ᠬᠤᠲᠠ ᠶᠢᠨ ᠤᠳᠤᠷᠢᠳᠤᠯᠭ᠎ᠠ ︽ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ ᠬᠤᠯᠪᠣᠭᠳᠠᠯ ᠪᠦᠬᠦᠢ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/12/1
ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠯᠢᠶᠠᠩ ᠵᠢᠩ ᠱᠤ᠋︶ 11 ᠳ᠋ᠦ᠋ᠭᠡᠷ ᠰᠠᠷ᠎ᠠ ᠶᠢᠨ 30 ᠤ ᠡᠳᠦᠷ᠂ ᠬᠤᠲᠠ ᠶᠢᠨ ᠨᠠᠮ ‍ᠤᠨ‌ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠨᠠᠷ ᠬᠥᠬᠡᠬᠤᠲᠠ ᠶᠢᠨ 12345 ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ  ᠶᠢ ᠵᠢᠯᠣᠭᠤᠳᠬᠤ ᠲᠣᠬᠢᠷᠠᠭᠤᠯᠬᠤ ᠲᠥᠪ ᠲᠤ ᠬᠦᠷᠴᠦ ︽ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ ᠬᠤᠯᠪᠣᠭᠳᠠᠯ ᠪᠦᠬᠦᠢ ᠠᠵᠢᠯ ᠢ ᠪᠠᠶᠢᠴᠠᠭᠠᠨ ᠰᠤᠳᠤᠯᠪᠠ᠃      ᠾᠧ ᠬᠠᠢ ᠳ᠋ᠦᠩ᠂ ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ ᠶᠢ ᠵᠢᠯᠣᠭᠤᠳᠬᠤ ᠲᠣᠬᠢᠷᠠᠭᠤᠯᠬᠤ ᠲᠥᠪ ᠲᠤ ᠠᠷᠠᠳ ᠲᠤ ᠦᠢᠯᠡᠴᠢᠯᠡᠬᠦ ᠬᠠᠯᠠᠮᠰᠢᠯ ᠤᠲᠠᠰᠤ ᠶᠢᠨ ᠲᠠᠪᠴᠠᠩ ᠤᠨ ᠬᠤᠲᠠ ᠶᠢᠨ ᠠᠷᠠᠳ ᠤᠨ ᠬᠠᠯᠠᠮᠰᠢᠯ ᠤᠲᠠᠰᠤ ᠶᠢ ᠰᠢᠢᠳᠪᠦᠷᠢᠯᠡᠬᠦ ᠠᠵᠢᠯ ᠤᠨ ᠪᠠᠶᠢᠳᠠᠯ ᠢ ᠨᠠᠷᠢᠯᠢᠭ ᠣᠶᠢᠯᠠᠭᠠᠪᠠ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ︽ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ ᠠᠵᠢᠯ ᠢ ᠦᠵᠡᠯ ᠰᠠᠨᠠᠭᠠᠨ ᠳᠡᠭᠡᠷ᠎ᠡ ᠪᠠᠨ ᠴᠢᠬᠤᠯᠠᠴᠢᠯᠠᠨ ᠦᠵᠡᠵᠦ᠂ ᠠᠷᠠᠳ ᠲᠦᠮᠡᠨ ᠳᠤ ᠦᠢᠯᠡᠴᠢᠯᠡᠬᠦ ᠪᠠᠷ ᠠᠵᠢᠯ ᠤᠨ ᠭᠤᠣᠯ ᠪᠣᠯᠭᠠᠬᠤ ᠬᠡᠷᠡᠭᠲᠡᠢ᠃ ︽ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ ᠠᠵᠢᠯ ᠢ ᠴᠢᠬᠤᠯᠠᠴᠢᠯᠠᠬᠤ ᠶᠢ ᠪᠣᠳᠠᠲᠠᠢ ᠮᠥᠷᠲᠡᠭᠡᠨ ᠪᠦᠲᠦᠮᠵᠢᠲᠡᠢ ᠠᠷᠭ᠎ᠠ ᠬᠡᠮᠵᠢᠶᠡᠨ ᠳᠡᠭᠡᠷ᠎ᠡ ᠪᠠᠨ ᠨᠠᠶᠢᠳᠠᠪᠤᠷᠢᠵᠢᠭᠤᠯᠵᠤ᠂ ᠠᠵᠢᠯ ᠤᠨ ᠰᠠᠭᠤᠷᠢ ᠪᠠᠨ ᠪᠠᠲᠤᠳᠬᠠᠵᠤ᠂ ᠠᠵᠢᠯ ᠤᠨ ᠳᠠᠷᠠᠭᠠᠯᠠᠯ ᠢᠶᠠᠨ ᠰᠢᠯᠤᠭᠤᠳᠬᠠᠵᠤ᠂ ᠡᠭᠦᠷᠭᠡ ᠬᠤᠪᠢᠶᠠᠬᠤ ᠶᠢ ᠣᠨᠣᠪᠴᠢᠲᠠᠢ ᠪᠣᠯᠭᠠᠨ ᠳᠡᠭᠦᠯᠳᠡᠷᠵᠢᠬᠦᠯᠵᠦ᠂ ᠴᠠᠭ ᠲᠤᠬᠠᠢ ᠳᠤᠨᠢ ᠭᠦᠢᠴᠡᠳᠬᠡᠨ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠦᠢᠯᠡᠴᠢᠯᠡᠭᠡ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠥᠮᠥᠨ ᠤ ᠬᠢ ᠶᠢ ᠲᠣᠯᠢᠯᠠᠨ ᠰᠤᠷᠤᠯᠴᠠᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ︽ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾  ᠠᠵᠢᠯ ᠤᠨ ᠰᠢᠰᠲ᠋ᠧᠮᠵᠢ ᠨᠡᠯᠢᠶᠡᠳ ᠪᠣᠯᠪᠠᠰᠤᠷᠠᠩᠭᠤᠢ ᠪᠣᠯᠣᠭᠰᠠᠨ᠂ ᠦᠷ᠎ᠡ ᠪᠦᠲᠦᠮᠵᠢ ᠣᠯᠣᠭᠰᠠᠨ ᠬᠤᠲᠠ ᠠᠴᠠ ᠰᠤᠷᠤᠯᠴᠠᠵᠤ᠂ ᠡᠯ᠎ᠡ ᠭᠠᠵᠠᠷ ᠤᠨ ᠰᠠᠶᠢᠨ ᠢ ᠨᠢ ᠰᠤᠷᠤᠯᠴᠠᠨ᠂ ᠮᠠᠨ ᠤ ᠬᠤᠲᠠ ᠶᠢᠨ ᠣᠨᠴᠠᠯᠢᠭ ᠲᠤ ᠲᠣᠬᠢᠷᠠᠬᠤ ︽ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ︾ ᠠᠵᠢᠯ ᠤᠨ ᠰᠢᠰᠲ᠋ᠧᠮᠵᠢ ᠶᠢ ᠬᠠᠶᠢᠨ ᠰᠦᠪᠡᠭᠴᠢᠯᠡᠵᠦ᠂ ᠴᠢᠳᠠᠪᠤᠷᠢ ᠶᠢᠨ ᠬᠢᠷᠢ ᠲᠦᠪᠰᠢᠨ ᠢᠶᠠᠨ ᠬᠤᠷᠳᠤᠨ ᠳᠡᠭᠡᠭᠰᠢᠯᠡᠭᠦᠯᠬᠦ ᠬᠡᠷᠡᠭᠲᠡᠢ᠃ ᠠᠰᠠᠭᠤᠳᠠᠯ ᠢ ᠰᠢᠢᠳᠪᠦᠷᠢᠯᠡᠬᠦ ᠪᠠᠷ ᠭᠤᠣᠯ ᠪᠣᠯᠭᠠᠵᠤ᠂ ᠣᠯᠠᠨ ᠲᠦᠮᠡᠨ ᠤ ᠱᠠᠭᠠᠷᠳᠠᠯᠭ᠎ᠠ ᠠᠴᠠ ᠠᠰᠠᠭᠤᠳᠠᠯ ᠢ ᠪᠣᠳᠣᠨ᠂ ᠤᠴᠢᠷ ᠢ ᠬᠢᠵᠦ᠂ ᠣᠯᠠᠨ ᠲᠦᠮᠡᠨ ᠤ ᠰᠠᠨᠠᠭ᠎ᠠ ᠪᠣᠯᠵᠤ ᠲᠦᠪᠡᠭᠳᠡᠵᠦ ᠵᠣᠪᠠᠨᠢᠭᠰᠠᠨ ᠤᠴᠢᠷ ᠢ ᠰᠢᠢᠳᠪᠦᠷᠢᠯᠡᠬᠦ ᠳᠡᠭᠡᠷ᠎ᠡ ᠳᠡᠭᠡᠳᠦ ᠱᠠᠲᠤᠨ ᠤ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠬᠦ ᠬᠡᠷᠡᠭᠲᠡᠢ᠃ ᠬᠠᠮᠵᠢᠯᠴᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠡᠯ᠎ᠡ ᠬᠤᠰᠢᠭᠤ ᠰᠢᠶᠠᠨ ᠲᠣᠭᠤᠷᠢᠭ ᠪᠠ ᠬᠤᠯᠪᠣᠭᠳᠠᠯ ᠪᠦᠬᠦᠢ ᠡᠭᠦᠷᠭᠡ ᠬᠠᠷᠢᠭᠤᠴᠠᠯᠭᠠᠲᠤ ᠰᠠᠯᠠᠭ᠎ᠠ ᠮᠥᠴᠢᠷ ᠲᠠᠢ ᠪᠤᠳᠤᠯᠢᠶᠠᠨᠲᠠᠢ ᠡᠭᠡᠳᠡᠷᠡᠭᠡᠨᠲᠡᠢ ᠬᠦᠴᠢᠷ ᠠᠰᠠᠭᠤᠳᠠᠯ ᠢ ᠬᠠᠮᠲᠤ ᠪᠠᠷ ᠵᠥᠪᠯᠡᠨ ᠬᠠᠮᠲᠤ ᠪᠠᠷ ᠵᠠᠰᠠᠬᠤ ᠲᠣᠭᠲᠠᠴᠠ ᠶᠢ ᠪᠠᠶᠢᠭᠤᠯᠵᠤ᠂ ᠬᠠᠮᠲᠤ ᠪᠠᠷ ᠠᠰᠠᠭᠤᠳᠠᠯ ᠢ ᠰᠢᠢᠳᠪᠦᠷᠢᠯᠡᠬᠦ ︽ᠬᠠᠮᠤᠭ ᠡᠴᠦᠰ ᠤᠨ ᠨᠢᠭᠡ ᠺᠢᠯᠣᠮᠧᠲᠷ︾ ᠢ ᠰᠢᠯᠤᠭᠤᠳᠬᠠᠬᠤ ᠬᠡᠷᠡᠭᠲᠡᠢ᠃ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠬᠤᠲᠠ ᠶᠢᠨ ᠠᠷᠠᠳ ᠤᠨ ︽12345︾ ᠶᠢ ᠮᠡᠳᠡᠬᠦ ᠨᠣᠷᠮ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠤᠨ ᠬᠦᠰᠡᠯ ᠱᠠᠭᠠᠷᠳᠠᠯᠭ᠎ᠠ ᠪᠦᠷᠢ ᠳᠤ ᠬᠠᠷᠢᠭᠤ ᠲᠤᠰᠬᠠᠨ᠂ ᠰᠤᠷᠠᠭ ᠢᠶᠠᠷ ᠬᠥᠳᠡᠯᠵᠦ᠂ ᠵᠠᠭᠠᠯᠳᠤᠯᠭ᠎ᠠ ᠶᠢ ᠲᠣᠰᠣᠭᠰᠠᠨ ᠳᠠᠷᠤᠢ ᠭᠦᠢᠴᠡᠳᠬᠡᠬᠦ ᠶᠢ ᠦᠨᠡᠨᠬᠦ ᠪᠡᠶᠡᠯᠡᠭᠦᠯᠦᠨ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号