ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠴᠠᠭᠠᠨ ᠰᠤᠳᠤᠯᠬᠤ ᠳᠤᠭᠤᠶᠢᠯᠠᠩ ᠬᠤᠷᠢᠨᠭᠡᠷ ᠰᠢᠶᠠᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020/11/9
     11 ᠳ᠋ᠦ᠋ᠭᠡᠷ ᠰᠠᠷ᠎ᠠ ᠶᠢᠨ 4 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠡᠷᠢᠭᠦᠯᠡᠭᠴᠢ ᠴᠡᠴᠡᠭ ᠤᠨ ᠳᠠᠭᠠᠭᠤᠯᠤᠭᠰᠠᠨ ᠪᠠᠶᠢᠴᠠᠭᠠᠨ ᠰᠤᠳᠤᠯᠬᠤ ᠳᠤᠭᠤᠶᠢᠯᠠᠩ ᠮᠠᠨ ᠤ ᠰᠢᠶᠠᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠠᠮᠢᠶ᠎ᠠ ᠪᠦᠬᠦᠢ ᠪᠠᠶᠢᠳᠠᠯ ᠤᠨ ᠲᠤᠬᠠᠶ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠲᠠ ᠬᠢᠬᠦ ᠶᠢᠨ ᠬᠠᠮᠲᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠬᠤᠯᠪᠣᠭᠳᠠᠯ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃      ᠴᠡᠴᠡᠭ ᠤᠷᠢᠳ ᠬᠤᠵᠢᠳ ᠬᠤᠷᠢᠨᠭᠡᠷ ᠰᠢᠶᠠᠨ ᠤ ᠰᠢᠨ᠎ᠡ ᠳᠡᠯᠭᠡᠭᠦᠷ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠰᠢᠶᠠᠨ ᠤ ᠠᠷᠠᠳ ᠤᠨ ᠡᠮᠨᠡᠯᠭᠡ ᠶᠢᠨ ᠬᠤᠷᠢᠶ᠎ᠠ᠂ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠰᠢᠶᠠᠨ ᠤ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠵᠡᠷᠭᠡ ᠭᠠᠵᠠᠷ ᠲᠤ ᠬᠦᠷᠴᠦ᠂ ᠬᠠᠲᠠᠭᠤ ᠲᠣᠨᠤᠭ ᠲᠥᠬᠦᠭᠡᠷᠦᠮᠵᠢ ᠲᠣᠬᠢᠷᠠᠭᠤᠯᠬᠤ᠂ ᠡᠷᠡᠭᠦᠯ ᠬᠠᠮᠠᠭᠠᠯᠠᠯ ᠤᠨ ᠴᠢᠳᠠᠪᠤᠷᠢᠲᠠᠨ ᠤ ᠡᠩᠨᠡᠭᠡ᠂ ᠭᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ᠂ ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠳᠠᠩᠰᠠ ᠡᠪᠬᠡᠮᠡᠯ᠂ ᠭᠤᠤᠯᠳᠠᠯᠭ᠎ᠠ ᠲᠠᠢ ᠬᠥᠮᠦᠰ ᠤᠨ ᠬᠠᠮᠢᠶᠠᠷᠤᠯᠲᠠ᠂ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ᠂ ᠮᠣᠩᠭᠤᠯ ᠬᠢᠲᠠᠳ ᠡᠮ ᠡᠮᠨᠡᠯᠭᠡ ᠶᠢᠨ ᠠᠵᠢᠯ ᠢ ᠠᠬᠢᠭᠤᠯᠤᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠤᠬᠠᠶ ᠶᠢᠨ ᠲᠠᠯᠠᠪᠠᠶ ᠳᠤ ᠬᠠᠮᠢᠶ᠎ᠠ ᠪᠥᠬᠦᠶ ᠬᠠᠷᠢᠭᠤᠴᠠᠯᠭᠠᠲᠠᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠠᠵᠢᠯ ᠳᠤ ᠣᠷᠣᠰᠢᠵᠣ ᠪᠠᠶᠢᠭ᠎ᠠ ᠠᠰᠠᠭᠤᠳᠠᠯ ᠵᠢᠴᠢ ᠰᠠᠨᠠᠭᠤᠯᠭ᠎ᠠ ᠶᠢ ᠨᠠᠷᠢᠨ ᠣᠶᠢᠯᠠᠭᠠᠪᠠ᠃      ᠰᠠᠭᠤᠳᠠᠯ ᠤᠨ ᠬᠤᠷᠠᠯ ᠳᠡᠭᠡᠷ᠎ᠡ᠂ ᠰᠢᠶᠠᠨ ᠤ ᠳᠡᠳ᠋ ᠳᠠᠷᠤᠭ᠎ᠠ ᠲᠤᠶᠠᠭ᠎ᠠ ᠮᠠᠨ ᠤ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠵᠡᠷᠭᠡ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃ ᠴᠡᠴᠡᠭ ᠮᠠᠨ ᠤ ᠰᠢᠶᠠᠨ ᠤ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠯᠲᠠ ᠶᠢᠨ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠪᠠ᠃      ᠴᠡᠴᠡᠭ ᠵᠢᠭᠠᠵᠤ ᠭᠠᠷᠭᠠᠭᠰᠠᠨ ᠨᠢ᠂ ᠡᠯ᠎ᠡ ᠬᠠᠮᠢᠶ᠎ᠠ ᠪᠦᠬᠦᠢ ᠨᠢᠭᠡᠴᠡ ᠨᠦᠭᠦᠳ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠠᠵᠢᠯ ᠤᠨ ᠵᠠᠷᠴᠢᠮ ᠢ ᠢᠮᠠᠭᠲᠠ ᠪᠠᠷᠢᠮᠲᠠᠯᠠᠨ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠦᠲᠦᠭᠡᠨ ᠪᠠᠶᠢᠭᠤᠯᠤᠯᠲᠠ ᠬᠦᠭᠵᠢᠯᠲᠡ ᠶᠢᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ︔ ᠲᠥᠯᠥᠪᠵᠢᠭᠦᠯᠭᠡ ᠪᠠᠨ ᠰᠠᠶᠢᠲᠤᠷ ᠬᠢᠵᠦ᠂ ᠴᠢᠳᠠᠪᠤᠷᠢᠲᠠᠨ ᠤ ᠬᠠᠩᠭᠠᠯᠭ᠎ᠠ ᠶᠢ ᠪᠠᠲᠤᠯᠠᠵᠤ᠂ ᠦᠨᠳᠦᠰᠦᠨ ᠱᠠᠲᠤᠨ ᠤ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠣᠯᠠᠨ ᠤ ᠡᠷᠡᠭᠦᠯ ᠮᠡᠨᠳᠦ ᠶᠢᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ  ᠨᠡᠮᠡᠭᠳᠡᠭᠦᠯᠬᠦ ᠬᠡᠷᠡᠭᠲᠡᠢ ᠭᠡᠵᠡᠢ᠃      ᠬᠤᠲᠠ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠡᠷᠬᠢᠯᠡᠭᠴᠢ ᠵᠠᠩ ᠭᠦᠸᠧ ᠫᠢᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠥᠩ ᠬᠤᠶ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠷᠦᠢ ᠶᠢᠨ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠱᠢ ᠭᠤᠸᠠᠨ ᠶᠤᠸᠠᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠰᠠᠭᠤᠳᠠᠯ ᠬᠤᠷᠠᠯ ᠳᠤ ᠣᠷᠣᠯᠴᠠᠵᠠᠶ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号