ᠸᠠᠩ ᠯᠢ ᠰᠢᠶᠠ᠄ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠤᠴᠢᠷ ᠢ ᠴᠠᠭ ᠢᠮᠠᠭᠲᠠ ᠰᠠᠨᠠᠭᠠᠨ ᠳᠠᠭᠠᠨ ᠠᠪᠴᠤ ᠣᠯᠠᠨ ᠲᠦᠮᠡᠨ ᠤ ᠲᠤᠯᠭᠠᠮᠳᠠᠵᠤ ᠬᠦᠴᠢᠷᠳᠡᠵᠦ ᠬᠦᠰᠡᠵᠦ ᠪᠠᠶᠢᠭ᠎ᠠ ᠤᠴᠢᠷ ᠢ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2020/11/6
       ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠦᠨᠳᠦᠰᠦᠨ ᠱᠠᠲᠤᠨ ᠳᠤ ᠪᠠᠶᠢᠴᠠᠭᠠᠨ ᠰᠤᠳᠤᠯᠤᠯᠲᠠ ᠬᠢᠵᠦ ᠶᠠᠪᠤᠨ ᠰᠤᠷᠪᠤᠯᠵᠢᠯᠠᠬᠤ ᠳᠠᠭᠠᠨ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠤᠴᠢᠷ ᠪᠦᠬᠦᠨ ᠪᠠᠭ᠎ᠠ ᠤᠴᠢᠷ ᠪᠢᠰᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠤᠴᠢᠷ ᠢ ᠴᠠᠭ ᠢᠮᠠᠭᠲᠠ ᠰᠠᠨᠠᠭᠠᠨ ᠳᠠᠭᠠᠨ ᠠᠪᠴᠤ ᠣᠯᠠᠨ ᠲᠦᠮᠡᠨ ᠤ ᠲᠤᠯᠭᠠᠮᠳᠠᠵᠤ ᠬᠦᠴᠢᠷᠳᠡᠵᠦ ᠬᠦᠰᠡᠵᠦ ᠪᠠᠶᠢᠭ᠎ᠠ ᠤᠴᠢᠷ ᠢ ᠦᠨᠡᠨ ᠰᠡᠳᠬᠢᠯ ᠠᠴᠠ ᠪᠠᠨ ᠰᠠᠶᠢᠲᠤᠷ ᠰᠢᠢᠳᠪᠦᠷᠢᠯᠡᠨ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯ ᠤᠨ ᠲᠥᠷᠥᠭᠳᠡᠯ ᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ ᠭᠡᠵᠡᠢ᠃      ᠦᠳᠡᠰᠢ ᠶᠢᠨ ᠦᠶ᠎ᠡ ᠪᠠᠷ᠂ ᠸᠠᠩ ᠯᠢ ᠰᠢᠶᠠ ᠰᠠᠶᠢᠬᠠᠨ ᠲᠣᠭᠤᠷᠢᠭ ᠤᠨ ᠰᠢᠨ ᠱᠤᠸᠠᠩ ᠱᠤ᠋ ᠲᠣᠰᠬᠤᠨ ᠳᠤ ᠬᠦᠷᠴᠦ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠵᠠᠮ ᠤᠨ ᠪᠦᠲᠦᠭᠡᠨ ᠪᠠᠶᠢᠭᠤᠯᠤᠯᠲᠠ ᠶᠢᠨ ᠠᠰᠠᠭᠤᠳᠠᠯ ᠤᠨ ᠠᠬᠢᠴᠠ ᠶᠢᠨ ᠪᠠᠶᠢᠳᠠᠯ ᠢ ᠣᠶᠢᠯᠭᠠᠨ᠂ ᠰᠠᠭᠤᠭᠠᠯᠢ ᠠᠷᠠᠳ ᠤᠨ ᠭᠡᠷ ᠪᠠ ᠪᠠᠭ᠎ᠠ ᠳᠡᠯᠭᠡᠭᠦᠷ ᠢᠶᠠᠷ ᠲᠠᠰᠢᠷᠠᠮ ᠢᠶᠠᠷ ᠣᠷᠣᠵᠤ᠂ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠠᠵᠢᠯ ᠤᠨ ᠪᠣᠳᠠᠲᠠᠢ ᠦᠷ᠎ᠡ ᠪᠦᠲᠦᠮᠵᠢ ᠶᠢ ᠣᠶᠢᠯᠠᠭᠠᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠵᠣᠷᠢᠯᠲᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠣᠯᠠᠨ ᠲᠦᠮᠡᠨ ᠤ ᠬᠠᠨᠤᠮᠵᠢᠲᠠᠢ ᠡᠰᠡᠬᠦ ᠪᠠᠷ ᠡᠯ᠎ᠡ ᠲᠥᠷᠥᠯ ᠤᠨ ᠠᠵᠢᠯ ᠢ ᠰᠢᠯᠭᠠᠬᠤ ᠨᠢᠭᠡᠳᠦᠭᠡᠷ ᠪᠠᠷᠢᠮᠵᠢᠶ᠎ᠠ ᠪᠣᠯᠭᠠᠵᠤ᠂ ᠳᠣᠷᠣᠭᠰᠢ ᠪᠠᠭᠤᠵᠤ ᠠᠷᠠᠳ ᠤᠨ ᠳᠠᠭᠤᠨ ᠢ ᠰᠣᠨᠣᠰᠴᠤ᠂ ᠠᠷᠠᠳ ᠤᠨ ᠪᠠᠶᠢᠳᠠᠯ ᠢ ᠣᠶᠢᠯᠠᠭᠠᠵᠤ  ᠂ ᠠᠷᠠᠳ ᠤᠨ ᠬᠦᠴᠢᠷ ᠢ ᠰᠢᠢᠳᠪᠦᠷᠢᠯᠡᠵᠦ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠠᠷᠠᠳ ᠣᠯᠠᠨ ᠲᠦᠮᠡᠨ ᠤ ᠬᠦᠨᠳᠦᠳᠬᠡᠯ ᠪᠢᠰᠢᠷᠡᠯ ᠪᠠ ᠳᠡᠮᠵᠢᠯᠭᠡ ᠶᠢ ᠣᠯᠬᠤ ᠬᠡᠷᠡᠭᠲᠡᠢ ᠭᠡᠵᠡᠢ᠃      ᠲᠣᠰᠬᠤ ᠲᠣᠰᠬᠤᠨ ᠳᠤ᠂ ᠸᠠᠩ ᠯᠢ ᠰᠢᠶᠠ ᠥᠨᠳᠥᠷ ᠪᠠᠷᠢᠯᠭ᠎ᠠ ᠶᠢᠨ ᠥᠮᠴᠢᠲᠡᠨ ᠤ ᠬᠠᠯᠠᠮᠵᠢᠯᠠᠵᠤ ᠪᠠᠶᠢᠭ᠎ᠠ ᠠᠳᠠᠯ ᠠᠬᠤᠢ ᠶᠢᠨ ᠦᠢᠯᠡᠴᠢᠯᠡᠭᠡ ᠶᠢᠨ ᠶᠠᠰᠤ ᠴᠢᠨᠠᠷ ᠤᠨ ᠠᠰᠠᠭᠤᠳᠠᠯ ᠢ ᠰᠢᠢᠳᠪᠦᠷᠢᠯᠡᠵᠦ ᠪᠠᠶᠢᠭ᠎ᠠ ᠪᠠᠶᠢᠳᠠᠯ ᠢ ᠶᠠᠪᠤᠨ ᠰᠤᠷᠪᠤᠯᠵᠢᠯᠠᠵᠤ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠨᠠᠮ ᠤᠨ ᠭᠡᠰᠢᠭᠦᠨ ᠺᠠᠳ᠋ᠷ ᠪᠦᠷᠢ ᠣᠯᠠᠨ ᠲᠦᠮᠡᠨ ᠤ ᠬᠠᠯᠠᠭᠤᠨ ᠬᠦᠢᠲᠡᠨ ᠵᠣᠪᠠᠭᠤᠷᠢ ᠵᠦᠳᠡᠭᠦᠷᠢ ᠶᠢ ᠥᠪᠡᠷ ᠤᠨ ᠪᠡᠶ᠎ᠡ ᠪᠠᠷ ᠢᠶᠠᠨ ᠮᠡᠳᠡᠷᠡᠵᠦ᠂ ᠣᠯᠠᠨ ᠲᠦᠮᠡᠨ ᠤ ᠤᠴᠢᠷ ᠢ ᠥᠪᠡᠷ ᠤᠨ ᠢᠶᠠᠨ ᠤᠴᠢᠷ ᠪᠣᠯᠭᠠᠨ ᠰᠢᠢᠳᠪᠦᠷᠢᠯᠡᠵᠦ᠂ ᠦᠨᠡᠨ ᠰᠡᠳᠬᠢᠯ ᠢᠶᠠᠷ ᠢᠶᠠᠨ ᠣᠯᠠᠨ ᠲᠦᠮᠡᠨ ᠤ ᠬᠦᠴᠢᠷ ᠵᠣᠪᠠᠯᠠᠩ ᠢ ᠰᠢᠢᠳᠪᠦᠷᠢᠯᠡᠵᠦ ᠥᠭᠬᠦ ᠬᠡᠷᠡᠭᠲᠡᠢ᠃ ᠬᠤᠷᠢᠶᠠᠯᠠᠯ ᠤᠨ ᠥᠪᠡᠷ ᠤᠨ ᠣᠨᠴᠠᠯᠢᠭ ᠲᠤ ᠲᠣᠬᠢᠷᠠᠭᠰᠠᠨ ᠠᠳᠠᠯ ᠠᠬᠤᠢ ᠶᠢᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠬᠤ ᠶᠢ ᠢᠳᠡᠪᠬᠢᠲᠡᠢ ᠰᠡᠳᠦᠵᠦ᠂ ᠬᠤᠷᠢᠶᠠᠯᠠᠯ ᠤᠨ ᠰᠠᠭᠤᠭᠠᠯᠢ ᠠᠷᠠᠳ ᠲᠤ ᠰᠠᠶᠢᠨ ᠦᠢᠯᠡᠴᠢᠯᠡᠵᠦ᠂ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠠᠷᠠᠳ ᠤᠨ ᠠᠮᠢᠳᠤᠷᠠᠯ ᠤᠨ ᠠᠵᠢᠯ ᠦᠢᠯᠡᠰ ᠤᠨ ᠬᠥᠭᠵᠢᠯᠲᠡ ᠪᠣᠯ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠵᠢᠯ ᠤᠨ ᠶᠡᠭᠡ ᠤᠴᠢᠷ ᠮᠥᠨ᠂ ᠠᠷᠠᠳ ᠲᠦᠮᠡᠨ ᠤ ᠰᠡᠳᠬᠢᠯ ᠳᠤ ᠬᠠᠨᠤᠮᠵᠢᠲᠠᠢ ᠵᠣᠯ ᠵᠢᠷᠭᠠᠯᠲᠤ ᠬᠥᠬᠡᠬᠤᠲᠠ ᠶᠢ ᠪᠠᠶᠢᠭᠤᠯᠬᠤ ᠳᠤ᠂ ᠪᠢᠳᠠᠨ ᠤ ᠠᠵᠢᠯ ᠳᠤ ᠪᠠᠰᠠ ᠴᠥᠭᠡᠨ ᠪᠤᠰᠤ ᠳᠤᠲᠠᠭᠳᠠᠯ ᠣᠷᠣᠰᠢᠵᠤ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠤ ᠲᠥᠯᠥᠭᠡ ᠦᠢᠯᠡᠴᠢᠯᠡᠬᠦ ᠤᠭ ᠰᠠᠨᠠᠭ᠎ᠠ ᠪᠠᠨ ᠤᠯᠠᠮ ᠨᠢᠭᠡ ᠠᠯᠬᠤᠮ ᠪᠠᠲᠤ ᠰᠠᠬᠢᠨ᠂ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠣᠯᠠᠨ ᠲᠦᠮᠡᠨ ᠤ ᠬᠠᠯᠠᠮᠵᠢᠯᠠᠵᠤ ᠪᠠᠶᠢᠭ᠎ᠠ ᠠᠰᠠᠭᠤᠳᠠᠯ ᠢ ᠴᠢᠷᠮᠠᠶᠢᠨ ᠰᠠᠶᠢᠬᠠᠨ ᠰᠢᠢᠳᠪᠦᠷᠢᠯᠡᠵᠦ᠂ ᠠᠷᠠᠳ ᠤᠨ ᠠᠮᠢᠳᠤᠷᠠᠯ ᠤᠨ ᠠᠵᠢᠯ ᠢ ᠦᠨᠡᠨᠬᠦ ᠨᠠᠷᠢᠯᠢᠭ ᠬᠢᠵᠦ ᠪᠣᠳᠠᠲᠠᠢ ᠬᠢᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠪᠠᠷ ᠪᠢᠳᠠᠨ ᠤ ᠠᠵᠢᠯ ᠤᠨ ᠦᠷ᠎ᠡ ᠪᠦᠲᠦᠮᠵᠢ ᠶᠢ ᠰᠢᠯᠭᠠᠵᠤ᠂ ᠲᠠᠯ᠎ᠠ ᠨᠤᠲᠤᠭ ᠤᠨ ᠬᠤᠲᠠ ᠶᠢᠨ ᠬᠥᠭᠵᠢᠯᠲᠡ ᠶᠢ ᠨᠡᠩ ᠢᠯᠡᠭᠦᠦ ᠬᠥᠮᠥᠨ ᠴᠢᠨᠠᠷ ᠢᠶᠠᠷ ᠳᠤᠯᠠᠭᠠᠯᠠᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号