2021 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020/12/1
ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 16 ᠳ᠋ᠤᠭᠠᠷ ᠲᠣᠭᠠᠲᠤ2020 ᠣᠨ ᠤ 8 ᠳ᠋ᠤᠭᠠᠷ ᠰᠠᠷ᠎ᠠ ᠶᠢᠨ 31 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄      ︽2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ  ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2020﹈ 12 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠠᠷᠠᠳ ᠤᠨ  ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠲᠦᠭᠡ 2021 ᠣᠨ ᠤ ᠮᠠᠨ ᠤ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄       ᠨᠢᠭᠡ᠂ ᠪᠦᠬᠦᠯᠢ 18 ᠨᠠᠰᠤ ᠬᠦᠷᠦᠭᠰᠡᠨ ᠰᠤᠷᠭᠠᠭᠤᠯᠢ ᠳᠤ ᠦᠭᠡᠢ  ᠬᠤᠲᠠ ᠬᠥᠳᠡᠭᠡ ᠶᠢᠨ ᠰᠠᠭᠤᠭᠠᠯᠢ ᠠᠷᠠᠳ ᠪᠦᠷᠢ ᠵᠢᠯ ᠪᠦᠷᠢ 340 ᠲᠥᠭᠦᠷᠢᠭ᠃ ᠲᠤᠰ ᠬᠥᠮᠥᠨ ᠤ ᠲᠥᠷᠥᠭᠰᠡᠨ  ᠡᠳᠦᠷ ᠰᠠᠷ᠎ᠠ ᠠᠴᠠ ᠬᠠᠷᠭᠤᠭᠤᠯᠤᠨ ᠲᠣᠭᠲᠠᠭᠠᠬᠤ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ︵ᠪᠠᠭᠲᠠᠨ᠎ᠠ︶  ᠢᠶᠠᠷ ᠲᠣᠭᠲᠠᠭᠠᠨ᠎ᠠ᠃      ᠬᠤᠶᠠᠷ᠂ ᠲᠤᠰ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷᠠᠬᠢ ᠰᠤᠷᠭᠠᠭᠤᠯᠢ ᠳᠤ ᠪᠠᠶᠢᠭ᠎ᠠ ᠶᠡᠭᠡ ᠳᠡᠭᠡᠳᠦ ᠰᠣᠷᠭᠠᠭᠤᠯᠢ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ᠂ ᠴᠡᠴᠡᠷᠯᠢᠭ ᠤᠨ ᠬᠡᠦᠬᠡᠳ᠂ ᠪᠦᠬᠦᠯᠢ  18 ᠨᠠᠰᠤ ᠬᠦᠷᠦᠭᠡᠳᠦᠢ ᠰᠤᠷᠭᠠᠭᠤᠯᠢ ᠳᠤ ᠰᠠᠭᠤᠵᠤ ᠦᠭᠡᠢ ᠪᠠᠭᠠᠴᠤᠳ ᠬᠡᠦᠬᠡᠳ᠂ ᠰᠠᠶ᠋ᠢ ᠲᠥᠷᠥᠭᠰᠡᠨ ᠬᠡᠦᠬᠡᠳ  ︵ᠬᠡᠪᠡᠯᠢ ᠳᠠᠬᠢ ᠬᠡᠦᠬᠡᠳ ᠪᠠᠭᠲᠠᠨ᠎ᠠ︶ ᠬᠥᠮᠥᠨ ᠪᠦᠷᠢ ᠵᠢᠯ ᠪᠦᠷᠢ 280 ᠲᠥᠭᠦᠷᠢᠭ᠃      ᠭᠤᠷᠪᠠ᠂ ᠳᠣᠣᠷᠠᠬᠢ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠪᠦᠷᠢ ᠵᠢᠯ ᠪᠦᠷᠢ 180 ᠲᠥᠭᠦᠷᠢᠭ᠂ ᠵᠥᠷᠢᠬᠦ  ᠬᠡᠰᠡᠭ ᠢ ᠬᠤᠲᠠ ᠪᠠ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ 1:1 ᠶᠢᠨ ᠬᠠᠷᠢᠴᠠᠯ ᠢᠶᠠᠷ ᠨᠥᠬᠦᠨ ᠲᠤᠰᠢᠶᠠᠨ᠎ᠠ᠄       ︵ᠨᠢᠭᠡ︶ ᠪᠦᠬᠦᠯᠢ 60 ᠨᠠᠰᠤ ᠬᠦᠷᠦᠭᠰᠡᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ  ᠳᠣᠲᠣᠷ᠎ᠠ ᠠᠴᠠ ᠳᠣᠣᠷ᠎ᠠ ᠪᠠᠲᠤᠯᠠᠭᠠᠲᠤ᠂ ᠬᠤᠲᠠ ᠬᠥᠳᠡᠭᠡ ᠶᠢᠨ ︽ᠭᠤᠷᠪᠠ ᠦᠭᠡᠢ︾ ᠬᠥᠮᠥᠨ᠂ ᠬᠥᠳᠡᠭᠡ  ᠲᠣᠰᠬᠤᠨ ᠤ ︽ᠲᠠᠪᠤᠨ ᠪᠠᠲᠤᠯᠠᠭᠠᠲᠤ︾ ᠶᠢᠨ ᠡᠲᠡᠭᠡᠳ᠂ ᠦᠷᠡᠭᠳᠡᠭᠰᠡᠨ ᠪᠠᠭᠠᠲᠤᠷ ᠤᠨ ᠭᠡᠷ ᠪᠦᠯᠢ ᠶᠢᠨ ᠬᠢᠨ ᠳᠤ ᠪᠠᠭᠲᠠᠬᠤ︔       ︵ᠬᠤᠶᠠᠷ︶ ᠬᠦᠨᠳᠦ ᠵᠡᠮᠳᠡᠭ  ︵ᠨᠢᠭᠡ᠂ ᠬᠤᠶᠠᠳᠤᠭᠠᠷ ᠲᠡᠰ︶ ᠰᠠᠭᠤᠭᠠᠯᠢ ᠠᠷᠠᠳ︔        ︵ᠭᠤᠷᠪᠠ︶ ᠰᠤᠷᠭᠠᠭᠤᠯᠢ ︵ᠴᠡᠴᠡᠷᠯᠢᠭ︶  ᠶᠢᠨ ᠰᠤᠷᠤᠭᠴᠢ ᠬᠡᠦᠬᠡᠳ ᠵᠢᠴᠢ 18 ᠪᠦᠬᠦᠯᠢ ᠨᠠᠰᠤ ᠬᠦᠷᠦᠭᠡᠳᠦᠢ ᠰᠤᠷᠭᠠᠭᠤᠯᠢ ᠳᠤ ᠰᠠᠭᠤᠵᠤ ᠦᠭᠡᠢ  ᠪᠠᠭᠠᠴᠤᠳ ᠬᠡᠦᠬᠡᠳ ᠤᠨ ᠳᠣᠲᠣᠷ᠎ᠠ ᠠᠴᠠ ᠳᠣᠣᠷ᠎ᠠ ᠪᠠᠲᠤᠯᠠᠭᠠᠲᠤ ᠂ ᠬᠤᠲᠠ ᠬᠥᠳᠡᠭᠡ ᠶᠢᠨ ︽ᠭᠤᠷᠪᠠ ᠦᠭᠡᠢ︾  ᠬᠥᠮᠥᠨ᠂ ᠬᠥᠳᠡᠭᠡ ᠲᠣᠰᠬᠤᠨ ᠤ ︽ᠲᠠᠪᠤᠨ ᠪᠠᠲᠤᠯᠠᠭᠠᠲᠤ︾ ᠶᠢᠨ ᠡᠲᠡᠭᠡᠳ᠂ ᠦᠷᠡᠭᠳᠡᠭᠰᠡᠨ ᠪᠠᠭᠠᠲᠤᠷ ᠤᠨ ᠭᠡᠷ ᠪᠦᠯᠢ ᠶᠢᠨ ᠬᠢᠨ᠂ ᠥᠨᠥᠴᠢᠨ ᠬᠡᠦᠬᠡᠳ ᠲᠤ ᠪᠠᠭᠲᠠᠬᠤ᠃      ᠳᠥᠷᠪᠡ᠂ ᠶᠡᠭᠡ ᠳᠡᠭᠡᠳᠦ ᠰᠤᠷᠭᠠᠭᠤᠯᠢ ᠠᠴᠠ ᠰᠦᠢᠳᠬᠡᠯ ᠲᠤᠰᠢᠶᠠᠬᠤ ᠳᠤ ᠦᠨᠡᠨ ᠬᠦᠴᠢᠷ ᠲᠠᠢ ᠬᠡᠮᠡᠨ ᠲᠣᠭᠲᠠᠭᠰᠠᠨ ᠣᠶᠣᠲᠠᠨ ᠤ ᠬᠤᠪᠢ ᠬᠥᠮᠥᠨ ᠤ ᠲᠤᠰᠢᠶᠠᠬᠤ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠢ ᠪᠠᠶᠢᠭ᠎ᠠ ᠶᠡᠭᠡ ᠳᠡᠭᠡᠳᠦ ᠰᠤᠷᠭᠠᠭᠤᠯᠢ ᠠᠴᠠ ᠡᠭᠦᠷᠭᠡᠯᠡᠨ᠎ᠡ᠃      ᠲᠠᠪᠤ᠂ ᠺᠠᠷᠲᠯᠠᠵᠤ ᠳᠠᠩᠰᠠᠯᠠᠭᠤᠯᠤᠭᠰᠠᠨ ᠶᠠᠳᠠᠭᠤ ᠬᠦᠴᠢᠷᠳᠡᠯᠲᠡᠢ ᠬᠥᠮᠥᠰ ᠢ ᠪᠦᠬᠦᠨ ᠢ ᠳᠠᠭᠠᠳᠬᠠᠯ ᠳᠤ ᠣᠷᠣᠯᠴᠠᠭᠤᠯᠵᠤ᠂ ᠬᠤᠲᠠ ᠬᠥᠳᠡᠭᠡ ᠶᠢᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠤᠷᠤᠯᠴᠠᠬᠤ ᠬᠤᠪᠢ ᠬᠥᠮᠥᠨ ᠤ ᠲᠤᠰᠢᠶᠠᠬᠤ ᠰᠦᠢᠳᠬᠡᠯ ᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠠᠴᠠ ᠨᠥᠬᠦᠪᠦᠷᠢᠯᠡᠨ᠎ᠡ᠃      ᠵᠢᠷᠭᠤᠭ᠎ᠠ᠂ ᠰᠤᠷᠭᠠᠭᠤᠯᠢ ︵ᠴᠡᠴᠡᠷᠯᠢᠭ︶  ᠤᠨ ᠰᠤᠷᠤᠭᠴᠢ ᠬᠡᠦᠬᠡᠳ ᠠᠴᠠ ᠭᠠᠳᠠᠨ᠎ᠠ᠂ ᠲᠤᠰ ᠬᠤᠲᠠ ᠳᠤ ᠰᠠᠭᠤᠬᠤ ᠦᠨᠡᠮᠯᠡᠯ ᠲᠠᠢ ᠲᠤᠰ ᠬᠤᠲᠠ ᠶᠢᠨ ᠡᠷᠦᠬᠡ ᠠᠮᠠ ᠦᠭᠡᠢ ᠰᠠᠭᠤᠭᠠᠯᠢ ᠠᠷᠠᠳ ᠳᠡᠭᠡᠷᠡᠬᠢ ᠪᠠᠷᠢᠮᠵᠢᠶ᠎ᠠ ᠶᠣᠰᠣᠭᠠᠷ ᠬᠤᠪᠢ ᠶᠢᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠵᠤ᠂ ᠲᠤᠰ ᠬᠤᠲᠠ ᠳᠤ ᠰᠠᠭᠤᠬᠤ ᠦᠨᠡᠮᠯᠡᠯ ᠦᠭᠡᠢ ᠲᠤᠰ ᠬᠤᠲᠠ ᠶᠢᠨ  ᠡᠷᠦᠬᠡ ᠠᠮᠠ ᠦᠭᠡᠢ ᠰᠠᠭᠤᠭᠠᠯᠢ ᠠᠷᠠᠳ ᠳᠡᠭᠡᠷᠡᠬᠢ ᠪᠠᠷᠢᠮᠵᠢᠶ᠎ᠠ ᠶᠣᠰᠣᠭᠠᠷ ᠬᠤᠪᠢ ᠶᠢᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠬᠤ ᠠᠴᠠ ᠭᠠᠳᠠᠨ᠎ᠠ ᠪᠠᠰᠠ ᠡᠯ᠎ᠡ ᠱᠠᠲᠤᠨ ᠤ ᠡᠳ᠋ ᠤᠨ ᠵᠠᠰᠠᠭ ᠠᠴᠠ ᠨᠥᠬᠦᠪᠦᠷᠢᠯᠡᠬᠦ ᠬᠡᠰᠡᠭ ᠢ ᠬᠤᠪᠢ ᠬᠥᠮᠥᠨ ᠠᠴᠠ ᠲᠤᠭ᠎ᠠ ᠶᠣᠰᠣᠭᠠᠷ ᠲᠤᠰᠢᠶᠠᠵᠤ᠂ 2021 ᠣᠨ ᠤ ᠡᠳ᠋ ᠤᠨ ᠵᠠᠰᠠᠭ ᠠᠴᠠ ᠨᠥᠬᠦᠪᠦᠷᠢᠯᠡᠬᠦ ᠬᠡᠰᠡᠭ ᠢ ᠬᠥᠮᠥᠨ ᠪᠦᠷᠢ 550 ᠲᠥᠭᠦᠷᠢᠭ ᠲᠤᠰᠢᠶᠠᠨ᠎ᠠ᠃      ᠳᠣᠯᠤᠭ᠎ᠠ᠂ ᠲᠤᠰ ᠪᠠᠷᠢᠮᠵᠢᠶ᠎ᠠ ᠶᠢ 2020 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号