ᠬᠦᠬᠡᠬᠤᠲᠠ ᠵᠠᠰᠠᠭ ᠲᠠᠷᠬᠠᠭᠠᠭᠰᠠᠨ ﹇2020﹈17 ᠳ᠋ᠤᠭᠠᠷ ᠲᠤᠭᠠᠲᠤ | 2020ᠣᠨ ᠤ7 ᠳ᠋ᠤᠭᠠᠷ ᠰᠠᠷ᠎ᠠ ᠶᠢᠨ30 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ | ᠪᠠᠶᠢᠴᠠᠭᠠᠬᠤ ᠵᠥᠪᠯᠡᠯ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ | ᠲᠤᠰᠬᠠᠢ ᠵᠠᠰᠠᠵᠤ ᠪᠠᠶᠢᠴᠠᠭᠠᠨ ᠴᠡᠭᠴᠡᠯᠡᠬᠦ ᠲᠤᠬᠠᠶ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠭᠦᠨᠵᠡᠭᠡᠶ | ᠨᠠᠶᠢᠳᠠᠪᠤᠷᠢᠵᠢᠭᠤᠯᠬᠤ ᠶᠢᠨ ᠲᠣᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ | ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ︵ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠪᠣᠯᠤᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ︽ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠢᠵᠠᠭᠠᠷᠯᠠᠬᠤ ᠲᠥᠷᠥ ᠶᠢᠨ | ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠬᠦᠴᠦᠨ ᠦᠭᠡᠶ ᠪᠣᠯᠭᠠᠬᠤ ᠲᠤᠬᠠᠶ ᠮᠡᠳᠡᠭᠳᠡᠯ︾ | ︵ᠥᠪᠥᠷ ᠠᠷᠠᠳ ᠤᠨ ᠠᠭᠠᠷ ᠤᠨ ᠰᠡᠷᠭᠡᠶᠢᠯᠡᠯᠲᠡ ᠦᠰᠦᠭ ﹇2020﹈ 152 ᠳ᠋ᠤᠭᠠᠷ ᠲᠣᠭᠠᠲᠤ︶ ᠤᠨ | ᠱᠠᠭᠠᠷᠳᠠᠯᠭ᠎ᠠ ᠶᠣᠰᠣᠭᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ 2000 ᠣᠨ ᠠᠴᠠ ᠨᠠᠰᠢᠬᠢ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠤᠳᠠᠯ ᠢ ᠬᠠᠰᠤᠵᠤ | ᠬᠡᠯᠲᠦᠷᠢᠭᠦᠯᠬᠦ ᠵᠡᠷᠭᠡ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ | ᠬᠢᠵᠠᠭᠠᠷᠯᠠᠵᠤ ᠪᠠᠶᠢᠭ᠎ᠠ 9 ᠬᠤᠪᠢ ᠬᠤᠲᠠ ᠶᠢᠨ ᠲᠣᠰ ᠱᠠᠲᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ | ᠮᠠᠲ᠋ᠧᠷᠢᠶᠠᠯ ᠢ ᠢᠯᠭᠠᠷᠠᠭᠤᠯᠪᠠ᠃ ᠨᠠᠷᠢᠨ ᠬᠢᠨᠠᠮᠠᠭᠠᠶ ᠢᠯᠭᠠᠷᠠᠭᠤᠯᠤᠨ ᠰᠣᠳᠣᠯᠬᠤ ᠪᠠᠷ ᠳᠠᠮᠵᠢᠵᠤ᠂ ᠠᠷᠠᠳ ᠤᠨ | ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠣᠳᠠᠯ ᠢ ᠬᠠᠰᠣᠵᠣ ᠬᠡᠯᠲᠦᠷᠢᠭᠦᠯᠬᠦ ᠳᠤ | ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ 1 ᠬᠤᠪᠢ ᠶᠢ ᠦᠷᠭᠦᠯᠵᠢᠯᠡᠨ | ᠬᠦᠴᠦᠨ ᠲᠠᠢ ᠪᠠᠷ ᠲᠣᠭᠲᠠᠭᠠᠵᠣ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ | ᠪᠠᠶᠢᠭᠤᠯᠬᠤ ᠵᠠᠷᠣᠳᠠᠯ ᠢ ᠬᠠᠰᠣᠵᠣ ᠬᠡᠯᠲᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ | ᠪᠢᠴᠢᠭ ᠮᠠᠲ᠋ᠧᠷᠢᠶᠠᠯ 7 ᠬᠤᠪᠢ ᠶᠢ ᠬᠦᠴᠦᠨ ᠦᠭᠡᠶ ᠪᠣᠯᠭᠠᠵᠣ᠂ ᠲᠣᠳᠣᠷᠬᠠᠶᠢᠯᠠᠬᠤ ᠴᠢᠬᠤᠯᠠᠲᠠᠶ ᠨᠢᠭᠡ ᠪᠢᠴᠢᠭ | ᠮᠠᠲ᠋ᠧᠷᠢᠶᠠᠯ ᠪᠣᠯ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2013 ᠣᠨ ᠤ 26 ᠳ᠋ᠤᠭᠠᠷ | ᠤᠳᠠᠭ᠎ᠠ ᠶᠢᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠲᠣᠪᠴᠢ ᠲᠡᠮᠳᠡᠭᠯᠡᠯ︾ ᠪᠣᠯᠤᠨ᠎ᠠ᠂ | ᠲᠤᠰ ᠬᠤᠷᠠᠯ ᠤᠨ ᠲᠣᠪᠴᠢ ᠲᠡᠮᠳᠡᠭᠯᠡᠯ ᠤᠨ ᠨᠢᠭᠡᠳᠦᠭᠡᠷ᠂ ︵ᠵᠢᠷᠭᠤᠭ᠎ᠠ︶ ︵ᠳᠣᠯᠤᠭ᠎ᠠ︶ ᠬᠤᠶᠠᠷ ᠬᠡᠰᠡᠭ | ᠠᠭᠤᠯᠭ᠎ᠠ ᠨᠢ ᠠᠭᠠᠷ ᠤᠨ ᠰᠡᠷᠭᠡᠶᠢᠯᠡᠯᠲᠡ ᠶᠢᠨ ᠨᠦᠬᠡᠨ ᠭᠡᠷ ᠤᠨ ᠣᠨᠳᠣᠤ ᠭᠠᠵᠠᠷ ᠪᠠᠶᠢᠭᠤᠯᠬᠤ ᠵᠠᠷᠤᠳᠠᠯ ᠲᠠᠢ | ᠬᠤᠯᠪᠣᠭᠳᠠᠵᠤ᠂ ᠦᠨᠳᠦᠰᠦᠯᠡᠭᠰᠡᠨ ᠪᠢᠴᠢᠭ ᠮᠠᠲ᠋ᠧᠷᠢᠶᠠᠯ ᠨᠢ ︽ᠬᠡᠲᠦ ᠥᠨᠳᠥᠷ ᠪᠠᠷᠢᠯᠭ᠎ᠠ ᠪᠣᠯᠤᠨ ᠲᠣᠮᠣ | ᠬᠡᠯᠪᠡᠷᠢ ᠶᠢᠨ ᠬᠤᠳᠠᠯᠳᠤᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠤᠯᠪᠣᠭᠳᠠᠯ ᠪᠦᠬᠦᠢ | ᠶᠠᠪᠤᠳᠠᠯ ᠤᠨ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ | ᠲᠠᠷᠬᠠᠭᠠᠭᠰᠠᠨ ﹇2012﹈ 112 ᠳ᠋ᠤᠭᠠᠷ ᠲᠣᠭᠠᠲᠤ︶ ᠪᠠᠶᠢᠵᠤ᠂ 112 ᠳ᠋ᠤᠭᠠᠷ ᠲᠣᠭᠠᠲᠤ ᠪᠢᠴᠢᠭ | ᠮᠠᠲ᠋ᠧᠷᠢᠶᠠᠯ ᠤᠨ ᠳᠥᠷᠪᠡᠳᠦᠭᠡᠷ ᠵᠦᠢᠯ ᠳᠤ ︽ᠲᠤᠰ ᠮᠡᠳᠡᠭᠳᠡᠯ ᠤᠨ ᠭᠦᠢᠴᠡᠳᠬᠡᠬᠦ ᠬᠤᠭᠤᠴᠠᠭ᠎ᠠ ᠨᠢ 2013 | ᠣᠨ ᠤ 1 ᠳ᠋ᠦ᠋ᠭᠡᠷ ᠰᠠᠷ᠎ᠠ ᠠᠴᠠ 2013 ᠣᠨ ᠤ 12 ᠳ᠋ᠤᠭᠠᠷ ᠰᠠᠷ᠎ᠠ ᠪᠣᠯᠲᠠᠯ᠎ᠠ︾ ᠭᠡᠵᠦ ᠲᠣᠭᠲᠠᠭᠠᠵᠣ᠂ | ᠲᠣᠭᠲᠠᠭᠠᠭᠰᠠᠨ ᠦᠨᠳᠦᠰᠦᠯᠡᠯ ᠪᠣᠯᠬᠤ 112 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠦᠴᠦᠨ ᠦᠭᠡᠢ | ᠪᠣᠯᠬᠤ ᠶᠢ ᠳᠠᠭᠠᠯᠳᠤᠨ᠂ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2013 ᠣᠨ ᠤ 26 ᠳ᠋ᠤᠭᠠᠷ | ᠤᠳᠠᠭ᠎ᠠ ᠶᠢᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠲᠣᠪᠴᠢ ᠲᠡᠮᠳᠡᠭᠯᠡᠯ︾ ᠤᠨ ᠨᠢᠭᠡᠳᠦᠭᠡᠷ᠂ | ︵ᠵᠢᠷᠭᠤᠭ᠎ᠠ︶ ︵ᠳᠣᠯᠤᠭ᠎ᠠ︶ ᠬᠤᠶᠠᠷ ᠬᠡᠰᠡᠭ ᠤᠨ ᠠᠭᠤᠯᠭ᠎ᠠ ᠨᠢ ᠳᠠᠭᠠᠯᠳᠤᠨ ᠬᠦᠴᠦᠨ ᠦᠭᠡᠶ ᠪᠣᠯᠤᠭᠰᠠᠨ | ᠪᠣᠯᠪᠠᠴᠤ ᠲᠤᠰ ᠬᠤᠷᠠᠯ ᠤᠨ ᠲᠣᠪᠴᠢ ᠲᠡᠮᠳᠡᠭᠯᠡᠯ ᠤᠨ ᠪᠤᠰᠤᠳ ᠠᠭᠤᠯᠭ᠎ᠠ ᠨᠢ ᠦᠷᠭᠦᠯᠵᠢᠯᠡᠨ ᠬᠦᠴᠦᠨ ᠲᠠᠢ᠃ | ᠣᠳᠣ ᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ | ᠣᠨᠳᠣᠤ ᠭᠠᠵᠠᠷ ᠪᠥᠲᠥᠭᠡᠨ ᠪᠠᠶᠢᠭᠤᠯᠬᠤ ᠵᠠᠷᠤᠳᠠᠯ ᠢ ᠬᠠᠰᠤᠵᠤ ᠬᠡᠯᠲᠦᠷᠢᠭᠦᠯᠬᠦ ᠳᠤ ᠬᠤᠯᠪᠣᠭᠳᠠᠭᠰᠠᠨ ᠲᠣᠰ | ᠤᠳᠠᠭᠠᠨ ᠤ ᠢᠯᠭᠠᠷᠠᠭᠤᠯᠵᠤ ᠨᠤᠲᠠᠯᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ | ᠬᠡᠷᠡᠭᠵᠢᠭᠦᠯᠬᠦ ᠪᠠᠶᠢᠭᠤᠯᠭ᠎ᠠ ᠨᠢ ᠬᠢᠨᠠᠮᠠᠭᠠᠶ ᠲᠣᠭᠤᠰᠢᠯᠠᠭᠤᠯᠣᠨ ᠬᠡᠷᠡᠭᠵᠢᠭᠦᠯᠬᠦ ᠬᠡᠷᠡᠭᠲᠡᠶ︔ ᠬᠦᠴᠦᠨ ᠦᠭᠡᠶ | ᠪᠣᠯᠭᠠᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠤᠳᠠᠯ ᠢ | ᠬᠠᠰᠤᠵᠤ ᠬᠡᠯᠲᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠳᠤ | ᠬᠡᠷᠡᠭᠵᠢᠭᠦᠯᠬᠦ ᠪᠠᠶᠢᠭᠤᠯᠭ᠎ᠠ ᠨᠢ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠭᠦᠢᠴᠡᠳᠬᠡᠬᠦ ᠶᠢ | ᠵᠣᠭᠰᠣᠭᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠣᠨ ᠨᠢᠭᠡᠴᠡ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠲᠣᠰ ᠮᠡᠳᠡᠭᠳᠡᠯ ᠲᠠᠢ ᠬᠠᠷᠢᠴᠠᠭᠤᠯᠤᠨ᠂ | ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠪᠣᠯᠤᠨ ᠨᠢᠭᠡᠴᠡ ᠶᠢᠨ ᠨᠡᠶᠢᠲᠡᠯᠡᠭᠰᠡᠨ ᠬᠠᠮᠢᠶ᠎ᠠ ᠪᠦᠬᠦᠢ ᠢᠵᠢ | ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠢᠯᠭᠠᠷᠠᠭᠤᠯᠬᠤ ᠬᠡᠷᠡᠭᠲᠡᠶ᠃ | ᠳᠠᠭᠠᠯᠳᠤᠭᠤᠯᠤᠯ᠄ 1. ᠦᠷᠭᠦᠯᠵᠢᠯᠡᠨ ᠬᠦᠴᠦᠨ ᠲᠠᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ | ᠭᠠᠵᠠᠷ ᠪᠦᠲᠦᠭᠡᠨ ᠪᠠᠶᠢᠭᠤᠯᠬᠤ ᠵᠠᠷᠤᠳᠠᠯ ᠢ ᠬᠠᠰᠤᠵᠤ ᠭᠡᠯᠳᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ | ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ︵1 ᠬᠤᠪᠢ︶ | 2. ᠬᠦᠴᠦᠨ ᠥᠬᠡᠶ ᠪᠣᠯᠭᠠᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠥᠲᠥᠭᠡᠨ | ᠪᠠᠶᠢᠭᠤᠯᠬᠤ ᠵᠠᠷᠤᠳᠠᠯ ᠢ ᠬᠠᠰᠤᠵᠤ ᠭᠡᠯᠳᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ | ᠪᠢᠴᠢᠭ ᠮᠠᠲ᠋ᠧᠷᠢᠶᠠᠯ ᠤᠨ ᠭᠠᠷᠴᠠᠭ ︵7 ᠬᠤᠪᠢ︶ | | | ᠳᠠᠭᠠᠯᠳᠤᠭᠤᠯᠤᠯ᠄ 1. ᠦᠷᠭᠦᠯᠵᠢᠯᠡᠨ ᠬᠦᠴᠦᠨ ᠲᠠᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ | ᠭᠠᠵᠠᠷ ᠪᠦᠲᠦᠭᠡᠨ ᠪᠠᠶᠢᠭᠤᠯᠬᠤ ᠵᠠᠷᠤᠳᠠᠯ ᠢ ᠬᠠᠰᠤᠵᠤ ᠭᠡᠯᠳᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ | ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ︵1 ᠬᠤᠪᠢ︶ | | | 2. ᠬᠦᠴᠦᠨ ᠥᠬᠡᠶ ᠪᠣᠯᠭᠠᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠥᠲᠥᠭᠡᠨ | ᠪᠠᠶᠢᠭᠤᠯᠬᠤ ᠵᠠᠷᠤᠳᠠᠯ ᠢ ᠬᠠᠰᠤᠵᠤ ᠭᠡᠯᠳᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ | ᠪᠢᠴᠢᠭ ᠮᠠᠲ᠋ᠧᠷᠢᠶᠠᠯ ᠤᠨ ᠭᠠᠷᠴᠠᠭ ︵7 ᠬᠤᠪᠢ︶ | | | | | | | |