ᠸᠠᠩ ᠯᠢ ᠰᠢᠶᠠ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠰᠢᠯᠵᠢᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠤᠴᠢᠷ ᠢ ᠰᠢᠢᠳᠪᠦᠷᠢᠯᠡᠨ ᠢᠯᠭᠠᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠣᠯᠠᠨ ᠲᠦᠮᠡᠨ ᠤ ᠲᠤᠯᠭᠠᠮᠳᠠᠵᠤ ᠬᠦᠴᠢᠷᠳᠡᠵᠦ ᠵᠣᠪᠠᠵᠤ ᠬᠦᠰᠡᠭᠰᠡᠨ ᠠᠰᠠᠭᠤᠳᠠᠯ ᠢ ᠴᠢᠷᠮᠠᠶᠢᠨ ᠰᠢᠢᠳᠪᠦᠷᠢᠯᠡᠬᠦ ᠬᠡᠷᠡᠭᠲᠡᠢ
ᠨᠡᠶᠢᠲᠡᠯᠡᠭᠰᠡᠨ ᠴᠠᠭ᠄
2020/11/9
ᠵᠠᠩ ᠪᠠᠢ ᠴᠧᠩ  ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠮᠢᠶᠥᠥ ᠴᠢᠩ︶ 11 ᠳ᠋ᠦ᠋ᠭᠡᠷ ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠰᠢᠯᠵᠢᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠤᠴᠢᠷ ᠢ ᠰᠢᠢᠳᠪᠦᠷᠢᠯᠡᠨ ᠢᠯᠭᠠᠷᠠᠭᠤᠯᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ᠂ ᠣᠯᠠᠨ ᠲᠦᠮᠡᠨ ᠤ ᠲᠤᠯᠭᠠᠮᠳᠠᠵᠤ ᠬᠦᠴᠢᠷᠳᠡᠵᠦ ᠵᠣᠪᠠᠵᠤ ᠬᠦᠰᠡᠭᠰᠡᠨ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠢᠶᠠᠨ ᠰᠢᠢᠳᠪᠦᠷᠢᠯᠡᠭᠦᠯᠦᠭᠰᠡᠨ ᠡᠭᠦᠷᠭᠡ ᠶᠢ ᠲᠡᠷᠡ ᠶᠤᠰᠤᠭᠠᠷ ᠨᠢ ᠴᠢᠩᠭ᠎ᠠ ᠠᠳᠬᠤᠵᠤ᠂ ᠨᠠᠮ ᠠᠷᠠᠳ ᠲᠦᠮᠡᠨ ᠳᠤ ᠬᠠᠨᠤᠮᠵᠢᠲᠠᠢ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ ᠭᠡᠪᠡ᠃       ᠮᠠᠨ ᠤ ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠾᠧ ᠬᠠᠢ ᠳ᠋ᠦᠩ ᠵᠢᠴᠢ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃      ᠬᠤᠷᠠᠯ ᠠᠴᠠ ᠲᠥᠪ ᠤᠨ ᠨᠠᠢᠮᠠᠳᠤᠭᠠᠷ ᠲᠣᠭᠤᠷᠢᠨ ᠪᠠᠶᠢᠴᠠᠭᠠᠬᠤ ᠳᠤᠭᠤᠶᠢᠯᠠᠩ ᠠᠴᠠ ᠮᠠᠨ ᠤ ᠬᠤᠲᠠ ᠳᠤ ᠲᠤᠰᠢᠶᠠᠭᠰᠠᠨ ᠨᠢᠭᠡᠳᠦᠭᠡᠷ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠵᠢᠴᠢ ᠬᠤᠶᠠᠳᠤᠭᠠᠷ ᠪᠦᠯᠦᠭ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠡᠭᠦᠷᠭᠡ ᠬᠤᠪᠢᠶᠠᠭᠰᠠᠨ ᠪᠠᠶᠢᠳᠠᠯ ᠢ ᠮᠡᠳᠡᠭᠳᠡᠪᠡ᠃       ᠸᠠᠩ ᠯᠢ ᠰᠢᠶᠠ ᠵᠢᠭᠠᠬᠤ ᠳᠠᠭᠠᠨ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠴᠢᠷ ᠪᠦᠬᠦᠨ ᠢ ᠰᠢᠢᠳᠪᠦᠷᠢᠯᠡᠬᠦ ᠵᠠᠷᠴᠢᠮ ᠢ ᠪᠠᠷᠢᠮᠲᠠᠯᠠᠵᠤ᠂  ᠨᠡᠮᠡᠭᠳᠡᠯ ᠢ ᠬᠢᠵᠠᠭᠠᠷᠯᠠᠵᠤ ᠬᠤᠷᠠᠮᠳᠤᠯ ᠢ ᠪᠠᠭᠠᠰᠬᠠᠨ᠂ ᠵᠣᠷᠢᠭ ᠰᠢᠭᠤᠳᠤᠨ ᠠᠷᠬᠠᠭ ᠢ ᠠᠷᠢᠯᠭᠠᠵᠤ᠂ ᠬᠡᠷᠡᠭ ᠢ ᠰᠢᠢᠳᠪᠦᠷᠢᠯᠡᠬᠦ ᠳᠤᠮᠳᠠᠬᠢ ᠬᠦᠴᠢᠷ ᠲᠦᠭᠵᠢᠷᠡᠯ ᠲᠠᠢ ᠴᠡᠭ ᠲᠤ ᠴᠢᠭᠯᠡᠭᠦᠯᠵᠦ᠂ ᠣᠳᠣᠬᠠᠨ ᠤ ᠣᠷᠣᠰᠢᠵᠤ ᠪᠠᠶᠢᠭ᠎ᠠ ᠰᠢᠢᠳᠪᠦᠷᠢᠯᠡᠬᠦ ᠠᠰᠠᠭᠤᠳᠠᠯ ᠤᠨ ᠤᠴᠢᠷ ᠰᠢᠯᠲᠠᠭᠠᠨ ᠢ ᠭᠦᠨᠵᠡᠭᠡᠢ ᠡᠷᠭᠢᠴᠡᠭᠦᠯᠦᠨ ᠲᠤᠩᠭᠠᠵᠤ᠂ ᠬᠤᠶᠠᠳᠤᠭᠠᠷ ᠪᠦᠯᠦᠭ ᠤᠨ ᠰᠢᠢᠳᠪᠦᠷᠢᠯᠡᠬᠦ ᠡᠭᠦᠷᠭᠡ ᠶᠢᠨ ᠵᠢᠭᠰᠠᠭᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠢᠳᠪᠦᠷᠢᠯᠡᠬᠦ ᠴᠢᠳᠠᠪᠤᠷᠢ ᠪᠠ ᠬᠢᠷᠢ ᠲᠦᠪᠰᠢᠨ ᠢᠶᠠᠨ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠰᠢᠢᠳᠪᠦᠷᠢᠯᠡᠬᠦ ᠠᠬᠢᠴᠠ ᠪᠠᠨ ᠲᠦᠷᠭᠡᠳᠬᠡᠨ᠂ ᠮᠠᠨ ᠤ ᠬᠤᠲᠠ ᠳᠤ ᠰᠢᠯᠵᠢᠭᠦᠯᠦᠭᠰᠡᠨ ᠵᠠᠬᠢᠳᠠᠯ ᠰᠤᠷᠪᠤᠯᠵᠢᠯᠠᠭ᠎ᠠ ᠶᠢᠨ ᠤᠴᠢᠷ ᠢ ᠰᠢᠢᠳᠪᠦᠷᠢᠯᠡᠨ ᠢᠯᠭᠠᠷᠠᠭᠤᠯᠬᠤ ᠠᠵᠢᠯ ᠢ ᠲᠣᠭᠲᠠᠭᠰᠠᠨ ᠴᠠᠭ ᠲᠠᠭᠠᠨ ᠴᠢᠨᠠᠷ ᠰᠠᠶᠢᠲᠠᠢ ᠪᠡᠶᠡᠯᠡᠭᠦᠯᠵᠦ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠪᠡ᠃      ᠸᠠᠩ ᠯᠢ ᠰᠢᠶᠠ ᠱᠠᠭᠠᠷᠳᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠨᠡᠨ ᠠᠳᠬᠤᠵᠤ ᠦᠨᠡᠨ ᠬᠠᠮᠢᠶᠠᠷᠴᠤ᠂ ᠭᠤᠣᠯ ᠬᠠᠷᠢᠭᠤᠴᠠᠬᠤ ᠨᠥᠬᠦᠳ ᠥᠪᠡᠷ ᠤᠨ ᠪᠡᠶ᠎ᠡ ᠪᠠᠷ ᠢᠶᠠᠨ ᠠᠳᠬᠤᠨ᠂ ᠢᠳᠡᠪᠬᠢᠲᠡᠢ ᠣᠪᠣᠷ ᠢᠶᠠᠷ᠂ ᠬᠥᠮᠥᠨ ᠲᠠᠢ ᠨᠢ ᠤᠴᠠᠷᠠᠵᠤ ᠶᠠᠭᠤᠮ᠎ᠠ ᠶᠢ ᠨᠢ ᠦᠵᠡᠵᠦ ᠠᠵᠢᠯ ᠢᠶᠠᠨ ᠰᠠᠶᠢᠨ ᠬᠢᠵᠦ᠂ ᠡᠬᠢ ᠡᠭᠦᠰᠦᠯ ᠢ ᠨᠢ ᠮᠥᠷᠳᠡᠨ ᠠᠰᠠᠭᠤᠳᠠᠯ ᠢ ᠰᠢᠢᠳᠪᠦᠷᠢᠯᠡᠨ᠂ ᠬᠦᠯᠢᠶᠡᠵᠦ ᠠᠪᠤᠭᠰᠠᠨ ᠳᠣᠣᠷ᠎ᠠ ᠨᠢ ᠰᠢᠢᠳᠪᠦᠷᠢᠯᠡᠵᠦ᠂ ᠰᠢᠢᠳᠪᠦᠷᠢᠯᠡᠬᠦ ᠶᠣᠰᠣᠲᠠᠢ ᠶᠢ ᠨᠢ ᠪᠦᠬᠦᠨ ᠢ ᠰᠢᠢᠳᠪᠦᠷᠢᠯᠡᠵᠦ᠂ ᠰᠢᠢᠳᠪᠦᠷᠢᠯᠡᠵᠦ ᠲᠡᠶᠢᠯᠬᠦ ᠯᠡ ᠪᠣᠯ ᠰᠢᠢᠳᠪᠦᠷᠢᠯᠡᠵᠦ᠂ ᠣᠨᠴᠠ ᠤᠴᠢᠷ ᠢ ᠣᠨᠴᠠᠯᠠᠨ ᠰᠢᠢᠳᠪᠦᠷᠢᠯᠡᠬᠦ ᠬᠡᠷᠡᠭᠲᠡᠢ᠃ ᠡᠳᠦᠷ ᠪᠦᠷᠢ ᠬᠢᠨᠠᠵᠤ  ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ ᠡᠳᠦᠷ ᠪᠦᠷᠢ ᠠᠰᠠᠭᠤᠵᠤ᠂ ᠡᠳᠦᠷ ᠪᠦᠷᠢ ᠰᠤᠳᠤᠯᠵᠤ᠂ ᠡᠳᠦᠷ ᠪᠦᠷᠢ ᠮᠡᠳᠡᠭᠦᠯᠦᠨ᠂ ᠲᠤᠰᠬᠠᠢ  ᠪᠠᠭ  ᠬᠢᠨᠠᠵᠤ ᠰᠢᠢᠳᠪᠦᠷᠢᠯᠡᠵᠦ᠂ ᠬᠦᠴᠦᠨ ᠢᠶᠠᠨ ᠲᠥᠪᠯᠡᠷᠡᠭᠦᠯᠦᠨ ᠪᠦᠬᠦ ᠲᠠᠯ᠎ᠠ ᠪᠠᠷ ᠰᠢᠪᠲᠤᠯᠤᠯᠲᠠ ᠬᠢᠵᠦ᠂ ᠰᠢᠢᠳᠪᠦᠷᠢᠯᠡᠨ ᠢᠯᠭᠠᠷᠠᠭᠤᠯᠬᠤ ᠠᠵᠢᠯ ᠢ ᠡᠷᠡᠰ ᠰᠢᠭᠤᠷᠬᠠᠢ ᠡᠷᠴᠢᠮ ᠬᠦᠴᠦᠲᠡᠢ ᠠᠳᠬᠤᠬᠤ ᠬᠡᠷᠡᠭᠲᠡᠢ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠬᠠᠷᠢᠭᠤᠴᠠᠯᠭ᠎ᠠ ᠶᠢ ᠱᠠᠲᠤ ᠳᠠᠷᠠᠭᠠᠯᠠᠨ ᠳᠠᠷᠤᠰᠢᠭᠤᠯᠵᠤ᠂  ᠵᠤᠬᠢᠴᠠᠭᠤᠯᠤᠨ ᠬᠤᠯᠪᠣᠭᠠᠯᠠᠨ ᠬᠥᠳᠡᠯᠦᠯᠴᠡᠬᠦ᠂ ᠬᠠᠮᠲᠤ ᠪᠠᠷ ᠠᠳᠬᠤᠵᠤ ᠬᠠᠮᠲᠤ ᠪᠠᠷ ᠬᠠᠮᠢᠶᠠᠷᠬᠤ᠂ ᠬᠠᠷᠢᠭᠤᠴᠠᠯᠭ᠎ᠠ ᠲᠣᠳᠣᠷᠬᠠᠢ ᠠᠵᠢᠯ ᠤᠨ ᠰᠢᠰᠲ᠋ᠧᠮᠵᠢ ᠶᠢ ᠪᠠᠶᠢᠭᠤᠯᠵᠤ᠂ ᠬᠢᠨᠠᠯᠲᠠ ᠲᠠᠯᠪᠢᠨ ᠰᠠᠬᠢᠯᠭ᠎ᠠ ᠪᠠᠲᠤ ᠶᠢ ᠪᠠᠶᠢᠴᠠᠭᠠᠵᠤ ᠬᠠᠷᠢᠭᠤᠴᠠᠯᠭ᠎ᠠ ᠨᠡᠬᠡᠮᠵᠢᠯᠡᠬᠦ ᠪᠠᠨ ᠴᠢᠩᠭᠠᠳᠬᠠᠨ᠂ ᠦᠨᠡᠨ ᠠᠳᠬᠤᠵᠤ ᠪᠣᠳᠠᠲᠠᠢ ᠥᠭᠡᠷᠡᠴᠢᠯᠡᠬᠦ ᠬᠦᠴᠦᠷᠬᠡᠭ ᠶᠡᠭᠡ ᠰᠦᠷ ᠬᠦᠴᠦᠨ ᠢ ᠪᠦᠷᠢᠯᠳᠦᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠯᠠᠪᠳᠠᠭᠤᠨ ᠪᠠᠲᠤᠲᠠᠢ ᠰᠢᠢᠳᠪᠦᠷᠢᠯᠡᠬᠦ ᠬᠡᠷᠡᠭᠲᠡᠢ ᠭᠡᠪᠡ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号