᠨ ᠠᠰᠠᠷ ᠵᠢᠴᠢ ᠢᠵᠢ ᠪᠦᠷᠢᠳᠦᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠤᠨ᠎ᠠ᠃      ︽ᠮᠧᠩ ᠰᠢᠨ︾ ᠰᠢᠷᠢᠰ ᠴᠠᠬᠢᠮ ᠤᠨ ᠦᠢᠯᠡᠳᠪᠦᠷᠢᠯᠡᠭᠰᠡᠨ RFID ᠰᠠᠴᠤᠷᠠᠯ ᠳᠠᠪᠲᠠᠮᠵᠢᠲᠤ ᠰᠡᠷᠡᠭᠳᠡᠭᠦᠷ ᠨᠢ ᠳᠤᠯᠠᠭᠠᠨ᠂ ᠴᠢᠭᠢᠭᠲᠦᠴᠡ᠂ ᠳᠠᠷᠤᠯᠲᠠ᠂ ᠪᠠᠶᠢᠷᠢ ᠰᠢᠯᠵᠢᠯ᠂ ᠳᠣᠷᠭᠢᠯᠲᠠ᠂ ᠤᠲᠤᠭᠠᠨ ᠰᠡᠷᠡᠯ᠂ ᠵᠠᠮ ᠬᠠᠷᠢᠯᠴᠠᠭᠠᠨ ᠤ ᠮᠥᠰᠥᠯᠳᠦᠯ᠂ ᠤᠰᠤᠨ ᠳᠡᠪᠲᠦᠯᠲᠡ ᠶᠢᠨ ᠪᠠᠶᠢᠴᠠᠭᠠᠨ ᠬᠡᠮᠵᠢᠯᠲᠡ ᠵᠡᠷᠭᠡ 30 ᠭᠠᠷᠤᠶ ᠵᠦᠢᠯ ᠤᠨ ᠰᠦᠯᠵᠢᠶᠡᠨ ᠳᠡᠭᠡᠷ᠎ᠡ ᠴᠠᠭ ᠲᠤᠬᠠᠶ ᠳᠤᠨᠢ ᠬᠢᠨᠠᠨ ᠡᠵᠡᠮᠳᠡᠬᠦ ᠴᠢᠳᠠᠮᠵᠢ ᠲᠠᠢ ᠪᠠᠶᠢᠳᠠᠭ᠃ ᠤᠶᠤᠨᠲᠤ ᠲᠠᠷᠢᠶᠠᠯᠠᠩ᠂ ᠤᠶᠤᠨᠲᠤ ᠬᠤᠲᠠ᠂ ᠤᠶᠤᠨᠲᠤ ᠠᠵᠤ ᠦᠢᠯᠡᠳᠪᠦᠷᠢ᠂ ᠲᠠᠸᠠᠷ ᠤᠨ ᠪᠠᠷᠠᠭᠠᠨ ᠤ ᠭᠦᠢᠯᠭᠡᠭᠡ ᠶᠢᠨ ᠮᠥᠷᠳᠡᠯᠲᠡ ᠵᠡᠷᠭᠡ ᠬᠦᠷᠢᠶᠡᠨ ᠳᠤ ᠬᠡᠷᠡᠭᠯᠡᠵᠦ ᠪᠣᠯᠤᠨ᠎ᠠ᠃ ᠮᠧᠩ ᠰᠢᠨ ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠬᠦ ᠲᠥᠪ ᠵᠢᠴᠢ ᠢᠵᠢ ᠪᠦᠷᠢᠳᠦᠭᠦᠯᠬᠦ ᠲᠥᠷᠥᠯ ᠵᠦᠢᠯ ᠪᠠᠶᠢᠭᠤᠯᠤᠭᠳᠠᠵᠤ ᠠᠰᠢᠭᠯᠠᠯᠲᠠ ᠳᠤ ᠣᠷᠣᠭᠰᠠᠨ ᠤ ᠳᠠᠷᠠᠭ᠎ᠠ᠂ ᠰᠢᠨ᠎ᠡ ᠲᠣᠭᠤᠷᠢᠭ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠲᠤᠭ᠎ᠠ ᠪᠠᠷᠢᠮᠲᠠ ᠴᠤᠭᠯᠠᠭᠤᠯᠬᠤ ᠴᠢᠭᠯᠡᠯ ᠲᠡᠰᠢ ᠶᠢᠨ ᠤᠷᠲᠤᠳᠬᠠᠯ ᠢ ᠠᠬᠢᠭᠤᠯᠵᠤ᠂ ᠲᠣᠮᠣ ᠳ᠋ᠠᠶᠢᠲ᠋ᠠ ᠶᠢᠨ ᠠᠵᠤ ᠦᠢᠯᠡᠰ ᠪᠣᠯᠤᠨ ᠲᠣᠨᠤᠭ ᠲᠥᠬᠦᠭᠡᠷᠦᠮᠵᠢ ᠦᠢᠯᠡᠳᠬᠦ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠰᠢᠨ᠎ᠡ ᠲᠣᠭᠤᠷᠢᠭ ᠤᠨ ᠲᠣᠮᠣ ᠳ᠋ᠠᠶᠢᠲ᠋ᠠ᠂ ᠵᠣᠬᠢᠶᠠᠮᠠᠯ ᠣᠶᠤᠨ ᠴᠢᠳᠠᠪᠤᠷᠢ᠂ ᠪᠣᠳᠠᠰᠯᠢᠭ ᠬᠤᠯᠪᠣᠭᠠᠲᠤ ᠰᠦᠯᠵᠢᠶ᠎ᠡ ᠵᠡᠷᠭᠡ ᠠᠵᠤ ᠦᠢᠯᠡᠰ ᠤᠨ ᠬᠥᠭᠵᠢᠯᠲᠡ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ