︵ᠰᠤᠷᠪᠤᠯᠵᠢᠯᠠᠭᠴᠢ ᠸᠠᠩ ᠵᠦᠩ ᠵᠸᠦ︶ ᠲᠦᠷᠦᠭᠦᠬᠡᠨ᠂ ᠬᠥᠬᠡᠬᠤᠲᠠ ᠠᠴᠠ ᠳᠤᠮᠳᠠᠳᠤ ᠤᠯᠤᠰ ᠤᠨ | ᠴᠠᠭᠠᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠲᠤ ︽︿ᠳᠤᠮᠳᠠᠳᠤ ᠤᠯᠤᠰ ᠤᠨ ᠰᠦ ᠶᠢᠨ ᠬᠤᠲᠠ﹀ ᠶᠢ | ᠳᠠᠬᠢᠨ ᠦᠨᠡᠯᠡᠭᠦᠯᠬᠦ ᠭᠤᠶᠤᠴᠢᠯᠠᠯ ᠤᠨ ᠪᠢᠴᠢᠭ︾ ᠪᠣᠯᠣᠨ ᠳᠠᠬᠢᠨ ᠦᠨᠡᠯᠡᠬᠦ ᠶᠢ ᠭᠤᠶᠤᠴᠢᠯᠠᠬᠤ ᠬᠤᠯᠪᠣᠭᠳᠠᠯ | ᠪᠦᠬᠦᠢ ᠮᠠᠲ᠋ᠧᠷᠢᠶᠠᠯ ᠢᠶᠠᠨ ᠳᠡᠪᠰᠢᠭᠦᠯᠵᠦ᠂ ︽ᠳᠤᠮᠳᠠᠳᠤ ᠤᠯᠤᠰ ᠤᠨ ᠰᠦ ᠶᠢᠨ ᠬᠤᠲᠠ︾ ᠶᠢ ᠳᠠᠬᠢᠨ ᠦᠨᠡᠯᠡᠭᠦᠯᠬᠦ | ᠭᠤᠶᠤᠴᠢᠯᠠᠯ ᠳᠤᠷᠠᠳᠤᠪᠠ᠃ ᠳᠤᠮᠳᠠᠳᠤ ᠤᠯᠤᠰ ᠤᠨ ᠴᠠᠭᠠᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ︽ | ᠳᠤᠮᠳᠠᠳᠤ ᠤᠯᠤᠰ ᠤᠨ ᠴᠠᠭᠠᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠤᠨ ᠣᠨᠴᠠᠯᠢᠭᠲᠤ ᠣᠷᠣᠨ ᠪᠦᠰᠡ | ᠪᠠ ᠠᠵᠤ ᠦᠢᠯᠡᠰ ᠤᠨ ᠪᠥᠭᠡᠮᠨᠡᠷᠡᠯ ᠤᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ︵ | ᠳᠤᠮᠳᠠᠳᠤ ᠴᠠᠭᠠᠨ ᠢᠳᠡᠭᠡ ᠨᠡᠶᠢᠭᠡᠮᠯᠢᠭ ﹇2017﹈ 48 ᠳ᠋ᠤᠭᠠᠷ ᠲᠣᠭᠠᠲᠤ︶ ᠶᠢᠨ ᠲᠣᠭᠲᠠᠭᠠᠯ ᠶᠤᠰᠤᠭᠠᠷ᠂ | ᠬᠥᠬᠡᠬᠤᠲᠠ ᠶᠢᠨ ︽ᠳᠤᠮᠳᠠᠳᠤ ᠤᠯᠤᠰ ᠤᠨ ᠰᠦ ᠶᠢᠨ ᠬᠤᠲᠠ︾ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ | ᠵᠢᠴᠢ ᠦᠨᠡᠯᠡᠨ ᠬᠢᠨᠠᠬᠤ ᠮᠠᠲ᠋ᠧᠷᠢᠶᠠᠯ ᠳᠤ ᠨᠠᠷᠢᠨ ᠬᠢᠨᠠᠮᠠᠭᠠᠢ ᠪᠠᠶᠢᠴᠠᠭᠠᠯᠲᠠ ᠳᠠᠬᠢᠨ ᠦᠨᠡᠯᠡᠯᠲᠡ ᠬᠢᠵᠦ᠂ | ᠬᠥᠬᠡᠬᠤᠲᠠ ᠳᠤ ︽ᠳᠤᠮᠳᠠᠳᠤ ᠤᠯᠤᠰ ᠤᠨ ᠰᠦ ᠶᠢᠨ ᠬᠤᠲᠠ︾ ︵ᠭᠤᠷᠪᠠᠨ ᠵᠢᠯ ᠤᠨ ᠬᠦᠴᠦᠨ ᠲᠠᠢ︶ ᠢᠷᠠᠭᠤ | ᠠᠯᠳᠠᠷ ᠤᠨ ᠴᠣᠯᠠ ᠶᠢ ᠦᠷᠭᠦᠯᠵᠢᠯᠡᠨ ᠣᠯᠭᠤᠬᠤ ᠪᠠᠷ ᠲᠣᠭᠲᠠᠵᠠᠢ᠃ |