ᠬᠥᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶᠠᠨ ᠤ ᠰᠢᠨ᠎ᠡ ᠬᠤᠲᠠ ᠲᠣᠭᠤᠷᠢᠭ ᠤᠨ ᠬᠤᠪᠢᠶᠠᠷᠢ ᠲᠣᠪᠴᠢᠶ ᠎ᠠ ᠠᠶᠤᠯᠲᠠᠶ ᠬᠠᠶᠠᠭᠳᠠᠮᠠᠯ ᠪᠣᠳᠠᠰ ᠤᠨ ᠲᠤᠰᠬᠠᠶ ᠠᠵᠢᠯ ᠵᠢᠴᠢ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/1
     ᠠᠶᠤᠯᠲᠠᠶ ᠬᠠᠶᠠᠭᠳᠠᠮᠠᠯ ᠪᠣᠳᠠᠰ ᠭᠠᠷᠭᠠᠬᠤ ᠠᠵᠤ ᠠᠬᠤᠶᠢᠯᠠᠯ ᠤᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠳᠠᠯᠳᠠ ᠬᠡᠮ ᠢ  ᠠᠷᠢᠯᠭᠠᠬᠤ ᠶᠢᠨ ᠲᠦᠯᠦᠭᠡ᠂ 2020 ᠣᠨ ᠤ 11 ᠳ᠋ᠦ᠋ᠭᠡᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠨ᠎ᠡ ᠬᠤᠲᠠ ᠲᠣᠭᠤᠷᠢᠭ ᠤᠨ ᠬᠤᠪᠢᠶᠠᠷᠢ ᠲᠣᠪᠴᠢᠶ᠎ᠠ 2020 ᠣᠨ ᠤ ᠰᠢᠨ᠎ᠡ ᠬᠤᠲᠠ ᠲᠣᠭᠤᠷᠢᠭ ᠤᠨ ᠠᠶᠤᠯᠲᠠᠶ ᠬᠠᠶᠠᠭᠳᠠᠮᠠᠯ ᠪᠣᠳᠠᠰ ᠤᠨ ᠠᠵᠢᠯ ᠤᠨ ᠪᠠᠶᠢᠳᠠᠯ ᠵᠢᠴᠢ 2021 ᠣᠨ ᠤ ᠰᠢᠨ᠎ᠡ ᠬᠤᠲᠠ ᠲᠣᠭᠤᠷᠢᠭ ᠤᠨ ᠠᠶᠤᠯᠲᠠᠶ ᠬᠠᠶᠠᠭᠳᠠᠮᠠᠯ ᠪᠣᠳᠠᠰ ᠤᠨ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠰᠢᠨ᠎ᠡ ᠬᠤᠲᠠ ᠲᠣᠭᠤᠷᠢᠭ ᠤᠨ ᠠᠶᠤᠯᠲᠠᠶ ᠬᠠᠶᠠᠭᠳᠠᠮᠠᠯ ᠪᠣᠳᠠᠰ ᠲᠠᠢ ᠬᠤᠯᠪᠣᠭᠳᠠᠭᠰᠠᠨ 47 ᠠᠵᠤ ᠠᠬᠤᠶᠢᠯᠠᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ  ᠤᠷᠤᠯᠴᠠᠪᠠ᠃      ᠲᠣᠰ ᠤᠳᠠᠭᠠᠨ ᠤ ᠬᠤᠷᠠᠯ ᠠᠴᠠ ᠠᠮᠢ ᠠᠬᠤᠶ ᠣᠷᠴᠢᠨ ᠲᠣᠭᠤᠷᠢᠨ ᠤ ᠶᠠᠮᠤᠨ ᠤ ︽ᠠᠶᠤᠯᠲᠠᠶ ᠬᠠᠶᠠᠭᠳᠠᠮᠠᠯ ᠪᠣᠳᠠᠰ ᠢ ᠲᠤᠰᠬᠠᠶᠢᠯᠠᠨ ᠵᠠᠰᠠᠬᠤ ᠠᠵᠢᠯ ᠢ ᠥᠷᠨᠢᠭᠦᠯᠬᠦ ᠲᠤᠬᠠᠶ︾ ᠮᠡᠳᠡᠭᠳᠡᠯ᠂ ︽ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠵᠢᠯ ᠤᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠡᠳᠡᠭᠳᠡᠯ︾᠂ ︽ᠬᠥᠬᠡᠬᠤᠲᠠ ᠶᠢᠨ ᠠᠶᠤᠯᠲᠠᠶ ᠬᠠᠶᠠᠭᠳᠠᠮᠠᠯ ᠪᠣᠳᠠᠰ ᠤᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠠᠵᠢᠯ ᠤᠨ ᠲᠥᠰᠦᠯ︾᠂ ︽ᠰᠢᠨ᠎ᠡ ᠬᠤᠲᠠ ᠲᠣᠭᠤᠷᠢᠭ ᠤᠨ ᠠᠶᠤᠯᠲᠠᠶ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠠᠬᠠᠢ ᠪᠠᠶᠢᠴᠠᠭᠠᠯᠲᠠ ᠶᠢᠨ ᠠᠵᠢᠯ ᠤᠨ ᠪᠠᠶᠢᠳᠠᠯ︾ ᠵᠡᠷᠭᠡ ᠶᠢ ᠤᠯᠠᠮᠵᠢᠯᠠᠪᠠ᠃ ᠬᠤᠷᠠᠯ ᠠᠴᠠ ᠰᠢᠨ᠎ᠡ ᠬᠤᠲᠠ ᠲᠣᠭᠤᠷᠢᠭ ᠤᠨ ᠠᠶᠤᠯᠲᠠᠶ ᠬᠠᠶᠠᠭᠳᠠᠮᠠᠯ ᠪᠣᠳᠠᠰ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠰᠬᠠᠶ ᠵᠣᠶᠢᠯ ᠤᠨ ᠪᠠᠶᠢᠴᠠᠭᠠᠯᠲᠠ ᠳᠤ ᠱᠠᠲᠤ ᠦᠶ᠎ᠡ ᠶᠢᠨ ᠴᠢᠨᠠᠷᠲᠠᠶ ᠳ᠋ᠦᠩᠨᠡᠯᠲᠡ ᠬᠢᠬᠦ ᠶᠢᠨ ᠬᠠᠮᠲᠤ 2021 ᠣᠨ ᠤ ᠰᠢᠨ᠎ᠡ ᠬᠤᠲᠠ ᠲᠣᠭᠤᠷᠢᠭ ᠤᠨ ᠠᠶᠤᠯᠲᠠᠶ ᠬᠠᠶᠠᠭᠳᠠᠮᠠᠯ ᠪᠣᠳᠠᠰ ᠤᠨ ᠬᠠᠮᠢᠶᠠᠷᠤᠯᠲᠠ ᠶᠢᠨ ᠠᠵᠢᠯ ᠵᠢᠴᠢ 2021 ᠣᠨ ᠤ ᠣᠷᠴᠢᠨ ᠲᠣᠭᠤᠷᠢᠨ ᠤ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠵᠡᠷᠭᠡ ᠳᠤ ᠪᠠᠶᠢᠷᠢᠯᠠᠭᠤᠯᠤᠯᠲᠠ ᠬᠢᠪᠠ᠃ ᠬᠤᠷᠠᠯ ᠠᠴᠠ ᠱᠠᠭᠠᠷᠳᠠᠭᠰᠠᠨ ᠨᠢ᠂ ᠡᠯ᠎ᠡ ᠠᠶᠤᠯ ᠲᠦᠭᠰᠢᠭᠦᠷᠢ ᠲᠠᠢ ᠬᠤᠯᠪᠣᠭᠳᠠᠭᠰᠠᠨ ᠠᠵᠤ ᠠᠬᠤᠶᠢᠯᠠᠯ ᠠᠶᠤᠯᠲᠠᠶ ᠬᠠᠶᠠᠭᠳᠠᠮᠠᠯ ᠪᠣᠳᠠᠰ ᠢ ᠳᠠᠩᠰᠠᠯᠠᠬᠤ᠂ ᠠᠶᠤᠯᠲᠠᠶ ᠬᠠᠶᠠᠭᠳᠠᠮᠠᠯ ᠪᠤᠳᠠᠰ ᠤᠨ ᠲᠡᠮᠳᠡᠭ᠂ ᠠᠶᠤᠯᠲᠠᠶ ᠬᠠᠶᠠᠭᠳᠠᠮᠠᠯ ᠪᠣᠳᠠᠰ ᠢ ᠬᠠᠳᠠᠭᠠᠯᠠᠬᠤ ᠲᠠᠯᠠᠪᠤᠷ ᠭᠠᠵᠠᠷ ᠵᠡᠷᠭᠡ ᠶᠢ ᠵᠢᠷᠤᠮᠵᠢᠭᠤᠯᠤᠨ ᠲᠡᠭᠦᠯᠳᠡᠷᠵᠢᠭᠦᠯᠵᠦ᠂ ᠮᠡᠳᠡᠭᠳᠡᠯ ᠪᠠ ᠲᠥᠰᠦᠯ ᠢ ᠴᠢᠩᠭ᠎ᠠ ᠵᠢᠷᠤᠮᠯᠠᠨ ᠳᠠᠷᠠᠭ᠎ᠠ ᠠᠯᠬᠤᠮ ᠤᠨ ᠠᠵᠢᠯ ᠢᠶᠠᠨ ᠬᠢᠬᠦ ᠶᠢᠨ ᠬᠠᠮᠲᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠰᠢᠰᠲ᠋ᠧᠮ ᠢ ᠰᠢᠨᠡᠳᠬᠡᠬᠦ ᠠᠵᠢᠯ ᠢ ᠴᠠᠭ ᠲᠤᠬᠠᠢ ᠳᠤᠨᠢ ᠪᠡᠶᠡᠯᠡᠭᠦᠯᠵᠦ᠂ ᠠᠶᠤᠯᠲᠠᠶ ᠬᠠᠶᠠᠭᠳᠠᠮᠠᠯ ᠪᠣᠳᠠᠰ ᠤᠨ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠤᠬᠠᠭᠤᠯᠭ᠎ᠠ ᠵᠢᠴᠢ ᠰᠢᠨ᠎ᠡ ᠬᠠᠲᠠᠭᠤ ᠪᠡᠶᠡᠲᠦ ᠬᠠᠶᠠᠭᠳᠠᠮᠠᠯ ᠪᠣᠳᠠᠰ ᠤᠨ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ ᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号