ᠮᠠᠨ ᠤ ᠬᠤᠲᠠ ᠪᠡᠭᠡᠵᠢᠩ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠤᠰᠬᠠᠢ ᠮᠡᠷᠭᠡᠵᠢᠯᠲᠡᠳ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/11/9
ᠮᠠ ᠵᠢᠶᠠᠨ ᠲᠠᠩ ᠬᠤᠷᠠᠯ ᠳᠤ ᠣᠷᠣᠯᠴᠠᠵᠤ  ᠸᠠᠩ ᠯᠢ ᠰᠢᠶᠠ ᠡᠷᠬᠢᠯᠡᠵᠦ ᠵᠠᠩ ᠪᠠᠢ ᠴᠧᠩ  ᠾᠧ ᠬᠠᠢ ᠳ᠋ᠦᠩ ᠣᠷᠣᠯᠴᠠᠪᠠ       ︵ᠰᠤᠷᠪᠤᠯᠵᠢᠯᠠᠭᠴᠢ ᠹᠧᠩ ᠶᠠᠨ ᠫᠢᠩ︶ 11 ᠳ᠋ᠦ᠋ᠭᠡᠷ ᠰᠠᠷ᠎ᠠ ᠶᠢᠨ 7 ᠤ ᠡᠳᠦᠷ᠂ ᠮᠠᠨ ᠤ ᠬᠤᠲᠠ ᠪᠡᠭᠡᠵᠢᠩ ᠳᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠤᠰᠬᠠᠢ ᠮᠡᠷᠭᠡᠵᠢᠯᠲᠡᠳ ᠤᠨ ᠰᠤᠳᠤᠯᠤᠨ ᠶᠠᠷᠢᠯᠴᠠᠬᠤ ᠬᠤᠷᠠᠯ ᠢ ᠬᠤᠷᠠᠯᠳᠤᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠮᠠ ᠵᠢᠶᠠᠨ ᠲᠠᠩ ᠣᠷᠣᠯᠴᠠᠵᠤ᠂ ᠳᠤᠮᠳᠠᠳᠤ ᠤᠯᠤᠰ ᠤᠨ ᠡᠳ᠋ ᠤᠨ ᠵᠠᠰᠠᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ᠂ ᠱᠠᠩᠬᠠᠢ ᠶᠢᠨ ᠨᠡᠶᠢᠭᠡᠮ ᠤᠨ ᠰᠢᠨᠵᠢᠯᠡᠬᠦ ᠤᠬᠠᠭᠠᠨ ᠪᠣᠯᠣᠨ ᠰᠢᠨᠵᠢᠯᠡᠭᠡ ᠮᠡᠷᠭᠡᠵᠢᠯ ᠤᠨ ᠶᠠᠮᠤᠨ᠂ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠶᠢᠨ ᠶᠠᠮᠤᠨ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ ᠤᠯᠤᠰ ᠤᠨ ᠶᠠᠮᠤᠨ ᠵᠥᠪᠯᠡᠯ ᠵᠢᠴᠢ ᠲᠥᠷᠥ ᠶᠢᠨ ᠶᠠᠪᠤᠳᠠᠯ ᠤᠨ ᠬᠤᠷᠢᠶᠠᠨ ᠤ ᠬᠥᠭᠵᠢᠭᠦᠯᠦᠯᠲᠡ ᠶᠢᠨ ᠰᠤᠳᠤᠯᠭᠠᠨ ᠤ ᠲᠥᠪ ᠤᠨ ᠡᠯ᠎ᠡ ᠰᠠᠯᠠᠭ᠎ᠠ ᠮᠥᠴᠢᠷ ᠤᠨ ᠲᠤᠰᠬᠠᠢ ᠮᠡᠷᠭᠡᠵᠢᠯᠲᠡᠳ᠂ ᠡᠷᠳᠡᠮᠲᠡᠳ ᠲᠠᠢ ᠬᠠᠮᠲᠤ ᠲᠥᠯᠥᠪᠵᠢᠭᠦᠯᠭᠡ ᠶᠢᠨ ᠠᠭᠤᠯᠭ᠎ᠠ ᠶᠢᠨ ᠲᠣᠭᠤᠷᠢᠨ ᠳᠤ᠂ ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠨᠢᠭᠡ ᠠᠯᠬᠤᠮ ᠲᠦᠯᠬᠢᠨ ᠠᠬᠢᠭᠤᠯᠬᠤ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠪᠡ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠮᠠ ᠵᠢᠶᠠᠨ ᠲᠠᠩ ᠬᠥᠬᠡᠬᠤᠲᠠ ᠶᠢ ᠶᠠᠭᠠᠬᠢᠵᠤ ᠦᠵᠡᠬᠦ᠂ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠶᠢᠨ ᠲᠣᠬᠢᠶᠠᠯ ᠪᠠ ᠥᠷᠢᠰᠦᠯᠳᠦᠭᠡᠨ ᠢ ᠶᠠᠭᠠᠬᠢᠵᠤ ᠦᠵᠡᠬᠦ᠂ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠠᠵᠤ ᠠᠬᠤᠢ ᠶᠢᠨ ᠬᠥᠭᠵᠢᠯᠲᠡ ᠶᠢᠨ ᠡᠭᠦᠷᠭᠡ ᠬᠠᠷᠠᠯᠲᠠ ᠶᠢ ᠶᠠᠭᠠᠬᠢᠵᠤ ᠦᠵᠡᠬᠦ᠂ ᠰᠢᠨ᠎ᠡ ᠠᠶᠠᠨ ᠵᠠᠮ ᠳᠤ ᠬᠡᠷᠬᠢᠨ ᠰᠢᠨ᠎ᠡ ᠠᠮᠵᠢᠯᠲᠠ ᠪᠦᠲᠦᠮᠵᠢ ᠣᠯᠬᠤ ᠵᠡᠷᠭᠡ ᠲᠠᠯ᠎ᠠ ᠪᠠᠷ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠥᠭᠵᠢᠯᠲᠡ ᠶᠢᠨ ᠬᠠᠨᠳᠤᠰᠢ ᠶᠢ ᠠᠵᠢᠭᠯᠠᠵᠤ᠂ ᠬᠥᠬᠡᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠥᠨᠳᠥᠷ ᠲᠤ ᠵᠣᠭᠰᠣᠨ ᠬᠤᠯᠠ ᠶᠢ ᠬᠠᠷᠠᠵᠤ᠂ ᠮᠠᠨ ᠤ ᠬᠤᠲᠠ ᠳᠤ ᠨᠢᠭᠡ ᠤᠳᠠᠭᠠᠨ ᠤ ᠪᠦᠬᠦ ᠲᠠᠯ᠎ᠠ ᠶᠢᠨ ᠤᠨᠤᠰᠢᠯᠠᠯᠲᠠ ᠬᠢᠪᠡ᠃      ᠸᠠᠩ ᠯᠢ ᠰᠢᠶᠠ ᠳ᠋ᠦᠩᠨᠡᠯᠲᠡ ᠶᠢᠨ ᠶᠠᠷᠢᠶᠠᠨ ᠳᠠᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠳᠡᠭᠡᠷ᠎ᠡ ᠳᠤᠷᠠᠳᠤᠭᠰᠠᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠬᠠᠷᠠᠯᠲᠠ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠨᠢ ᠮᠠᠨ ᠤ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠳᠤ ᠴᠢᠭᠯᠡᠯ ᠢ ᠵᠢᠭᠠᠵᠤ᠂ ᠮᠠᠨ ᠤ ᠬᠥᠭᠵᠢᠯᠲᠡ ᠳᠤ ᠵᠢᠷᠤᠮᠯᠠᠯ ᠬᠠᠩᠭᠠᠵᠠᠢ᠃ ᠬᠥᠬᠡᠬᠤᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠤᠲᠠ ᠪᠣᠯᠣᠭᠰᠠᠨ ᠤ ᠬᠤᠪᠢ ᠳᠤ᠂ ᠬᠡᠷᠬᠢᠨ ᠥᠷᠢᠰᠦᠯᠳᠦᠭᠡᠨ ᠲᠠᠢ ᠡᠭᠴᠡ ᠲᠤᠯᠤᠨ ᠠᠵᠠ ᠲᠣᠬᠢᠶᠠᠯ ᠢ ᠵᠠᠪᠳᠤᠬᠤ᠂ ᠥᠷᠥᠭᠡᠯ ᠤᠨ ᠨᠢᠳᠦ ᠪᠠᠷ ᠥᠪᠡᠷ ᠤᠨ ᠢᠶᠠᠨ ᠵᠥᠷᠢᠶ᠎ᠡ ᠶᠢ ᠡᠷᠢᠨ ᠢᠷᠡᠭᠡᠳᠦᠢ ᠳᠤ ᠬᠠᠨᠳᠤᠨ ᠬᠥᠭᠵᠢᠯᠲᠡ ᠶᠢ ᠰᠦᠪᠡᠭᠴᠢᠯᠡᠬᠦ ᠳᠤ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠥᠪᠡᠷ ᠤᠨ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠣᠶᠢᠯᠠᠭᠠᠭᠳᠠᠬᠤᠨ ᠢᠶᠠᠨ ᠨᠡᠩ ᠰᠢᠨᠡᠴᠢᠯᠡᠨ᠂ ᠦᠵᠡᠯ ᠰᠠᠨᠠᠭᠠᠨ ᠳᠡᠭᠡᠷ᠎ᠡ ᠪᠠᠨ ᠤᠯᠠᠮ ᠲᠠᠪᠰᠢᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠬᠥᠬᠡᠬᠤᠲᠠ ᠶᠢᠨ ᠢᠷᠡᠭᠡᠳᠦᠢ ᠶᠢᠨ ᠬᠥᠭᠵᠢᠯᠲᠡ ᠶᠢᠨ ᠵᠠᠮ ᠢ ᠰᠠᠶᠢᠲᠤᠷ ᠰᠡᠳᠦᠵᠦ᠂ ᠨᠢᠭᠡᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠭᠤᠰᠢᠯᠠᠭᠤᠯᠤᠭᠰᠠᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠪᠠ ᠬᠥᠬᠡᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠂ ᠠᠷᠠᠳ ᠲᠦᠮᠡᠨ ᠤ ᠬᠦᠰᠡᠯ ᠡᠷᠡᠮᠡᠯᠵᠡᠯ ᠢ ᠢᠯᠡᠳᠬᠡᠭᠰᠡᠨ᠂ ᠢᠷᠡᠭᠡᠳᠦᠢ ᠶᠢᠨ ᠬᠥᠭᠵᠢᠯᠲᠡ ᠶᠢ ᠬᠥᠲᠥᠯᠦᠨ ᠳᠠᠭᠠᠭᠤᠯᠤᠭᠰᠠᠨ ᠴᠢᠨᠠᠷᠲᠠᠢ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ ᠪᠠᠶᠢᠵᠤ᠂ ᠬᠥᠬᠡᠬᠤᠲᠠ ᠪᠠᠨ ᠨᠡᠩ ᠰᠠᠶᠢᠨ ᠰᠠᠶᠢᠬᠠᠨ᠂ ᠬᠥᠮᠥᠨ ᠪᠦᠬᠦᠨ ᠬᠦᠰᠡᠨ‌ᠮᠦ᠋ᠷᠦᠭᠡᠳᠬᠦ  ᠪᠣᠯᠭᠠᠨ ᠪᠦᠲᠦᠭᠡᠨ ᠪᠠᠶᠢᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠳᠤ ᠨᠡᠩ ᠶᠡᠭᠡ ᠦᠢᠯᠡᠳᠦᠯ ᠪᠠᠳᠠᠷᠠᠭᠤᠯᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠾᠧ ᠬᠠᠢ ᠳ᠋ᠦᠩ᠂ ᠯᠢᠦ ᠴᠧᠩ ᠮᠢᠨ᠂ ᠸᠠᠩ ᠬᠤᠤ ᠯᠧᠢ ᠂ ᠶᠦᠨ ᠰᠢᠨ ᠮᠢᠩ᠂ ᠴᠢᠶᠥᠥ ᠶᠦᠨ ᠯᠢ ᠵᠢᠴᠢ ᠡᠯ᠎ᠡ ᠬᠤᠰᠢᠭᠤ ᠰᠢᠶᠠᠨ ᠲᠣᠭᠤᠷᠢᠭ᠂ ᠬᠤᠲᠠ ᠶᠢᠨ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠰᠤᠳᠤᠯᠤᠨ ᠶᠠᠷᠢᠯᠴᠠᠬᠤ ᠬᠤᠷᠠᠯ ᠳᠤ ᠣᠷᠣᠯᠴᠠᠪᠠ᠃     ᠰᠤᠳᠤᠯᠤᠨ ᠶᠠᠷᠢᠯᠴᠠᠬᠤ ᠬᠤᠷᠠᠯ ᠠᠴᠠ ᠡᠮᠦᠨ᠎ᠡ᠂ ᠸᠠᠩ ᠯᠢ ᠰᠢᠶᠠ ᠨᠠᠷ ᠪᠠᠰᠠ ᠬᠠᠮᠢᠶ᠎ᠠ ᠪᠦᠬᠦᠢ ᠭᠤᠣᠯᠳᠠᠯᠭ᠎ᠠ  ᠲᠠᠢ ᠲᠥᠷᠥᠯ ᠵᠦᠢᠯ ᠢ ᠵᠣᠯᠭᠠᠭᠤᠯᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号