ᠮᠠᠨ ᠤ ᠬᠤᠲᠠ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠳᠤ ᠬᠠᠯᠠᠭᠤᠨ ᠲᠤᠯᠠᠭᠠᠨ ᠦᠢᠯᠡᠴᠢᠯᠡᠭᠡᠨ ᠤ ᠳᠠᠪᠴᠠᠩ ᠪᠠᠶᠢᠭᠤᠯᠵᠦ ᠪᠠᠶᠢᠨ᠎ᠠ
ᠨᠡᠶᠢᠲᠡᠯᠡᠭᠰᠡᠨ ᠴᠠᠭ᠄
2020/11/9
      ᠬᠦᠬᠡᠬᠤᠲᠡ ᠶᠢᠨ ᠡᠳᠤᠷ ᠤᠨ ᠰᠣᠨᠢᠨ ᠤ ᠮᠡᠳᠡᠭᠡ ︵ᠰᠤᠷᠪᠤᠯᠵᠢᠦᠯᠠᠭᠴᠢ ᠯᠢᠦ ᠱᠠ ᠱᠠ︶ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠳᠤ ᠦᠢᠯᠡᠴᠢᠯᠡᠬᠦ ᠠᠵᠢᠯ ᠢ ᠰᠠᠶᠢᠨ ᠬᠢᠬᠦ ᠶᠢᠨ ᠲᠤᠯᠠᠲᠠ᠂ ᠡᠷᠦᠬᠡ ᠳᠤ ᠠᠶᠢᠯᠴᠢᠯᠠᠬᠤ ᠳᠠᠭᠠᠨ ᠪᠦᠷᠢᠳᠭᠡᠭᠡᠳᠤᠢ ᠶᠠᠪᠤᠭᠤᠯ ᠬᠦᠮᠤᠨ ᠠᠮᠠ ᠶᠢ ᠪᠦᠷᠢᠳᠭᠡᠬᠦ ᠠᠴᠠ ᠭᠠᠳᠠᠨ᠎ᠠ᠂ ᠠᠵᠢᠯᠲᠠᠳ ᠨᠢ ᠪᠠᠰᠠ ᠲᠡᠳᠡᠨ ᠤ ᠠᠮᠢᠳᠤᠷᠠᠯ ᠪᠤᠯᠤᠨ ᠠᠵᠢᠯ ᠤᠨ ᠪᠠᠶᠢᠳᠠᠯ ᠢ ᠯᠠᠪᠯᠠᠵᠦ᠂ ᠲᠡᠳᠡᠨ ᠢ ᠬᠠᠪᠰᠤᠷᠤᠨ ᠬᠦᠴᠢᠷᠳᠡᠯ ᠢ ᠨᠢ ᠰᠢᠢᠳᠪᠤᠷᠢᠯᠡᠵᠦ ᠦᠭᠳᠡᠭ ᠪᠠᠶᠢᠨ᠎ᠠ᠃ ᠰᠤᠷᠪᠤᠯᠵᠢᠯᠠᠭᠴᠢ ᠶᠢᠨ ᠤᠶᠢᠯᠠᠭᠠᠭᠰᠠᠨ ᠢᠶᠠᠷ᠂ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠦᠯᠦᠭᠡ᠂ ᠬᠦᠬᠡᠬᠤᠲᠡ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠪᠤᠳᠠᠲᠠᠢ ᠪᠠᠶᠢᠳᠠᠯ ᠢ ᠦᠨᠳᠦᠰᠦᠯᠡᠨ ︽ᠬᠦᠬᠡᠬᠤᠲᠡ ᠶᠢᠨ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠵᠢᠨ‌ᠦᠢᠯᠡᠴᠢᠯᠡᠭᠡ ᠬᠠᠮᠢᠶᠠᠷᠤᠯᠲᠠ ᠶᠢᠨ ᠰᠢᠰᠲ᠋ᠧᠮ  ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠲᠤᠷᠰᠢᠯᠲᠡ ᠶᠢᠨ ᠠᠵᠢᠯ ᠤᠨ ᠲᠦᠰᠦᠯ︾ ᠢ ᠲᠤᠭᠲᠠᠭᠠᠵᠦ᠂ ᠠᠵᠢᠯ  ᠤᠨ ᠭᠤᠤᠯᠳᠠᠯᠭ᠎ᠠ ᠶᠢ ᠲᠤᠷᠤᠭᠰᠢ ᠰᠢᠯᠵᠢᠭᠦᠯᠵᠦ᠂ ᠲᠤᠷᠰᠢᠯᠲᠠ ᠶᠢᠨ ᠨᠡᠶᠢᠭᠡᠮ ᠲᠤᠭᠤᠷᠢᠭ 13 ᠶᠢ ᠭᠠᠷᠭᠠᠵᠦ᠂ ᠨᠡᠶᠢᠭᠡᠮ ᠲᠤᠭᠤᠷᠢᠭ ᠤᠨ ᠪᠠᠶᠢᠳᠠᠯ ᠤᠶᠢᠯᠠᠭᠠᠳᠠᠭ᠂ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ  ᠲᠠᠢ ᠤᠶᠢᠷᠠᠳᠤᠵᠦ ᠴᠢᠳᠠᠳᠠᠭ ᠳᠠᠪᠠᠭᠤᠯᠢᠭ ᠢ ᠦᠨᠡᠨᠬᠦ ᠪᠠᠳᠠᠷᠠᠭᠤᠯᠵᠦ᠂ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ  ᠵᠢᠨ‌ᠦᠢᠯᠡᠴᠢᠯᠡᠭᠡ ᠬᠠᠮᠢᠶᠠᠷᠤᠯᠲᠠ ᠶᠢᠨ ︽ᠲᠤᠯᠤᠭᠠᠨ ᠵᠥᠢᠯ ᠤᠨ ᠲᠦᠷᠢᠮ︾ ︵ᠳᠠᠩᠰᠠ ᠡᠪᠬᠡᠮᠡᠯ ᠤᠨ ᠺᠠᠷᠲ ᠪᠠᠶᠢᠭᠤᠯᠬᠤ ᠲᠦᠷᠢᠮ᠂ ᠬᠠᠷᠢᠯᠴᠠᠬᠤ ᠬᠤᠷᠠᠯ ᠤᠨ ᠲᠦᠷᠢᠮ᠂ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠨᠡᠶᠢᠭᠡᠮ ᠤᠨ ᠬᠠᠮᠳᠤᠷᠠᠯᠴᠠᠭ᠎ᠠ ᠶᠢ ᠬᠠᠷᠢᠭᠤᠴᠠᠬᠤ ᠲᠦᠷᠢᠮ᠂ ᠭᠡᠨᠡᠳᠲᠡ  ᠶᠢᠨ ᠬᠡᠷᠡᠭ ᠢ ᠠᠷᠭᠠᠴᠠᠭᠠᠨ ᠰᠢᠢᠳᠪᠤᠷᠢᠯᠡᠬᠦ ᠲᠦᠷᠢᠮ᠂ ᠶᠠᠪᠤᠵᠦ ᠢᠷᠡᠬᠦ ᠬᠦᠮᠤᠰ ᠢ ᠮᠡᠳᠡᠭᠳᠡᠬᠦ ᠲᠦᠷᠢᠮ᠂ ᠰᠤᠷᠠᠭ ᠵᠠᠩᠭᠢ ᠢ ᠬᠠᠮᠳᠤ ᠪᠠᠷ ᠡᠳ᠋ᠯᠡᠬᠦ ᠲᠦᠷᠢᠮ᠂ ᠰᠢᠪᠠᠳᠠᠨ ᠪᠠᠶᠢᠴᠠᠭᠠᠵᠦ ᠬᠢᠨᠠᠨ ᠰᠢᠯᠭᠠᠬᠤ ᠲᠦᠷᠢᠮ︶ ᠢ ᠢᠳᠡᠪᠬᠢᠲᠡᠢ ᠲᠤᠭᠲᠠᠭᠠᠨ ᠬᠡᠷᠡᠭᠵᠢᠭᠦᠯᠵᠦ᠂ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ︽ᠳᠦᠷᠪᠡᠨ ᠡᠷᠬᠡᠪᠰᠢ ᠰᠤᠷᠪᠤᠯᠵᠢᠠᠯᠠᠬᠤ︾ ︵ᠬᠦᠴᠢᠷ ᠪᠡᠷᠬᠡ ᠶᠢ ᠲᠤᠪᠤᠶᠢᠯᠭᠠᠬᠤ᠂ ᠬᠠᠮᠳᠤ ᠨᠡᠶᠢᠲᠡ ᠶᠢᠨ ᠭᠤᠶᠤᠴᠢᠯᠠᠯ᠂ ᠭᠡᠨᠡᠳᠲᠡ ᠶᠢᠨ ᠬᠡᠷᠡᠭ᠂ ᠵᠦᠷᠢᠴᠡᠯ ᠵᠢᠭᠤᠷᠠᠯᠳᠤᠣᠭᠠᠨ︶ ᠶᠢ ᠴᠢᠷᠮᠠᠶᠢᠨ ᠪᠡᠶᠡᠯᠡᠭᠦᠯᠪᠡ᠃ ᠨᠡᠶᠢᠭᠡᠮ ᠲᠤᠭᠤᠷᠢᠭ ᠤᠨ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠪᠤᠯᠤᠨ ᠲᠤᠷᠰᠢᠯᠲᠠ ᠶᠢᠨ ᠠᠵᠢᠯ ᠢ ᠪᠦᠬᠦ ᠲᠠᠯ᠎ᠠ ᠪᠠᠷ ᠴᠢᠩᠭᠠᠳᠬᠠᠭᠰᠠᠨ ᠰᠠᠭᠤᠷᠢᠨ ᠳᠡᠭᠡᠷ᠎ᠡ᠂ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠦᠯᠢᠭᠡᠷ ᠵᠢᠱᠢᠶ᠎ᠡ ᠨᠢᠭᠡᠴᠡ ᠶᠢ ᠪᠤᠢ ᠪᠤᠯᠭᠠᠪᠠ᠃ ᠬᠤᠰᠢᠭᠤ ᠰᠢᠶᠠᠨ ᠲᠤᠭᠤᠷᠢᠭ ᠨᠢ ᠲᠤᠰ ᠲᠤᠰ 2 ᠠᠴᠠ ᠳᠡᠭᠡᠭᠰᠢ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠪᠠᠷᠢᠮᠵᠢᠶᠠᠵᠢᠭᠰᠠᠨ ᠨᠡᠶᠢᠭᠡᠮ ᠲᠤᠭᠤᠷᠢᠭ ᠢ ᠪᠠᠶᠢᠭᠤᠯᠪᠠ᠃ 38 ᠨᠡᠶᠢᠭᠡᠮ ᠲᠤᠭᠤᠷᠢᠭ ᠲᠤ ︽ᠦᠨᠳᠦᠰᠦᠲᠡᠨ ᠤ ᠭᠡᠷ︾ ᠭᠠᠷᠭᠠᠵᠦ᠂ 73 ᠨᠡᠶᠢᠭᠡᠮ ᠲᠤᠭᠤᠷᠢᠭ ᠲᠤ  ︽ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ   ᠶᠢᠨ ᠬᠦᠯᠢᠶᠡᠨ ᠠᠪᠬᠤ ᠦᠷᠲᠡᠭᠡ︾  ︽ᠴᠦᠬᠡᠨ ᠲᠤᠭᠠᠳᠤ ᠦᠨᠳᠦᠰᠦᠲᠡᠨ ᠤ ᠠᠵᠢᠯ ᠤᠨ ᠦᠢᠯᠡᠴᠢᠯᠡᠭᠡᠨ ᠤ ᠦᠷᠲᠡᠭᠡ︾  ᠪᠠᠶᠢᠭᠤᠯᠵᠦ᠂ ᠪᠦᠬᠦ ᠬᠤᠲᠠ ᠶᠢᠨ ᠴᠦᠬᠡᠨ ᠲᠤᠭᠠᠳᠤ ᠦᠨᠳᠦᠰᠦᠲᠡᠨ  ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠪᠠ᠃ ᠡᠯ᠎ᠡ ᠱᠠᠳᠤᠨ ᠤ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠠᠵᠢᠯ ᠤᠨ ᠪᠠᠶᠢᠭᠤᠯᠤᠮᠵᠢ ᠨᠢ ᠬᠠᠷᠢᠶ᠎ᠠ ᠤᠷᠤᠨ ᠤ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠳᠤ ᠬᠦᠳᠡᠯᠦᠩᠭᠦᠢ ᠬᠠᠮᠢᠶᠠᠷᠤᠯᠲᠠ ᠬᠢᠵᠦ᠂ ᠪᠦᠷᠢᠳᠭᠡᠵᠦ ᠦᠨᠡᠮᠯᠡᠯ ᠤᠯᠭᠤᠬᠤ᠂ ᠬᠦᠳᠡᠯᠮᠤᠷᠢ ᠠᠵᠢᠯ ᠤᠯᠭᠤᠯᠲᠠ᠂ ᠬᠡᠤᠬᠡᠳ ᠰᠤᠷᠭᠠᠭᠤᠯᠢ ᠳᠤ ᠤᠷᠤᠬᠤ᠂ ᠬᠠᠤᠯᠢ ᠶᠢᠨ ᠲᠤᠰᠠᠯᠠᠮᠵᠢ ᠵᠡᠷᠭᠡ ᠲᠠᠯ᠎ᠠ  ᠪᠠᠷ ᠬᠠᠷᠠᠭᠠᠯᠵᠠᠯᠠᠯ ᠦᠵᠡᠭᠦᠯᠵᠦ᠂ ᠬᠦᠩᠭᠡᠨ ᠱᠦᠩᠭᠦᠨ ᠦᠢᠯᠡᠴᠢᠯᠡᠭᠡᠳ ᠴᠦᠬᠡᠨ ᠲᠤᠭᠠᠳᠤ ᠦᠨᠳᠦᠰᠦᠲᠡᠨ ᠤ ᠤᠯᠠᠨ ᠲᠦᠮᠡᠨ ᠤ ᠰᠠᠶᠢᠨ ᠦᠨᠡᠯᠡᠯᠲᠡ ᠶᠢ ᠤᠯᠪᠠ᠃      ᠦᠨᠳᠦᠰᠦᠲᠡᠨ ᠤ ᠠᠵᠢᠯ ᠤᠨ ᠨᠡᠶᠢᠭᠡᠮᠴᠢᠯᠡᠯᠲᠡ᠂ ᠤᠯᠠᠨ ᠡᠰᠢᠴᠢᠯᠡᠯᠲᠡ ᠶᠢ ᠴᠢᠩᠭᠠᠳᠬᠠᠬᠤ ᠨᠢ ᠮᠦᠨᠴᠤ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢ ᠰᠠᠶᠢᠨ ᠬᠢᠬᠦ  ᠶᠢᠨ ᠴᠢᠬᠤᠯᠠ ᠰᠡᠳᠬᠢᠴᠡ ᠪᠤᠯᠤᠨ ᠠᠵᠢᠯ ᠠᠷᠭ᠎ᠠ ᠪᠠᠷᠢᠯ ᠪᠤᠯᠤᠨ᠎ᠠ᠃ ᠬᠦᠬᠡᠬᠤᠲᠡ ᠨᠢ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ ᠶᠢᠨ ᠵᠤᠬᠢᠶᠠᠨ ᠪᠠᠶᠢᠭᠤᠯᠤᠯᠲᠠ ᠤᠳᠤᠷᠢᠳᠤᠯᠭ᠎ᠠ ᠶᠢ ᠳᠡᠭᠡᠷ᠎ᠡ ᠠᠴᠠ ᠲᠤᠷᠤᠭᠰᠢ ᠪᠠᠨ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠳᠤ ᠨᠢ ᠪᠦᠷ ᠡᠨᠡᠬᠦ ᠠᠵᠢᠯ ᠤᠨ ᠲᠤᠰᠬᠠᠢ ᠪᠤᠶᠤ ᠬᠠᠪᠰᠤᠷᠭᠠᠨ ᠡᠭᠦᠷᠭᠡᠯᠡᠭᠰᠡᠨ ᠬᠠᠷᠢᠭᠤᠴᠠᠯᠭᠠᠲᠠᠨ ᠪᠤᠯᠤᠨ ᠠᠵᠢᠯᠲᠠᠨ ᠲᠤᠬᠢᠷᠠᠭᠤᠯᠵᠦ᠂ ᠬᠠᠷᠢᠶ᠎ᠠ ᠤᠷᠤᠨ ᠤ  ᠪᠠᠶᠢᠳᠠᠯ ᠳᠠᠭᠠᠨ ᠲᠤᠬᠢᠷᠠᠭᠰᠠᠨ ᠠᠵᠢᠯ ᠤᠨ ᠳᠠᠷᠠᠭᠠᠯᠠᠯ᠂ ᠠᠷᠭ᠎ᠠ ᠬᠡᠮᠵᠢᠶ᠎ᠡ ᠲᠤᠭᠲᠠᠭᠠᠵᠦ᠂ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠵᠢᠨ‌ᠦᠢᠯᠡᠴᠢᠯᠡᠭᠡ ᠬᠠᠮᠢᠶᠠᠷᠤᠯᠲᠠ ᠶᠢᠨ ︽ ᠲᠤᠯᠤᠭᠠᠨ ᠵᠥᠢᠯ ᠤᠨ ᠲᠦᠷᠢᠮ︾ ᠤᠨ ᠬᠡᠷᠡᠭᠵᠢᠭᠦᠯᠦᠯᠲᠡ ᠪᠤᠯᠤᠨ ︽ᠳᠦᠷᠪᠡᠨ ᠡᠷᠬᠡᠪᠰᠢ︾ ᠶᠢ ᠨᠠᠶᠢᠳᠠᠪᠤᠷᠢᠵᠢᠭᠤᠯᠬᠤ ᠳᠤ ᠡᠯ᠎ᠡ ᠱᠠᠳᠤᠨ ᠤ ᠠᠵᠢᠯ ᠤᠨ ᠦᠷ᠎ᠡ ᠪᠦᠳᠦᠮᠵᠢ ᠶᠢ ᠬᠡᠮᠵᠢᠨ ᠰᠢᠯᠭᠠᠬᠤ ᠪᠡᠷᠢᠮᠵᠢᠶ᠎ᠠ ᠪᠤᠯᠭᠠᠪᠠ᠃ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠤᠨ ᠳᠠᠪᠠᠭᠤᠯᠢᠭ ᠢ ᠪᠠᠳᠠᠷᠠᠭᠤᠯᠵᠦ᠂ ︽ ᠨᠡᠶᠢᠭᠡᠮ ᠲᠤᠭᠤᠷᠢᠭ ᠪᠤᠯ ᠮᠢᠨᠤ ᠭᠡᠷ᠂ ᠦᠨᠳᠦᠰᠦᠲᠡᠨ ᠤ ᠪᠦᠯᠬᠦᠮᠳᠡᠯ ᠪᠤᠯ ᠲᠠᠶᠠᠭᠠᠷ ᠤᠨ ᠶᠠᠪᠤᠳᠠᠯ︾ ᠭᠡᠬᠦ ᠠᠵᠢᠯᠯᠠᠭ᠎ᠠ ᠦᠷᠨᠢᠭᠦᠯᠵᠦ᠂ ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠦᠢᠯᠡᠴᠢᠯᠡᠭᠡ ᠬᠠᠮᠢᠶᠠᠷᠤᠯᠲᠠ  ᠶᠢᠨ ᠠᠵᠢᠯ ᠢ ᠠᠬᠢᠭᠤᠯᠤᠭᠰᠠᠨ ᠪᠠᠶᠢᠨ᠎ᠠ᠃      ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ ᠶᠢᠨ ᠠᠵᠢᠯ ᠤᠯᠭᠤᠯᠲᠠ ᠳᠤ ᠬᠠᠪᠰᠤᠷᠬᠤ  ᠶᠢᠨ ᠲᠤᠯᠠᠲᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ᠂ ᠬᠤᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠵᠡᠷᠭᠡ ᠨᠢ ᠡᠯ᠎ᠡ ᠱᠠᠳᠤᠨ ᠤ ᠦᠨᠳᠦᠰᠦᠲᠡᠨ ᠤ ᠵᠦᠪᠯᠡᠯ ᠤᠨ ᠠᠵᠢᠯ ᠳᠤ ᠢᠳᠡᠪᠬᠢᠲᠡᠢ ᠬᠠᠮᠵᠢᠯᠴᠠᠵᠦ᠂ ᠡᠯ᠎ᠡ ᠵᠥᠢᠯ ᠤᠨ ᠦᠢᠯᠡᠴᠢᠯᠡᠭᠡ ᠬᠠᠩᠭᠠᠪᠠ᠃ 2018 ᠤᠨ ᠠᠴᠠ ᠨᠠᠰᠢ᠂ ᠮᠠᠨ ᠤ ᠬᠤᠲᠠ ᠳᠤ ᠤᠷᠤᠵᠦ ᠢᠷᠡᠭᠰᠡᠨ ᠴᠦᠬᠡᠨ ᠲᠤᠭᠠᠳᠤ ᠦᠨᠳᠦᠰᠦᠲᠡᠨ ᠤ ᠮᠠᠰᠢ ᠤᠯᠠᠨ ᠶᠠᠪᠤᠭᠤᠯ ᠬᠦᠮᠤᠨ ᠪᠡᠶ᠎ᠡ  ᠳᠡᠭᠡᠨ ᠲᠤᠬᠢᠷᠠᠬᠤ ᠠᠵᠢᠯ ᠤᠯᠤᠭᠰᠠᠨ ᠪᠠᠶᠢᠨ᠎ᠠ  ᠃ ᠡᠨᠡ ᠵᠢᠯ ᠤᠨ 1— 8 ᠰᠠᠷ᠎ᠠ ᠳᠤ ᠮᠠᠨ ᠤ ᠬᠤᠲᠠ ᠴᠦᠬᠡᠨ ᠲᠤᠭᠠᠳᠤ ᠦᠨᠳᠦᠰᠦᠲᠡᠨ ᠤ 787 ᠤᠯᠠᠨ ᠲᠦᠮᠡᠨ ︵ᠡᠭᠦᠨ ᠳᠤ  ᠴᠦᠬᠡᠨ ᠲᠤᠭᠠᠳᠤ ᠦᠨᠳᠦᠰᠦᠲᠡᠨ ᠤ ᠶᠠᠪᠤᠭᠤᠯ ᠬᠦᠮᠤᠨ ᠠᠮᠠ 4.8 % ᠶᠢ ᠡᠵᠡᠯᠡᠵᠦ ᠪᠠᠶᠢᠨ᠎ᠠ︶   ᠢ ᠵᠤᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠮᠡᠷᠭᠡᠵᠢᠯ ᠴᠢᠳᠠᠪᠤᠷᠢ ᠪᠤᠯᠤᠨ ᠠᠳᠠᠯ ᠦᠢᠯᠡᠰ ᠪᠤᠰᠬᠠᠬᠤ ᠪᠤᠯᠪᠠᠰᠤᠷᠠᠯ ᠳᠤ ᠤᠷᠤᠯᠴᠠᠭᠤᠯᠪᠠ᠃http://mongol.people.com.cn/15829014.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号