ᠮᠠᠨ ᠤ ᠬᠤᠲᠠ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠦ ᠪᠠᠶᠢᠨ᠎ᠠ
ᠨᠡᠶᠢᠲᠡᠯᠡᠭᠰᠡᠨ ᠴᠠᠭ᠄
2020/11/9
         ᠬᠦᠬᠡᠬᠤᠲᠡ ᠶᠢᠨ ᠡᠳᠤᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠯᠢᠦ ᠱᠠ ᠱᠠ︶  ᠤᠶᠢᠷ᠎ᠠ  ᠶᠢᠨ ᠵᠢᠯ᠂ ᠬᠦᠬᠡᠬᠤᠲᠡ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠠᠵᠢᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠵᠦ  ᠂ ︽ᠭᠡᠷ ᠲᠡᠭᠡᠨ ᠠᠰᠠᠷᠠᠭᠤᠯᠬᠤ ᠪᠠᠷ ᠰᠠᠭᠤᠷᠢ ᠪᠤᠯᠭᠠᠬᠤ᠂ ᠨᠡᠶᠢᠭᠡᠮ ᠲᠤᠭᠤᠷᠢᠭ ᠢᠶᠠᠷ ᠲᠦᠰᠢᠭ ᠪᠤᠯᠭᠠᠬᠤ᠂ ᠪᠠᠶᠢᠭᠤᠯᠤᠮᠵᠢ ᠪᠠᠷ ᠨᠦᠬᠦᠪᠤᠷᠢ ᠪᠤᠯᠭᠠᠬᠤ᠂ ᠡᠮᠨᠡᠵᠦ ᠰᠤᠪᠢᠯᠠᠬᠤ ᠶᠢ ᠤᠶᠠᠯᠳᠤᠭᠤᠯᠬᠤ︾ ᠨᠠᠰᠤᠲᠠᠨ ᠢ ᠠᠰᠠᠷᠠᠬᠤ ᠬᠠᠮ ᠦᠢᠯᠡᠴᠢᠯᠡᠭᠡᠨ ᠤ ᠰᠢᠰᠲ᠋ᠧᠮ ᠢ ᠴᠢᠷᠮᠠᠶᠢᠨ ᠪᠠᠶᠢᠭᠤᠯᠪᠠ᠃ ᠤᠳᠤᠬᠠᠨ᠂ ᠪᠦᠬᠦ ᠬᠤᠲᠠ ᠳᠤ ᠨᠢᠭᠡᠨᠲᠡ ᠪᠠᠶᠢᠭᠤᠯᠤᠭᠳᠠᠭᠰᠠᠨ ᠭᠡᠷ ᠲᠡᠭᠡᠨ ᠪᠠ ᠨᠡᠶᠢᠭᠡᠮ ᠲᠤᠭᠤᠷᠢᠭ ᠤᠨ ᠨᠠᠰᠤᠲᠠᠨ ᠢ ᠠᠰᠠᠷᠠᠬᠤ ᠦᠢᠯᠡᠴᠶᠢᠯᠡᠭᠡᠨ ᠤ ᠲᠠᠯᠠᠪᠤᠷ 104 ᠪᠤᠯᠪᠠ᠃ ᠨᠠᠰᠤᠲᠠᠨ ᠳᠤ ᠦᠢᠯᠡᠴᠢᠯᠡᠬᠦ ᠬᠤᠭᠤᠯᠠᠨ ᠭᠡᠷ 41 ᠪᠠᠶᠢᠵᠦ᠂ 15.2 ᠲᠦᠮᠡᠨ ᠨᠠᠰᠤᠲᠠᠶᠢᠴᠤᠳ ᠲᠤ ᠦᠢᠯᠡᠴᠢᠯᠡᠵᠦ  ᠪᠠᠶᠢᠨ᠎ᠠ᠃ ᠨᠠᠰᠤᠲᠠᠨ ᠢ ᠠᠰᠠᠷᠠᠬᠤ ᠪᠠᠶᠢᠭᠤᠯᠤᠮᠵᠢ 33 ᠪᠠᠶᠢᠵᠦ  ᠂ 6122 ᠤᠷᠤ ᠲᠠᠢ︔ ᠬᠦᠳᠡᠭᠡ ᠲᠤᠰᠬᠤᠨ ᠤ ᠨᠠᠰᠤᠲᠠᠨ ᠤ ᠬᠦᠷᠢᠶᠡᠯᠡᠩ 7 ᠪᠤᠯᠵᠦ᠂ 735 ᠤᠷᠤ ᠲᠠᠢ︔ ᠬᠦᠳᠡᠭᠡ ᠲᠤᠰᠬᠤᠨ ᠤ ᠬᠠᠷᠢᠯᠴᠠᠨ ᠲᠤᠰᠠᠯᠠᠬᠤ ᠵᠢᠷᠭᠠᠯ ᠤᠨ ᠤᠷᠳᠤᠨ 233 ᠪᠠᠶᠢᠵᠦ᠂ 17538 ᠤᠷᠤ ᠲᠠᠢ  ᠪᠤᠯᠵᠠᠢ  ᠃         ᠵᠤᠬᠢᠶᠠᠨ ᠪᠠᠶᠢᠭᠤᠯᠵᠦ ᠤᠳᠤᠷᠢᠳᠬᠤ ᠰᠢᠰᠲ᠋ᠧᠮ ᠢ ᠪᠠᠶᠢᠭᠤᠯᠪᠠ᠃ ᠬᠤᠲᠠ ᠶᠢᠨ ᠳᠠᠷᠤᠭ᠎ᠠ ᠪᠠᠷ ᠲᠤᠭᠤᠶᠢᠯᠠᠩ ᠤᠨ ᠳᠠᠷᠤᠭ᠎ᠠ ᠪᠤᠯᠭᠠᠭᠰᠠᠨ᠂ ᠬᠤᠪᠢᠳᠠᠨ ᠬᠠᠮᠢᠶᠠᠷᠤᠭᠴᠢ ᠬᠤᠳᠠ ᠶᠢᠨ ᠳᠡᠳ᠋ ᠳᠠᠷᠤᠭ᠎ᠠ ᠪᠠᠷ ᠲᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠪᠤᠯᠭᠠᠭᠰᠠᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ ᠲᠤᠰᠬᠠᠢ ᠤᠳᠤᠷᠢᠳᠬᠤ ᠲᠤᠭᠤᠶᠢᠯᠠᠩ ᠪᠠᠶᠢᠭᠤᠯᠵᠦ᠂ ᠤᠯᠠᠨ ᠤᠳᠠᠭ᠎ᠠ ᠲᠤᠰᠬᠠᠢ ᠬᠤᠷᠠᠯ ᠬᠢᠵᠦ᠂ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠪᠠᠨ  ᠴᠢᠩᠭᠠᠳᠬᠠᠵᠦ᠂ ᠪᠦᠬᠦ ᠬᠤᠲᠠ ᠶᠢᠨ ᠭᠡᠷ  ᠲᠡᠭᠡᠨ ᠪᠠ ᠨᠡᠶᠢᠭᠡᠮ ᠲᠤᠭᠤᠷᠢᠭ ᠲᠤ ᠠᠰᠠᠷᠠᠬᠤ ᠲᠤᠷᠰᠢᠯᠲᠠ ᠶᠢᠨ ᠴᠢᠭ᠋ ᠤᠨ ᠪᠠᠶᠢᠭᠤᠯᠤᠯᠲᠠ ᠶᠢᠨ ᠭᠤᠷᠪᠠᠨ ᠵᠢᠯ  ᠤᠨ ᠲᠦᠯᠦᠪᠵᠢᠭᠦᠯᠭᠡ ᠲᠤᠭᠲᠠᠭᠠᠵᠦ᠂ ᠲᠤᠷᠰᠢᠯᠲᠠ ᠶᠢᠨ ᠴᠢᠭ᠋ ᠤᠨ ᠪᠦᠳᠦᠭᠡᠨ ᠪᠠᠶᠢᠭᠤᠯᠤᠯᠲᠠ ᠶᠢᠨ ᠡᠭᠦᠷᠭᠡ ᠶᠢ ᠰᠠᠷ᠎ᠠ ᠳᠠᠷᠠᠭᠠᠯᠠᠨ ᠬᠤᠪᠢᠶᠠᠷᠢᠯᠠᠵᠦ᠂ ᠬᠤᠲᠠ᠂ ᠲᠤᠭᠤᠷᠢᠭ᠂ ᠬᠡᠷᠡᠭ ᠡᠷᠬᠢᠯᠡᠬᠦ ᠭᠠᠵᠠᠷ᠂ ᠨᠡᠶᠢᠭᠡᠮ ᠲᠤᠭᠤᠷᠢᠭ ︽ ᠳᠦᠷᠪᠡᠨ ᠱᠠᠳᠤ︾ ᠬᠤᠯᠪᠤᠭᠠᠯᠠᠨ ᠬᠦᠳᠡᠯᠤᠯᠴᠡᠵᠦ  ᠂᠂ᠪᠦᠬᠦ ᠬᠤᠲᠠ ᠶᠢᠨ ᠭᠡᠷ ᠲᠡᠭᠡᠨ ᠪᠠ ᠨᠡᠶᠢᠭᠡᠮ ᠲᠤᠭᠤᠷᠢᠭ  ᠲᠤ ᠠᠰᠠᠷᠠᠬᠤ ᠦᠢᠯᠡᠴᠢᠯᠡᠭᠡᠨ ᠤ ᠠᠵᠢᠯ ᠢ ᠠᠬᠢᠭᠤᠯᠪᠠ᠃      ᠵᠢᠷᠤᠮᠵᠢᠭᠰᠠᠨ ᠪᠠᠷᠢᠮᠵᠢᠶᠠᠳᠤ ᠰᠢᠰᠲ᠋ᠧᠮ ᠢ ᠪᠠᠶᠢᠭᠤᠯᠪᠠ᠃ ᠮᠠᠨ ᠤ ᠬᠤᠲᠠ ᠬᠠᠷᠢᠶ᠎ᠠ ᠤᠷᠤᠨ ᠤ ᠨᠠᠰᠤᠲᠠᠶᠢᠴᠤᠳ ᠤᠨ ᠲᠤᠭ᠎ᠠ ᠪᠤᠯᠤᠨ ᠦᠢᠯᠡᠴᠢᠯᠡᠭᠡᠨ ᠤ ᠲᠠᠯᠠᠪᠤᠷ ᠤᠨ ᠬᠡᠮᠵᠢᠶ᠎ᠡ ᠲᠠᠢ ᠪᠠᠨ ᠤᠶᠠᠯᠳᠤᠭᠤᠯᠤᠨ ︽ᠬᠤᠲᠠ ᠲᠤᠭᠤᠷᠢᠭ ᠬᠠᠮᠳᠤᠪᠠᠷ ᠪᠠᠶᠢᠭᠤᠯᠬᠤ ᠦᠯᠢᠭᠡᠷ ᠵᠢᠱᠢᠶ᠎ᠡ ᠴᠢᠭ᠋᠂ ᠲᠤᠭᠤᠷᠢᠭ ᠱᠠᠳᠤᠨ ᠤ ᠨᠠᠰᠤᠲᠠᠨ ᠢ ᠠᠰᠠᠷᠠᠬᠤ ᠦᠢᠯᠡᠴᠢᠯᠡᠭᠡᠨ ᠤ ᠶᠡᠷᠤᠩᠬᠡᠢ ᠴᠤᠭᠴᠠ᠂ ᠵᠡᠭᠡᠯᠢ ᠭᠤᠳᠤᠮᠵᠢ ᠵᠢᠨ‌ᠨᠠᠰᠤᠲᠠᠨ ᠢ ᠠᠰᠠᠷᠠᠬᠤ ᠦᠢᠯᠡᠴᠢᠯᠡᠭᠡᠨ  ᠤ ᠲᠦᠪ᠂ ᠨᠡᠶᠢᠭᠡᠮ ᠲᠤᠭᠤᠷᠢᠭ ᠶᠢᠨ ᠨᠠᠰᠤᠲᠠᠨ ᠢ ᠠᠰᠠᠷᠠᠬᠤ ᠦᠢᠯᠡᠴᠢᠯᠡᠭᠡᠨ ᠤ ᠦᠷᠲᠡᠭᠡ︾ ᠳᠦᠷᠪᠡᠨ ᠲᠦᠷᠦᠯ  ᠤᠨ ᠪᠦᠳᠦᠭᠡᠨ ᠪᠠᠶᠢᠭᠤᠯᠤᠯᠲᠠ ᠶᠢᠨ ᠵᠠᠭᠪᠤᠷ ᠲᠤᠭᠲᠠᠭᠠᠵᠦ᠂ ᠪᠦᠬᠦᠯᠢ ᠴᠤᠭᠴᠠ ᠶᠢᠨ ᠴᠢᠳᠠᠪᠤᠷᠢ ᠶᠢᠨ ᠪᠠᠶᠢᠷᠢᠰᠢᠯ ᠢ ᠤᠯᠠᠮ ᠴᠢᠨᠠᠭᠰᠢᠲᠠ ᠰᠢᠯᠢᠳᠡᠭᠵᠢᠭᠦᠯᠵᠦ᠂ ᠬᠤᠭᠤᠯᠠ ᠬᠢᠵᠦ ᠬᠤᠭᠤᠯᠠ ᠬᠦᠷᠭᠡᠬᠦ᠂ ᠠᠰᠠᠷᠠᠵᠦ ᠬᠠᠷᠠᠭᠠᠯᠵᠠᠬᠤ᠂ ᠭᠡᠷ ᠲᠡᠷᠭᠡ ᠴᠡᠪᠡᠷᠯᠡᠬᠦ᠂ ᠰᠡᠳᠬᠢᠯ ᠰᠠᠨᠠᠭ᠎ᠠ ᠶᠢ ᠠᠷᠭᠠᠳᠠᠬᠤ ᠵᠡᠷᠭᠡ 11 ᠲᠦᠷᠦᠯ ᠤᠨ 83 ᠵᠥᠢᠯ ᠤᠨ ᠦᠢᠯᠡᠴᠢᠯᠡᠭᠡᠨ  ᠤ ᠪᠠᠷᠢᠮᠵᠢᠶ᠎ᠠ ᠭᠠᠷᠭᠠᠭᠰᠠᠨ ᠪᠦᠭᠡᠳ ︽ᠨᠠᠰᠤᠲᠠᠨ ᠢ ᠠᠰᠠᠷᠠᠬᠤ ᠬᠦᠷᠢᠶ᠎ᠡ ᠬᠠᠰᠢᠶ᠎ᠠ ᠦᠭᠡᠢ ᠬᠡᠶᠢᠰᠪᠤᠷᠢ ᠬᠦᠷᠢᠶᠡᠯᠡᠩ︾ ᠢ ᠢᠳᠡᠪᠬᠢᠲᠡᠢ ᠰᠦᠪᠡᠭᠴᠢᠯᠡᠨ ᠪᠠᠶᠢᠭᠤᠯᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠶᠢ ᠤᠶᠠᠯᠳᠤᠭᠤᠯᠵᠦ᠂ ᠬᠤᠭᠤᠯᠠᠨ ᠳᠤ ᠬᠠᠮᠵᠢᠬᠤ᠂ ᠴᠡᠪᠡᠷᠯᠡᠭᠡ ᠳᠤ ᠬᠠᠮᠵᠢᠬᠤ᠂ ᠶᠠᠪᠤᠵᠦ ᠰᠠᠭᠤᠬᠤ ᠳᠤ ᠬᠠᠮᠵᠢᠬᠤ᠂ ᠪᠡᠶ᠎ᠡ ᠤᠬᠢᠶᠠᠬᠤ ᠳᠤ ᠬᠠᠮᠵᠢᠬᠤ᠂ ᠡᠮᠴᠢᠯᠡᠭᠡ ᠳᠤ ᠬᠠᠮᠵᠢᠬᠤ᠂  ᠪᠠᠴᠢᠮᠳᠠᠯ ᠳᠤ ᠬᠠᠮᠵᠢᠬᠤ᠂  ᠰᠤᠪᠢᠯᠠᠵᠦ ᠡᠷᠡᠭᠦᠯᠵᠢᠭᠦᠯᠬᠦ ᠵᠡᠷᠭᠡ ᠤᠯᠠᠨ ᠶᠠᠩᠵᠦᠯᠠᠭᠰᠠᠨ ᠦᠢᠯᠡᠴᠢᠯᠡᠭᠡ ᠶᠢ ᠨᠠᠰᠤᠲᠠᠨ ᠤ ᠭᠡᠷ ᠲᠤᠨᠢ᠂ ᠤᠷᠤᠨ ᠤ ᠲᠡᠷᠭᠡᠳᠡ  ᠳᠤᠨᠢ ᠬᠦᠷᠭᠡᠭᠡᠳ ᠨᠠᠰᠤᠲᠠᠶᠢᠴᠤᠤᠯ ᠳᠤ ᠦᠨᠡᠯᠡᠭᠳᠡᠵᠦ ᠪᠠᠶᠢᠨ᠎ᠠ᠃http://mongol.people.com.cn/15829015.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号