ᠬᠦᠬᠡᠬᠤᠲᠠ ᠵᠠᠰᠠᠭ ᠲᠠᠷᠬᠠᠭᠠᠭᠰᠠᠨ〔2020〕15 ᠳ᠋ᠤᠭᠠᠷ ᠲᠤᠭᠠᠳᠤ | 2020 ᠣᠨ ᠤ 7 ᠳ᠋ᠤᠭᠠᠷ ᠰᠠᠷ᠎ᠠ ᠶᠢᠨ 16 ᠤ ᠡᠳᠦᠷ | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠨᠢᠭᠡᠴᠡ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠬᠥᠬᠡᠬᠤᠲᠠ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︿ᠬᠤᠶᠠᠷ ᠢ | ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ ᠭᠡᠷᠡᠭᠵᠢᠬᠦᠯᠬᠦ ᠨᠠᠷᠢᠨ ᠲᠦᠷᠢᠮ︾ ᠢ | ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠪᠣᠳᠠᠳᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ | ᠨᠠᠶᠢᠳᠠᠪᠤᠷᠢᠵᠢᠭᠤᠯᠳᠤᠭᠠᠢ᠃ | ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ | ᠮᠦᠴᠢᠷ ᠤᠳ ᠬᠠᠮᠲᠤᠷᠠᠨ ︽ ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ | ᠬᠡᠷᠡᠭᠵᠢᠬᠦᠯᠬᠦ ᠨᠠᠷᠢᠨ ᠲᠦᠷᠢᠮ ᠨᠢ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ | ᠰᠠᠯᠠᠭ᠎ᠠ ᠮᠥᠴᠢᠷ ᠤᠳ ᠬᠠᠮᠲᠤᠷᠠᠨ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ | ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ | ᠲᠥᠷᠥ ᠲᠠᠷᠬᠠᠭᠠᠭᠰᠠᠨ〔 2019 〕5 ᠳ᠋ᠤᠭᠠᠷ ᠲᠣᠭᠠᠲᠤ︶᠂ ︽ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︿ᠬᠤᠶᠠᠷ ᠢ ᠰᠤᠭᠤᠴᠢᠵᠤ᠂ | ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵ᠥᠪᠥᠷ ᠵᠠᠰᠠᠭ | ᠲᠠᠷᠬᠠᠭᠠᠭᠰᠠᠨ︹ 2019 ︺10 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ | ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠠᠵᠢᠯ ᠢ ᠦᠨᠡᠨᠬᠦ ᠰᠠᠶᠢᠳᠤᠷ ᠬᠢᠬᠦ ᠶᠢᠨ ᠲᠦᠯᠦᠭᠡ᠂ ᠲᠣᠰᠬᠠᠶᠢᠯᠠᠨ ᠲᠤᠰ ᠬᠡᠷᠡᠭᠵᠢᠭᠦᠯᠬᠦ ᠨᠠᠷᠢᠨ ᠳᠦᠷᠢᠮ ᠢ | ᠲᠣᠭᠲᠠᠭᠠᠪᠠ᠃ | ᠨᠢᠭᠡ᠂ ᠶᠡᠷᠦᠩᠬᠡᠶ ᠳᠦᠷᠢᠮ | ︵ᠨᠢᠭᠡ︶ ᠲᠣᠰ ᠨᠠᠷᠢᠨ ᠳᠦᠷᠢᠮ ᠳᠤ ᠬᠡᠯᠡᠵᠦ ᠪᠠᠶᠢᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠭᠡᠳᠡᠭ ᠨᠢ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠤᠯᠪᠤᠭᠳᠠᠯ ᠪᠦᠬᠦᠢ ᠰᠠᠯᠠᠭ᠎ᠠ ᠮᠥᠴᠢᠷ ᠬᠠᠤᠯᠢ ᠶᠣᠰᠣᠭᠠᠷ ᠨᠡᠶᠢᠲᠡᠯᠡᠭᠰᠡᠨ ᠰᠤᠭᠤᠴᠢᠨ ᠪᠠᠶᠢᠴᠠᠭᠠᠬᠤ ᠵᠦᠢᠯᠡᠰ ᠤᠨ | ᠨᠠᠷᠢᠨ ᠬᠠᠭᠤᠳᠠᠰᠤ ᠪᠣᠯᠤᠨ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠦᠨᠳᠦᠰᠦᠯᠡᠨ᠂ | ᠪᠠᠶᠢᠴᠠᠭᠠᠭᠳᠠᠬᠤ ᠡᠲᠡᠭᠡᠳ᠂ ᠲᠣᠬᠢᠷᠠᠬᠤ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠢ ᠲᠠᠰᠢᠷᠠᠮ ᠢᠶᠠᠷ | ᠰᠤᠭᠤᠴᠢᠵᠤ᠂ ᠰᠤᠭᠤᠴᠢᠨ ᠪᠠᠶᠢᠴᠠᠭᠠᠬᠤ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠣᠰᠣᠭᠠᠷ | ᠬᠠᠮᠲᠤᠷᠠᠨ ᠰᠤᠭᠤᠴᠢᠨ ᠪᠠᠶᠢᠴᠠᠭᠠᠬᠤ ᠪᠠᠶᠢᠴᠠᠭᠠᠯᠲᠠ ᠥᠷᠨᠢᠭᠦᠯᠬᠦ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ | ᠬᠠᠤᠯᠢ ᠶᠣᠰᠣᠭᠠᠷ ᠨᠡᠶᠢᠲᠡᠯᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠵᠢᠭᠠᠨ᠎ᠠ᠃ | ︵ᠬᠤᠶᠠᠷ︶ ᠲᠤᠰ ᠨᠠᠷᠢᠨ ᠳᠦᠷᠢᠮ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ | ᠴᠠᠷᠠᠭᠠᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠵᠢᠴᠢ ᠪᠤᠶ ᠪᠦᠬᠦᠢ ᠵᠠᠰᠠᠭ ᠵᠠᠬᠢᠷᠭᠠᠨ ᠤ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ | ᠴᠠᠷᠠᠭᠠᠨ ᠳᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠷᠭ᠎ᠠ ᠮᠠᠶ᠋ᠢᠭ ᠢᠶᠠᠷ ᠥᠷᠨᠢᠭᠦᠯᠦᠭᠰᠡᠨ | ᠰᠠᠯᠠᠭ᠎ᠠ ᠮᠥᠴᠢᠷ ᠬᠠᠮᠲᠤᠷᠠᠨ ᠬᠢᠨᠠᠨ ᠬᠠᠮᠢᠶᠠᠷᠬᠤ ᠠᠵᠢᠯ ᠳᠤ ᠬᠡᠷᠡᠭᠯᠡᠨ᠎ᠡ᠃ ᠴᠢᠬᠤᠯᠠ ᠶᠡᠭᠡ ᠠᠮᠤᠷ ᠲᠦᠪᠰᠢᠨ ᠪᠠ | ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ | ᠬᠠᠭᠤᠳᠠᠰᠤ ᠳᠤ ᠵᠢᠭᠰᠠᠭᠠᠨ ᠣᠷᠣᠭᠤᠯᠤᠭᠰᠠᠨ ᠦᠭᠡᠢ ᠬᠢᠨᠠᠨ ᠬᠠᠮᠢᠶᠠᠷᠬᠤ ᠵᠦᠢᠯᠡᠰ ᠢ ᠬᠠᠤᠯᠢ ᠴᠠᠭᠠᠵᠠ ᠬᠠᠤᠯᠢ | ᠲᠣᠭᠲᠠᠭᠠᠯ ᠳᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠴᠢᠩᠭ᠎ᠠ ᠬᠢᠨᠠᠨ ᠬᠠᠮᠢᠶᠠᠷᠬᠤ ᠬᠡᠷᠡᠭᠳᠡᠢ᠃ ᠢᠯᠡᠴᠢᠯᠡᠨ | ᠵᠠᠭᠠᠯᠳᠤᠬᠤ᠂ ᠰᠢᠯᠵᠢᠭᠦᠯᠦᠨ ᠰᠢᠢᠳᠪᠦᠷᠢᠯᠡᠭᠦᠯᠬᠦ ᠲᠤᠰᠢᠶᠠᠨ ᠰᠢᠢᠳᠪᠦᠷᠢᠯᠡᠭᠦᠯᠬᠦ᠂ ᠲᠤᠭ᠎ᠠ ᠪᠠᠷᠢᠮᠲᠠ ᠶᠢ ᠬᠢᠨᠠᠨ | ᠬᠡᠮᠵᠢᠬᠦ ᠵᠡᠷᠭᠡ ᠪᠠᠷ ᠳᠠᠮᠵᠢᠨ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠣᠨᠴᠠᠭᠠᠢ ᠬᠡᠷᠡᠭ ᠤᠨ | ᠰᠦᠪᠡᠭᠴᠢ ᠶᠢ ᠴᠠᠭ ᠲᠤᠬᠠᠶ ᠳᠤᠨᠢ ᠪᠠᠶᠢᠴᠠᠭᠠᠵᠤ ᠰᠢᠢᠳᠪᠦᠷᠢᠯᠡᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠠᠷᠭ᠎ᠠ | ᠵᠠᠮ ᠢᠶᠠᠷ ᠳᠠᠮᠵᠢᠨ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠶ ᠠᠰᠠᠭᠤᠳᠠᠯ ᠪᠠ ᠵᠠᠬ᠎ᠠ ᠳᠡᠯᠭᠡᠭᠦᠷ ᠤᠨ ᠡᠮᠬᠢ | ᠵᠢᠷᠦᠮ ᠳᠤ ᠣᠷᠣᠰᠢᠵᠤ ᠪᠠᠶᠢᠭ᠎ᠠ ᠲᠣᠪᠤᠶᠢᠮ᠎ᠠ ᠠᠶᠤᠯ ᠲᠦᠭᠰᠢᠭᠦᠷᠢ ᠳᠤ᠂ ᠬᠤᠶᠠᠷ ᠢ ᠲᠠᠰᠢᠷᠠᠮ ᠢᠶᠠᠷ ᠰᠤᠭᠤᠴᠢᠨ | ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠤᠭᠳᠠᠭᠰᠠᠨ ᠰᠤᠭᠤᠴᠢᠨ ᠪᠠᠶᠢᠴᠠᠭᠠᠬᠤ ᠵᠦᠢᠯᠡᠰ ᠲᠤ | ᠬᠠᠨᠳᠤᠯᠭᠠᠲᠤ ᠴᠢᠨᠠᠷᠲᠠᠶ ᠲᠤᠰᠬᠠᠶ ᠪᠠᠶᠢᠴᠠᠭᠠᠯᠲᠠ ᠥᠷᠨᠢᠭᠦᠯᠬᠦ ᠬᠡᠷᠡᠭᠲᠡᠶ᠃ | ︵ᠭᠤᠷᠪᠠ︶ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ | ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠨᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ | ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠳᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ᠃ | | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠮᠲᠤᠷᠠᠭᠰᠠᠨ ᠬᠤᠷᠠᠯ ᠤᠨ | ᠲᠦᠷᠦᠭᠦᠯᠡᠬᠦ ᠨᠢᠭᠡᠴᠡ ᠪᠣᠯᠵᠤ᠂ ᠠᠵᠢᠯ ᠤᠨ ᠨᠠᠷᠢᠨ ᠳᠦᠷᠢᠮ ᠢ ᠨᠢᠭᠡᠳᠦᠯᠲᠡᠶ ᠲᠥᠯᠥᠪᠯᠡᠨ ᠲᠣᠭᠲᠠᠭᠠᠬᠤ ᠪᠠ | ᠰᠠᠨᠠᠭᠠᠴᠢᠯᠠᠬᠤ ᠰᠠᠯᠠᠭ᠎ᠠ ᠮᠥᠴᠢᠷ ᠢ ᠰᠢᠮᠳᠠᠭᠤᠯᠵᠤ ᠣᠨ ᠤ ᠲᠥᠯᠥᠪᠯᠡᠭᠡ ᠲᠣᠭᠲᠠᠭᠠᠯᠭᠠᠬᠤ᠂ ᠬᠢᠨᠠᠨ ᠰᠢᠯᠭᠠᠵᠤ | ᠦᠨᠡᠯᠡᠬᠦ ᠵᠡᠷᠭᠡ ᠲᠠᠯ᠎ᠠ ᠪᠠᠷ ᠲᠦᠷᠦᠭᠦᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠬᠡᠷᠡᠭᠲᠡᠶ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠦᠭᠵᠢᠬᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠳᠣᠲᠤᠭᠠᠳᠤ | ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠮᠢ ᠠᠬᠤᠶ ᠣᠷᠴᠢᠨ | ᠲᠣᠭᠤᠷᠢᠨ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ | ᠲᠠᠷᠢᠶᠠᠯᠠᠩ ᠮᠠᠯ ᠠᠵᠤ ᠠᠬᠤᠶ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠷᠠᠳᠢᠣ᠋ ᠲᠧᠯᠸᠢᠰ᠂ ᠡᠷᠡᠭᠦᠯ | ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠪᠣᠭᠤᠮᠲᠠ᠂ ᠭᠠᠶᠢᠯᠢ ᠶᠢᠨ ᠶᠠᠪᠤᠳᠠᠯ | ᠂ ᠲᠤᠭ᠎ᠠ ᠪᠦᠷᠢᠳᠬᠡᠯ᠂ ᠡᠳ᠋ ᠤᠨ ᠵᠠᠰᠠᠭ᠂ ᠬᠠᠤᠯᠢ ᠴᠠᠭᠠᠵᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠬᠦ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶᠡᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠵᠢᠴᠢ ᠪᠤᠰᠤᠳ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠬᠤ︾ | ᠪᠠᠶᠢᠴᠠᠭᠠᠯᠲᠠ ᠶᠢᠨ ᠡᠭᠦᠷᠭᠡ ᠶᠢ ᠰᠠᠨᠠᠭᠠᠴᠢᠯᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠦᠷ᠎ᠡ ᠳ᠋ᠦᠩ ᠢ | ᠨᠡᠶᠢᠲᠡᠯᠡᠬᠦ᠂ ᠳ᠋ᠦᠩᠨᠡᠨ ᠵᠠᠳᠠᠯᠬᠤ ᠵᠡᠷᠭᠡ ᠠᠵᠢᠯ ᠢ ᠬᠠᠷᠢᠭᠤᠴᠠᠵᠤ᠂ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ | ᠬᠤᠶᠠᠷ ᠢ ᠰᠤᠭᠤᠴᠢᠬᠤ︾ ᠪᠠᠶᠢᠴᠠᠭᠠᠯᠲᠠ ᠳᠤ ᠣᠷᠣᠯᠴᠠᠭᠰᠠᠨ ᠬᠠᠮᠵᠢᠯᠴᠠᠬᠤ ᠰᠠᠯᠠᠭ᠎ᠠ ᠮᠥᠴᠢᠷ ᠤᠳ ᠲᠣᠰ ᠰᠠᠯᠠᠭ᠎ᠠ | ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ᠂ ᠬᠠᠮᠳᠤᠷᠠᠭᠰᠠᠨ ᠪᠠᠶᠢᠴᠠᠭᠠᠯᠲᠠ ᠳᠤ ᠬᠠᠮᠵᠢᠯᠴᠠᠬᠤ ᠶᠢᠨ | ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠵᠦ᠂ ᠲᠣᠰ ᠰᠠᠯᠠᠭ᠎ᠠ ᠮᠥᠴᠢᠷ ᠤᠨ ᠰᠤᠭᠤᠴᠢᠨ | ᠪᠠᠶᠢᠴᠠᠭᠠᠭᠰᠠᠨ ᠠᠵᠢᠯ ᠤᠨ ᠵᠠᠳᠠᠯᠤᠯᠲᠠ ᠶᠢᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠤᠰ ᠭᠠᠵᠠᠷ ᠣᠷᠣᠨ ᠤ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ | ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠤᠳᠤᠷᠢᠳᠬᠤ ᠪᠠᠨ | ᠴᠢᠩᠭᠠᠳᠬᠠᠵᠤ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ | ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠤᠨ | ᠡᠬᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃ | ᠬᠤᠶᠠᠷ᠂ ᠲᠠᠪᠴᠠᠩ ᠤᠨ ᠬᠡᠷᠡᠭᠯᠡᠯᠲᠡ | ︵ᠳᠥᠷᠪᠡ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ | ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢᠨ ᠠᠵᠢᠯ ᠳᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ | ᠨᠡᠶᠢᠲᠡᠯᠡᠬᠦ ᠰᠢᠰᠲ᠋ᠧᠮ ᠤᠨ ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ︵ᠦᠪᠦᠷ ᠮᠤᠩᠭᠤᠯ︶ ︵ | ᠳᠣᠷᠣᠭᠰᠢ ︽ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠭᠡᠵᠦ ᠲᠣᠪᠴᠢᠯᠠᠨ᠎ᠠ︶ ᠤᠨ ᠬᠤᠶᠠᠷ ᠢ ᠰᠤᠭᠤᠴᠢᠨ | ᠪᠠᠶᠢᠴᠠᠭᠠᠬᠤ ᠬᠡᠪ ᠢ ᠨᠢᠭᠡᠳᠦᠯᠲᠡᠶ ᠬᠡᠷᠡᠭᠯᠡᠵᠦ᠂ ᠪᠥᠬᠦ ᠴᠤᠪᠤᠷᠠᠯ ᠢ ᠡᠯᠧᠺᠲᠷᠤᠨᠴᠢᠯᠠᠨ ᠬᠠᠮᠢᠶᠠᠷᠬᠤ ᠪᠠ ᠰᠤᠭᠤᠴᠢᠨ | ᠪᠠᠶᠢᠴᠠᠭᠠᠭᠰᠠᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ ᠬᠡᠷᠡᠭᠯᠡᠬᠦ ᠶᠢ ᠪᠡᠶᠡᠯᠡᠭᠦᠯᠦᠨ᠎ᠡ᠃ ᠡᠯ᠎ᠡ ᠭᠠᠵᠠᠷ ᠣᠷᠣᠨ᠂ | ᠡᠯ᠎ᠡ ᠰᠠᠯᠠᠭ᠎ᠠ ᠮᠥᠴᠢᠷ ᠥᠪᠡᠷᠲᠡᠭᠡᠨ ︽ᠬᠤᠶᠠᠷ ᠢ ᠰᠤᠭᠤᠴᠢᠨ︾ ᠪᠠᠶᠢᠴᠠᠭᠠᠬᠤ ᠲᠤᠬᠠᠶᠢᠯᠠᠭᠰᠠᠨ ᠠᠵᠢᠯ ᠤᠨ | ᠰᠢᠰᠲ᠋ᠧᠮ ᠢ ᠪᠠᠶᠢᠭᠤᠯᠤᠭᠰᠠᠨ ᠪᠠᠶᠢᠪᠠᠯ᠂ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠯᠤᠭ᠎ᠠ ᠨᠡᠶᠢᠯᠡᠭᠦᠯᠦᠨ | ᠠᠭᠤᠰᠤᠯᠴᠠᠭᠤᠯᠵᠤ᠂ ᠵᠠᠷᠴᠢᠮ ᠳᠡᠭᠡᠷ᠎ᠡ ᠪᠠᠨ ᠤᠤᠯ ᠤᠨ ᠰᠢᠰᠲ᠋ᠧᠮ ᠢ ᠬᠡᠷᠡᠭᠯᠡᠬᠦ ᠶᠢ ᠵᠣᠭᠰᠣᠭᠠᠬᠤ ᠬᠡᠷᠡᠭᠲᠡᠶ᠃ | ︵ᠲᠠᠪᠤ︶ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠᠬᠢ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ | ᠵᠠᠷᠯᠠᠬᠤ᠂ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠨ ᠨᠡᠶᠢᠲᠡᠯᠡᠬᠦ᠂ ᠪᠠᠶᠢᠴᠠᠭᠠᠬᠤ ᠡᠲᠡᠭᠡᠳ ᠤᠨ | ᠨᠡᠷᠡᠰ ᠤᠨ ᠬᠥᠮᠥᠷᠭᠡ ᠬᠢᠭᠡᠳ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ ᠬᠥᠮᠥᠷᠭᠡ ᠶᠢ | ᠪᠠᠶᠢᠭᠤᠯᠬᠤ᠂ ᠪᠠᠶᠢᠴᠠᠭᠠᠠᠬᠤ ᠡᠲᠡᠭᠡᠳ ᠤᠨ ᠨᠡᠷᠡᠰ ᠢ ᠰᠤᠭᠤᠯᠬᠤ᠂ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠢ | ᠰᠣᠩᠭᠤᠵᠤ ᠲᠣᠮᠢᠯᠠᠬᠤ ᠶᠢ ᠰᠤᠭᠤᠯᠬᠤ᠂ ᠪᠣᠳᠠᠲᠠᠶ ᠪᠠᠶᠢᠴᠠᠭᠠᠬᠤ ᠡᠭᠦᠷᠭᠡ ᠶᠢ ᠪᠠᠭᠤᠯᠭᠠᠬᠤ᠂ ᠪᠠᠶᠢᠴᠠᠭᠠᠭᠰᠠᠨ ᠦᠷ᠎ᠡ | ᠳ᠋ᠦᠩ ᠢ ᠺᠣᠮᠫᠢᠦ᠋ᠲ᠋ᠧᠷ ᠲᠤ ᠣᠷᠣᠭᠤᠯᠬᠤ ᠵᠢᠴᠢ ᠨᠡᠶᠢᠲᠡᠯᠡᠬᠦ᠂ ᠲᠤᠭ᠎ᠠ ᠪᠠᠷᠢᠮᠲᠠ ᠶᠢ ᠳᠠᠩᠰᠠ ᠡᠪᠬᠡᠮᠡᠯ ᠳᠤ | ᠣᠷᠣᠭᠤᠯᠬᠤ ᠵᠡᠷᠭᠡ ᠡᠯ᠎ᠡ ᠠᠵᠢᠯ ᠤᠨ ᠭᠤᠭᠴᠤᠭ᠎ᠠ ᠶᠢ ᠴᠥᠮ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠡᠭᠡᠷ᠎ᠡ | ᠬᠢᠵᠦ ᠬᠡᠷᠡᠭᠵᠢᠬᠦᠯᠦᠨ᠂ ᠥᠨᠳᠥᠷ ᠪᠦᠲᠦᠮᠵᠢᠲᠡᠶ ᠳᠥᠭᠦᠮ ᠳᠥᠲᠡ᠂ ᠪᠥᠬᠦ ᠶᠠᠪᠤᠴᠠ ᠳᠤ ᠣᠷᠣ ᠮᠥᠷ ᠦᠯᠡᠳᠡᠭᠡᠵᠦ | ᠂ ᠬᠠᠷᠢᠭᠤᠴᠠᠯᠭ᠎ᠠ ᠶᠢ ᠨᠡᠬᠡᠮᠵᠢᠯᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ︵ᠵᠢᠷᠭᠤᠭ᠎ᠠ︶ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠪᠦᠷᠢᠯᠳᠦᠭᠰᠡᠨ ᠲᠠᠰᠢᠷᠠᠮ ᠢᠶᠠᠷ ᠰᠤᠭᠤᠴᠢᠨ | ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠂ ᠰᠤᠭᠤᠴᠢᠨ ᠪᠠᠶᠢᠴᠠᠭᠠᠬᠤ ᠲᠥᠯᠥᠪᠯᠡᠭᠡ ᠪᠠ ᠪᠠᠶᠢᠴᠠᠭᠠᠭᠰᠠᠨ | ᠦᠷ᠎ᠡ ᠳ᠋ᠦᠩ ᠤᠨ ᠮᠡᠳᠡᠭᠡ ᠵᠠᠩᠭᠢ ᠶᠢ ᠥᠪᠡᠷ ᠢᠶᠠᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ | ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠤᠩᠭᠤᠯ︶ ︵ᠳᠣᠷᠣᠭᠰᠢ ︽ᠢᠯᠡ ᠨᠡᠶᠢᠲᠡᠯᠡᠬᠦ ᠰᠢᠰᠲ᠋ᠧᠮ︾ | ᠭᠡᠵᠦ ᠲᠣᠪᠴᠢᠯᠠᠨ᠎ᠠ︶ ᠳᠤ ᠬᠠᠮᠳᠤᠪᠡᠷ ᠡᠳ᠋ᠯᠡᠨ ᠰᠣᠯᠢᠯᠴᠠᠵᠤ ᠨᠡᠶᠢᠭᠡᠮ ᠳᠤ ᠢᠯᠡ ᠪᠠᠷ ᠨᠡᠶᠢᠳᠡᠯᠡᠬᠦ ᠬᠡᠷᠡᠭᠲᠡᠢ᠃ | ︵ᠳᠣᠯᠤᠭ᠎ᠠ︶ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ | ᠶᠢᠨ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢᠨ ᠠᠵᠢᠯ ᠢ ᠬᠢᠨᠠᠨ ᠰᠢᠯᠭᠠᠵᠤ ᠦᠨᠡᠯᠡᠬᠦ ᠳᠤ ᠬᠠᠮᠵᠢᠯᠴᠠᠨ ᠬᠢᠨᠠᠨ ᠬᠠᠮᠢᠶᠠᠷᠬᠤ | ᠲᠠᠪᠴᠠᠩ ᠢᠶᠠᠷ ᠳᠠᠮᠵᠢᠭᠤᠯᠤᠨ ᠬᠦᠢᠴᠡᠳᠭᠡᠯ ᠲᠤᠭ᠎ᠠ ᠳᠤ ᠵᠠᠳᠠᠯᠤᠯᠲᠠ ᠬᠢᠵᠦ᠂ ᠬᠠᠮᠵᠢᠯᠴᠠᠨ ᠬᠢᠨᠠᠨ ᠬᠠᠮᠢᠶᠠᠷᠬᠤ | ᠲᠠᠪᠴᠠᠩ ᠠᠴᠠ ᠪᠠᠶᠢᠴᠠᠭᠠᠬᠤ ᠡᠲᠡᠭᠡᠳ ᠪᠠ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ | ᠬᠥᠮᠥᠷᠭᠡ ᠶᠢ ᠪᠠᠶᠢᠭᠤᠯᠬᠤ᠂ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠶᠢ ᠬᠦᠢᠴᠡᠳᠭᠡᠬᠦ᠂ ᠪᠣᠳᠠᠲᠠᠶ | ᠡᠭᠦᠷᠭᠡ ᠶᠢ ᠬᠡᠷᠡᠭᠵᠢᠬᠦᠯᠬᠦ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠨᠡᠶᠢᠲᠡᠯᠡᠬᠦ ᠵᠡᠷᠭᠡ ᠠᠵᠢᠯ ᠢ | ᠥᠷᠨᠢᠭᠦᠯᠦᠭᠰᠡᠨ ᠪᠠᠶᠢᠳᠠᠯ ᠢ ᠥᠪᠡᠷ ᠢᠶᠠᠨ ᠪᠦᠷᠢᠳᠬᠡᠬᠦ ᠶᠢᠨ ᠬᠠᠮᠲᠤ ᠪᠦᠷᠢᠯᠳᠦᠭᠦᠯᠵᠦ ᠪᠣᠯᠤᠨ᠎ᠠ᠃ | ᠭᠤᠷᠪᠠ᠂ ︽ᠨᠢᠭᠡ ᠬᠠᠭᠤᠳᠠᠰᠤ ᠬᠤᠶᠠᠷ ᠬᠥᠮᠥᠷᠭᠡ︾ | ︵ᠨᠠᠢᠮᠠ︶ ᠬᠤᠲᠠ ᠶᠢᠨ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠢᠨᠠᠯᠲᠠ | ᠬᠠᠮᠢᠶᠠᠷᠤᠯᠲᠠ ᠶᠢᠨ ᠪᠠᠶᠢᠳᠠᠯ ᠡᠭᠦᠷᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ | ᠨᠢᠭᠡᠳᠦᠯᠲᠡᠶ ᠲᠣᠭᠲᠠᠭᠠᠨ ᠨᠡᠶᠢᠲᠡᠯᠡᠭᠰᠡᠨ ᠰᠠᠯᠠ᠊ ᠭᠠ ᠮᠥᠴᠢᠷ ᠤᠳ ᠬᠠᠮᠲᠤᠷᠠᠨ ᠲᠠᠰᠢᠷᠠᠮ ᠢᠶᠠᠷ ᠰᠤᠭᠤᠴᠢᠨ | ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠠᠷ ᠰᠠᠭᠤᠷᠢ ᠪᠣᠯᠭᠠᠵᠤ᠂ ᠬᠠᠮᠲᠤᠷᠠᠨ ᠰᠤᠭᠤᠴᠢᠨ ᠪᠠᠶᠢᠴᠠᠭᠠᠬᠤ | ᠵᠦᠢᠯᠡᠰ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ ᠪᠣᠯᠤᠨ᠎ᠠ᠃ ᠨᠡᠮᠡᠬᠦ ᠴᠢᠬᠤᠯᠠᠲᠠᠶ ᠬᠠᠮᠲᠤᠷᠠᠨ ᠰᠤᠭᠤᠴᠢᠨ | ᠪᠠᠶᠢᠴᠠᠭᠠᠬᠤ ᠵᠦᠢᠯᠡᠰ ᠢ ᠰᠠᠨᠠᠭᠠᠴᠢᠯᠠᠭᠰᠠᠨ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ ᠱᠠᠭᠠᠷᠳᠠᠯᠭ᠎ᠠ ᠪᠠ | ᠬᠠᠮᠲᠤᠷᠠᠨ ᠪᠠᠶᠢᠴᠠᠭᠠᠬᠤ ᠪᠣᠳᠠᠲᠤ ᠨᠦᠬᠦᠴᠡᠯ ᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠬᠤᠲᠠ ᠶᠢᠨ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠷᠢᠶᠠᠩᠭᠤᠶᠢᠯᠠᠭᠰᠠᠨ ᠤ ᠳᠠᠷᠠᠭ᠎ᠠ | ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠪᠦᠬᠦ ᠬᠤᠲᠠ ᠶᠢᠨ ᠬᠠᠮᠲᠤᠷᠠᠨ | ᠰᠤᠭᠤᠴᠢᠨ ᠪᠠᠶᠢᠴᠠᠭᠠᠬᠤ ᠵᠦᠢᠯᠡᠰ ᠤᠨ ᠨᠢᠭᠡᠳᠦᠯᠲᠡᠢ ᠨᠠᠷᠢᠨ ᠬᠠᠭᠤᠳᠠᠰᠤ ᠶᠢ ᠪᠦᠷᠢᠯᠳᠦᠭᠦᠯᠦᠨ᠎ᠡ᠃ ᠨᠠᠷᠢᠨ | ᠬᠠᠭᠤᠳᠠᠰᠤᠨ ᠳᠤ ᠰᠤᠭᠤᠴᠢᠨ ᠪᠠᠶᠢᠴᠠᠭᠠᠬᠤ ᠵᠦᠢᠯᠡᠰ᠂ ᠰᠠᠨᠠᠭᠠᠴᠢᠯᠠᠬᠤ ᠰᠠᠯᠠᠭ᠎ᠠ ᠮᠥᠴᠢᠷ᠂ ᠣᠷᠣᠯᠴᠠᠬᠤ ᠰᠠᠯᠠᠭ᠎ᠠ | ᠮᠥᠴᠢᠷ᠂ ᠪᠠᠶᠢᠴᠠᠭᠠᠬᠤ ᠡᠲᠡᠭᠡᠳ᠂ ᠵᠦᠢᠯᠡᠰ ᠤᠨ ᠲᠥᠷᠥᠯ ᠠᠩᠭᠢᠯᠠᠯ᠂ ᠪᠠᠶᠢᠴᠠᠭᠠᠬᠤ ᠠᠷᠭ᠎ᠠ ᠮᠠᠶ᠋ᠢᠭ᠂ | ᠪᠠᠶᠢᠴᠠᠭᠠᠬᠤ ᠭᠤᠤᠯ ᠴᠣᠭᠴᠠ ᠪᠠ ᠪᠠᠶᠢᠴᠠᠭᠠᠬᠤ ᠦᠨᠳᠦᠰᠦᠯᠡᠯ ᠵᠡᠷᠭᠡ ᠶᠢ ᠲᠣᠳᠣᠷᠬᠠᠶᠢᠯᠠᠨ᠎ᠠ᠃ | ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠳᠤ ᠬᠠᠤᠯᠢ ᠴᠠᠭᠠᠵᠠ ᠬᠠᠤᠯᠢ | ᠲᠣᠭᠲᠠᠭᠠᠯ ᠲᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ | ᠲᠠᠶᠢᠯᠪᠤᠷᠢᠯᠠᠬᠤ ᠪᠠ ᠠᠵᠢᠯ ᠤᠨ ᠪᠣᠳᠠᠳᠤ ᠪᠠᠶᠢᠳᠠᠯ ᠵᠡᠷᠭᠡ ᠶᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ | ᠬᠢᠬᠦ ᠶᠢᠨ ᠬᠠᠮᠳᠤ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃ | ︵ᠶᠢᠰᠦ︶ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠢ ᠡᠩ ᠤᠨ ᠪᠠᠶᠢᠴᠠᠭᠠᠬᠤ ᠵᠦᠢᠯᠡᠰ ᠪᠠ | ᠭᠤᠣᠯᠳᠠᠯᠭ᠎ᠠ ᠲᠠᠢ ᠪᠠᠶᠢᠴᠠᠭᠠᠬᠤ ᠵᠦᠢᠯᠡᠰ ᠭᠡᠵᠦ ᠬᠤᠪᠢᠶᠠᠨ᠎ᠠ᠃ ᠭᠤᠤᠯᠳᠠᠯᠭ᠎ᠠ ᠲᠠᠢ ᠪᠠᠶᠢᠴᠠᠭᠠᠬᠤ ᠵᠦᠢᠯᠡᠰ ᠢ ᠠᠮᠤᠷ | ᠲᠦᠪᠰᠢᠨ᠂ ᠶᠠᠰᠤ ᠴᠢᠨᠠᠷ᠂ ᠣᠯᠠᠨ ᠨᠡᠶᠢᠲᠡ ᠶᠢᠨ ᠠᠰᠢᠭ ᠲᠤᠰᠠ ᠵᠡᠷᠭᠡ ᠴᠢᠬᠤᠯᠠ ᠬᠦᠷᠢᠶ᠎ᠡ ᠴᠠᠷᠠᠭ᠎ᠠ ᠳᠤ | ᠴᠢᠭᠯᠡᠭᠦᠯᠦᠨ᠂ ᠰᠤᠭᠤᠴᠢᠨ ᠪᠠᠶᠢᠴᠠᠭᠠᠬᠤ ᠬᠠᠷᠢᠴᠠᠯ ᠳᠤ ᠳᠡᠭᠡᠷ᠎ᠡ ᠵᠠᠬ᠎ᠠ ᠬᠢᠵᠠᠭᠠᠷ ᠲᠣᠭᠲᠠᠭᠠᠬᠤ ᠥᠬᠡᠶ᠃ ᠡᠩ ᠤᠨ | ᠪᠠᠶᠢᠴᠠᠭᠠᠬᠤ ᠵᠦᠢᠯᠡᠰ ᠢ ᠡᠩ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ ᠴᠢᠭᠯᠡᠭᠦᠯᠵᠦ᠂ ᠰᠤᠭᠤᠴᠢᠨ | ᠪᠠᠶᠢᠴᠠᠭᠠᠬᠤ ᠬᠠᠷᠢᠴᠠᠯ ᠢ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ ᠴᠢᠩᠭ᠎ᠠ ᠬᠢᠵᠠᠭᠠᠷᠯᠠᠬᠤ | ᠬᠡᠷᠡᠭᠲᠡᠶ᠃ | ︵ᠠᠷᠪᠠ︶ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠳᠠᠬᠢ ᠡᠯ᠎ᠡ | ᠲᠥᠷᠥᠯ ᠤᠨ ᠰᠤᠭᠤᠴᠢᠨ ᠪᠠᠶᠢᠴᠠᠭᠠᠬᠤ ᠵᠦᠢᠯᠡᠰ ᠲᠠᠢ ᠬᠠᠷᠢᠯᠴᠠᠨ ᠵᠣᠬᠢᠴᠠᠯᠳᠤᠭᠰᠠᠨ ᠪᠠᠶᠢᠴᠠᠭᠠᠬᠤ ᠡᠲᠡᠭᠡᠳ ᠤᠨ | ᠨᠡᠷᠡᠰ ᠤᠨ ᠬᠥᠮᠥᠷᠭᠡ ᠶᠢ ᠬᠠᠮᠲᠤᠷᠠᠨ ᠰᠤᠭᠤᠴᠢᠨ ᠪᠠᠶᠢᠴᠠᠭᠠᠬᠤ ᠡᠭᠦᠷᠭᠡ ᠶᠢ ᠰᠠᠨᠠᠭᠠᠴᠢᠯᠠᠬᠤ ᠰᠠᠯᠠᠭ᠎ᠠ ᠮᠥᠴᠢᠷ | ᠰᠤᠭᠤᠴᠢᠨ ᠪᠠᠶᠢᠴᠠᠭᠠᠬᠤ ᠡᠭᠦᠷᠭᠡ ᠶᠢ ᠬᠡᠷᠡᠭᠵᠢᠭᠦᠯᠬᠦ ᠠᠴᠠ ᠡᠮᠦᠨ᠎ᠡ᠂ ᠬᠠᠮᠵᠢᠯᠴᠠᠨ ᠬᠢᠨᠠᠨ ᠬᠠᠮᠢᠶᠠᠷᠬᠤ | ᠲᠠᠪᠴᠠᠩ ᠢᠶᠠᠷ ᠳᠠᠮᠵᠢᠭᠤᠯᠤᠨ ᠪᠥᠭᠡᠮ ᠢᠶᠠᠷ ᠣᠷᠣᠭᠤᠯᠬᠤ᠂ ᠲᠠᠩ ᠭᠠᠭᠴᠠ ᠪᠠᠷ ᠨᠡᠮᠡᠬᠦ ᠵᠡᠷᠭᠡ ᠠᠷᠭ᠎ᠠ ᠮᠠᠶ᠋ᠢᠭ ᠢ | ᠠᠪᠴᠤ ᠪᠠᠶᠢᠴᠠᠭᠠᠬᠤ ᠡᠲᠡᠭᠡᠳ ᠢᠶᠠᠨ ᠲᠠᠨᠢᠵᠤ ᠠᠪᠴᠤ᠂ ᠬᠠᠷᠠᠭᠠᠯᠵᠠᠭᠰᠠᠨ ᠪᠠᠶᠢᠴᠠᠭᠠᠬᠤ ᠡᠲᠡᠭᠡᠳ ᠤᠨ ᠨᠡᠷᠡᠰ ᠤᠨ | ᠬᠥᠮᠥᠷᠭᠡ ᠶᠢᠨ ᠲᠡᠳ᠋ ᠬᠥᠮᠥᠷᠭᠡ ᠶᠢ ᠪᠠᠶᠢᠭᠤᠯᠤᠨ᠎ᠠ᠃ ᠪᠠᠶᠢᠴᠠᠭᠠᠬᠤ ᠡᠲᠡᠭᠡᠳ ᠤᠨ ᠨᠡᠷᠡᠰ ᠤᠨ ᠬᠦᠮᠦᠷᠭᠡ ᠶᠢᠨ ᠲᠡᠳ᠋ | ᠬᠥᠮᠥᠷᠭᠡ ᠶᠢ ᠬᠥᠳᠡᠯᠦᠩᠭᠦᠶ ᠬᠠᠮᠠᠭᠠᠯᠠᠵᠤ᠂ ᠪᠥᠬᠦ ᠲᠠᠯ᠎ᠠ ᠶᠢᠨ᠂ ᠴᠠᠭ ᠲᠤᠬᠠᠶ ᠶᠢᠨ᠂ ᠣᠨᠣᠪᠴᠢᠲᠠᠶ ᠪᠠᠶᠢᠬᠤ ᠶᠢ | ᠦᠨᠡᠨᠬᠦ ᠪᠠᠲᠤᠯᠠᠬᠤ ᠬᠡᠷᠡᠭᠲᠡᠶ᠃ | ᠪᠠᠶᠢᠴᠠᠭᠠᠬᠤ ᠡᠲᠡᠭᠡᠳ ᠤᠨ ᠨᠡᠷᠡᠰ ᠤᠨ ᠬᠥᠮᠥᠷᠭᠡ ᠳᠤ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ | ᠬᠤᠷᠰᠢᠶ᠎ᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ | ᠪᠠᠭᠲᠠᠬᠤ ᠮᠥᠷᠲᠡᠭᠡᠨ ᠪᠠᠰᠠ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠤᠨ ᠬᠠᠤᠯᠢ ᠶᠢᠨ ᠡᠷᠭᠡᠳᠡᠨ᠂ | ᠲᠦᠷᠦᠯ ᠵᠦᠢᠯ ᠤᠨ ᠢᠨᠵᠧᠨᠧᠷᠢᠩ᠂ ᠪᠡᠯᠡᠳᠭᠡᠮᠵᠢ ᠲᠥᠬᠦᠭᠡᠷᠦᠮᠵᠢ᠂ ᠲᠠᠯᠠᠪᠤᠷ ᠭᠠᠵᠠᠷ᠂ ᠪᠦᠳᠦᠭᠡᠭᠳᠡᠭᠦᠨ᠂ ᠦᠢᠯᠡ | ᠠᠵᠢᠯᠯᠠᠭ᠎ᠠ ᠵᠡᠷᠭᠡ ᠶᠢ ᠴᠤ ᠪᠠᠭᠲᠠᠭᠠᠵᠤ ᠪᠣᠯᠤᠨ᠎ᠠ᠃ | ︵ᠠᠷᠪᠠᠨ ᠨᠢᠭᠡ︶ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠰᠠᠯᠠᠭ᠎ᠠ ᠮᠥᠴᠢᠷ ᠪᠣᠯᠤᠨ | ᠤᠷᠤᠯᠴᠠᠬᠤ ᠰᠠᠯᠠᠭ᠎ᠠ ᠮᠥᠴᠢᠷ ᠤᠳ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠡᠭᠡᠷ᠎ᠡ ᠰᠤᠭᠤᠴᠢᠨ ᠪᠠᠶᠢᠴᠠᠭᠠᠬᠤ | ᠵᠦᠢᠯᠡᠰ ᠤᠨ ᠨᠠᠷᠢᠨ ᠬᠠᠭᠤᠳᠠᠰᠤ ᠳᠠᠬᠢ ᠰᠤᠭᠤᠴᠢᠨ ᠪᠠᠶᠢᠴᠠᠭᠠᠬᠤ ᠵᠦᠢᠯᠡᠰ ᠯᠦᠭᠡ ᠬᠠᠷᠠᠭᠠᠯᠵᠠᠭᠰᠠᠨ ᠲᠣᠰ ᠰᠠᠯᠠᠭ᠎ᠠ | ᠮᠥᠴᠢᠷ ᠤᠨ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ ᠬᠥᠮᠥᠷᠭᠡ ᠪᠠᠶᠢᠭᠤᠯᠬᠤ ᠶᠢ ᠲᠣᠰ ᠲᠣᠰ | ᠬᠠᠷᠢᠭᠤᠴᠠᠨ᠎ᠠ᠃ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ ᠬᠥᠮᠥᠷᠭᠡ ᠶᠢ ᠪᠥᠭᠡᠮ ᠢᠶᠠᠷ | ᠣᠷᠣᠭᠤᠯᠬᠤ᠂ ᠲᠠᠩ ᠭᠠᠭᠴᠠ ᠪᠠᠷ ᠨᠡᠮᠡᠬᠦ ᠵᠡᠷᠭᠡ ᠠᠷᠭ᠎ᠠ ᠮᠠᠶ᠋ᠢᠭ ᠢᠶᠠᠷ ᠪᠠᠶᠢᠭᠤᠯᠬᠤ ᠶᠢᠨ ᠬᠠᠮᠲᠤ ᠬᠠᠤᠯᠢ | ᠬᠡᠷᠡᠭᠵᠢᠭᠦᠯᠬᠦ ᠬᠢᠷᠢ ᠬᠡᠮ᠂ ᠲᠤᠬᠠᠶᠢᠯᠠᠭᠰᠠᠨ ᠠᠵᠢᠯ ᠤᠨ ᠠᠪᠢᠶᠠᠰ ᠢᠶᠠᠷ ᠨᠢ ᠲᠥᠷᠥᠯ ᠬᠤᠪᠢᠶᠠᠨ | ᠲᠣᠳᠣᠷᠬᠠᠶᠢᠯᠠᠬᠤ ᠪᠦᠭᠡᠳ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃ | ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ ᠬᠥᠮᠥᠷᠭᠡ ᠳᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠥᠷᠥᠯ ᠤᠨ ᠪᠤᠢ ᠪᠦᠬᠦᠢ ᠠᠯᠪᠠᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠢᠷᠢ ᠬᠡᠮ ᠪᠦᠬᠦᠢ | ᠠᠵᠢᠯᠲᠠᠨ ᠪᠣᠯᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠬᠢᠵᠦ ᠪᠠᠶᠢᠭ᠎ᠠ ᠠᠵᠢᠯᠲᠠᠨ ᠪᠠᠭᠲᠠᠨ᠎ᠠ᠃ | | ᠣᠨᠴᠠᠭᠠᠢ ᠬᠦᠷᠢᠶ᠎ᠡ ᠴᠠᠷᠠᠭ᠎ᠠ ᠳᠤ ᠰᠤᠭᠤᠴᠢᠨ ᠪᠠᠶᠢᠴᠠᠭᠠᠬᠤ ᠳᠤ ᠰᠢᠯᠭᠠᠨ ᠪᠠᠶᠢᠴᠠᠭᠠᠬᠤ ᠪᠠᠶᠢᠭᠤᠯᠤᠮᠵᠢ᠂ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠲᠤᠰᠬᠠᠢ ᠪᠠᠶᠢᠭᠤᠯᠤᠮᠵᠢ ᠣᠷᠣᠯᠴᠠᠬᠤ ᠶᠢ | ᠰᠢᠩᠭᠡᠭᠡᠨ ᠠᠪᠴᠤ᠂ ᠲᠤᠰᠬᠠᠶ ᠮᠡᠷᠭᠡᠵᠢᠯ ᠤᠨ ᠴᠢᠨᠠᠷᠲᠠᠶ ᠰᠤᠭᠤᠴᠢᠨ ᠪᠠᠶᠢᠴᠠᠭᠠᠬᠤ ᠬᠡᠷᠡᠭᠴᠡᠭᠡ ᠱᠠᠭᠠᠷᠳᠠᠯᠭ᠎ᠠ ᠶᠢ | ᠬᠠᠩᠭᠠᠵᠤ ᠪᠤᠯᠤᠨ᠎ᠠ᠃ | ᠳᠦᠷᠪᠡ᠂ ᠲᠥᠯᠥᠪᠯᠡᠭᠡ ᠲᠣᠭᠲᠠᠭᠠᠬᠤ | ︵ᠠᠷᠪᠠᠨ ᠬᠤᠶᠠᠷ︶ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠰᠠᠯᠠᠭ᠎ᠠ ᠮᠥᠴᠢᠷ ᠬᠠᠮᠲᠤᠷᠠᠨ | ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠦᠨᠳᠦᠰᠦᠯᠡᠨ᠂ ᠲᠤᠰ ᠰᠠᠯᠠᠭ᠎ᠠ ᠮᠥᠴᠢᠷ ᠤᠨ | ᠰᠠᠨᠠᠭᠠᠴᠢᠯᠠᠨ ᠬᠡᠷᠡᠭᠵᠢᠬᠦᠯᠬᠦ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ ᠪᠠᠶᠢᠴᠠᠭᠠᠬᠤ ᠣᠨ ᠤ | ᠲᠥᠯᠥᠪᠯᠡᠭᠡ ᠶᠢ ᠳᠤᠷᠠᠳᠴᠤ᠂ ᠡᠯ᠎ᠡ ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠬᠤ ᠬᠦᠷᠢᠶ᠎ᠡ ᠬᠡᠪᠴᠢᠶ᠎ᠡ᠂ | ᠰᠤᠭᠤᠴᠢᠨ ᠪᠠᠶᠢᠴᠠᠭᠠᠬᠤ ᠬᠠᠷᠢᠴᠠᠯ᠂ ᠲᠤᠭ᠎ᠠ ᠬᠡᠮᠵᠢᠶ᠎ᠡ᠂ ᠣᠷᠣᠯᠴᠠᠬᠤ ᠰᠠᠯᠠᠭ᠎ᠠ ᠮᠥᠴᠢᠷ᠂ ᠴᠠᠭ ᠤᠨ | ᠲᠣᠬᠢᠷᠠᠭᠤᠯᠤᠯᠲᠠ ᠵᠡᠷᠭᠡ ᠠᠭᠤᠯᠭ᠎ᠠ ᠶᠢ ᠲᠣᠳᠤᠷᠬᠠᠶᠢᠯᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ | ᠮᠡᠳᠡᠭᠦᠯᠵᠦ ᠬᠢᠨᠠᠨ ᠲᠣᠭᠲᠠᠭᠠᠯᠭᠠᠭᠠᠳ ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ | ᠪᠠᠶᠢᠴᠠᠭᠠᠬᠤ ᠣᠨ ᠤ ᠲᠥᠯᠥᠪᠯᠡᠭᠡ ᠶᠢ ᠪᠤᠢ ᠪᠣᠯᠭᠠᠬᠤ ᠬᠡᠷᠡᠭᠲᠡᠶ᠃ | ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠠᠵᠤ ᠠᠬᠤᠶ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠤᠰᠪᠦᠷᠢ ᠲᠤᠰ ᠭᠠᠵᠠᠷ | ᠣᠷᠣᠨ ᠤ ᠪᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ᠂ ᠲᠤᠰ | ᠭᠠᠵᠠᠷ ᠤᠨ ᠢᠶᠠᠨ ᠪᠣᠳᠠᠲᠤ ᠪᠠᠶᠢᠳᠠᠯ ᠪᠠ ᠳᠡᠭᠡᠳᠦ ᠱᠠᠲᠤᠨ ᠤ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ | ᠮᠥᠴᠢᠷ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠰᠠᠯᠠᠭ᠎ᠠ ᠮᠥᠴᠢᠷ ᠤᠨ | ᠬᠠᠮᠲᠤᠷᠠᠭᠰᠠᠨ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠳᠡᠭᠡᠳᠦ ᠱᠠᠲᠤᠨ ᠤ | ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ︵ᠠᠷᠪᠠᠨ ᠭᠤᠷᠪᠠ︶ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ ᠪᠠᠶᠢᠴᠠᠭᠠᠬᠤ ᠣᠨ ᠤ | ᠲᠥᠯᠥᠪᠯᠡᠭᠡ ᠲᠣᠭᠲᠠᠭᠠᠬᠤ ᠳᠤ ᠪᠠᠶᠢᠴᠠᠭᠠᠬᠤ ᠡᠲᠡᠭᠡᠳ ᠪᠠ ᠪᠠᠶᠢᠴᠠᠭᠠᠬᠤ ᠠᠷᠭ᠎ᠠ ᠮᠠᠶ᠋ᠢᠭ ᠨᠢ ᠠᠳᠠᠯᠢᠪᠲᠤᠷ | ᠵᠦᠢᠯᠡᠰ ᠢ ᠵᠣᠬᠢᠰᠲᠠᠶ ᠡᠮᠬᠢᠯᠡᠨ ᠨᠡᠶᠢᠯᠡᠭᠦᠯᠵᠦ᠂ ᠳᠠᠬᠢᠨ ᠳᠠᠪᠲᠠᠨ ᠪᠠᠶᠢᠴᠠᠭᠠᠬᠤ ᠠᠴᠠ ᠵᠠᠶᠢᠯᠠᠰᠬᠢᠵᠦ᠂ ᠠᠵᠤ | ᠠᠬᠤᠶᠢᠯᠠᠯ ᠤᠨ ᠳᠠᠷᠤᠭᠠᠰᠤ ᠶᠢ ᠬᠦᠩᠭᠡᠯᠡᠬᠦ ᠬᠡᠷᠡᠭᠲᠡᠢ᠃ ᠡᠭᠦᠨ ᠤ ᠬᠠᠮᠲᠤ᠂ ᠪᠠᠶᠢᠴᠠᠭᠠᠬᠤ ᠡᠲᠡᠭᠡᠳ ᠤᠨ ᠬᠠᠮᠤᠷᠬᠤ | ᠬᠡᠪᠴᠢᠶ᠎ᠡ᠂ ᠬᠢᠨᠠᠯᠲᠠ ᠬᠠᠮᠢᠶᠠᠷᠤᠯᠲᠠ ᠶᠢᠨ ᠡᠷᠴᠢᠮ ᠪᠣᠯᠤᠨ ᠬᠠᠤᠯᠢ ᠬᠡᠷᠡᠭᠵᠢᠬᠦᠯᠬᠦ ᠬᠦᠴᠦᠨ ᠤ ᠲᠣᠬᠢᠷᠠᠯᠴᠠᠬᠤ | ᠬᠠᠷᠢᠴᠠᠯ ᠵᠡᠷᠭᠡ ᠪᠠᠶᠢᠳᠠᠯ ᠢ ᠬᠦᠢᠴᠡᠳ ᠪᠣᠳᠣᠯᠬᠢᠯᠠᠵᠤ᠂ ᠬᠠᠮᠢᠶᠠᠷᠤᠯᠲᠠ ᠠᠯᠳᠠᠵᠤ ᠲᠡᠩᠴᠡᠭᠦᠷᠢ ᠪᠠᠨ ᠠᠯᠳᠠᠬᠤ ᠶᠢ | ᠰᠡᠷᠭᠡᠶᠢᠯᠡᠬᠦ ᠪᠦᠭᠡᠳ ᠬᠡᠳᠦᠷᠬᠡᠢ ᠪᠠᠶᠢᠴᠠᠭᠠᠬᠤ ᠶᠢ ᠪᠠᠰᠠ ᠰᠡᠷᠭᠡᠶᠢᠯᠡᠬᠦ ᠬᠡᠷᠡᠭᠲᠡᠶ᠃ | ︵ᠠᠷᠪᠠᠨ ᠲᠥᠷᠪᠡ︶ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠰᠠᠯᠠᠭ᠎ᠠ ᠮᠥᠴᠢᠷ ᠠᠵᠤ | ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠤᠨ ᠮᠡᠳᠡᠭᠡ ᠵᠠᠩᠭᠢ ᠪᠠᠷ ᠰᠤᠭᠤᠴᠢᠨ | ᠪᠠᠶᠢᠴᠠᠭᠠᠬᠤ ᠠᠵᠢᠯ ᠤᠨ ᠲᠥᠯᠥᠪᠯᠡᠭᠡ ᠲᠣᠭᠲᠠᠭᠠᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠠᠳᠠᠯᠢ ᠪᠤᠰᠤ | ᠢᠲᠡᠭᠡᠮᠵᠢ ᠶᠢᠨ ᠲᠦᠭᠰᠢᠭᠦᠷᠢ᠂ ᠢᠲᠡᠭᠡᠮᠵᠢ ᠶᠢᠨ ᠬᠢᠷᠢ ᠲᠦᠪᠰᠢᠨ ᠤ ᠪᠠᠶᠢᠴᠠᠭᠠᠬᠤ ᠡᠲᠡᠭᠡᠳ ᠲᠤ ᠴᠢᠭᠯᠡᠭᠦᠯᠦᠨ | ᠵᠦᠷᠢᠶᠡᠴᠢᠯᠡᠭᠰᠡᠨ ᠲᠥᠷᠥᠯ ᠬᠤᠪᠢᠶᠠᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠲᠠᠰᠢᠷᠠᠮ ᠢᠶᠠᠷ ᠰᠤᠭᠤᠴᠢᠨ | ᠪᠠᠶᠢᠴᠠᠭᠠᠬᠤ ᠬᠠᠷᠢᠴᠠᠯ᠂ ᠤᠳᠠᠭ᠎ᠠ ᠪᠠ ᠰᠤᠭᠤᠴᠢᠨ ᠪᠠᠶᠢᠴᠠᠭᠠᠭᠳᠠᠬᠤ ᠲᠣᠬᠢᠶᠠᠯᠳᠤᠮᠵᠢ ᠶᠢ ᠵᠦᠶ ᠵᠣᠬᠢᠰᠲᠠᠶ | ᠲᠣᠭᠲᠠᠭᠠᠵᠤ᠂ ᠬᠥᠳᠡᠯᠦᠩᠭᠦᠶ ᠪᠠᠷ ᠲᠣᠬᠢᠷᠠᠭᠤᠯᠬᠤ ᠬᠡᠷᠡᠭᠲᠡᠶ᠃ | ︵ᠠᠷᠪᠠᠨ ᠲᠠᠪᠤ︶ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ ᠪᠠᠶᠢᠴᠠᠭᠠᠬᠤ ᠣᠨ ᠤ | ᠲᠥᠯᠥᠪᠯᠡᠭᠡ ᠳᠤ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠵᠦ | ᠪᠣᠯᠤᠨ᠎ᠠ᠃ ᠲᠥᠯᠥᠪᠯᠡᠭᠡ ᠲᠣᠭᠲᠠᠭᠠᠬᠤ ᠪᠠ ᠲᠣᠬᠢᠷᠠᠭᠤᠯᠤᠯᠲᠠ ᠬᠢᠭᠰᠡᠨ ᠪᠠᠶᠢᠳᠠᠯ ᠢ ᠬᠠᠮᠵᠢᠯᠴᠠᠨ ᠬᠢᠨᠠᠨ ᠬᠠᠮᠢᠶᠠᠷᠬᠤ | ᠲᠠᠪᠴᠠᠩ ᠳᠤ ᠨᠢᠭᠡᠳᠦᠯᠲᠡᠶ ᠣᠷᠣᠭᠤᠯᠬᠤ ᠶᠢᠨ ᠬᠠᠮᠲᠤ ᠢᠯᠡ ᠨᠡᠶᠢᠲᠡᠯᠡᠬᠦ ᠰᠢᠰᠲ᠋ᠧᠮ ᠪᠣᠯᠤᠨ ᠡᠯ᠎ᠡ ᠱᠠᠲᠤᠨ ᠤ | ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠨᠡᠶᠢᠳᠡᠯᠡᠬᠦ ᠬᠡᠷᠡᠭᠲᠡᠢ᠃ | | ᠲᠠᠪᠤ᠂ ᠡᠭᠦᠷᠭᠡ ᠪᠦᠷᠢᠯᠳᠦᠭᠦᠯᠬᠦ | ︵ᠠᠷᠪᠠᠨ ᠵᠢᠷᠭᠤᠭ᠎ᠠ︶ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠶᠢ ᠣᠨ ᠤ | ᠲᠥᠯᠥᠪᠯᠡᠭᠡ ᠳᠤ ᠲᠤᠳᠤᠷᠬᠠᠶᠢᠯᠠᠭᠰᠠᠨ ᠰᠠᠨᠠᠭᠠᠴᠢᠯᠠᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠰᠡᠳᠦᠬᠦ | ᠬᠡᠷᠡᠭᠲᠡᠶ᠃ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠭᠰᠠᠨ ᠰᠠᠯᠠᠭ᠎ᠠ ᠮᠥᠴᠢᠷ ᠨᠢ ᠬᠠᠷᠠᠭᠠᠯᠵᠠᠭᠰᠠᠨ | ᠰᠠᠯᠠᠭ᠎ᠠ ᠮᠦᠴᠢᠷ ᠤᠨ ᠬᠠᠮᠲᠤᠷᠠᠭᠰᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠤᠨ ᠲᠥᠰᠦᠯ ᠢ | ᠲᠣᠭᠲᠠᠭᠠᠭᠰᠠᠨ ᠰᠠᠭᠤᠷᠢᠨ ᠳᠡᠭᠡᠷ᠎ᠡ᠂ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠲᠥᠯᠥᠪᠯᠡᠭᠡ ᠳᠤ | ᠬᠠᠷᠠᠭᠠᠯᠵᠠᠬᠤ ᠡᠭᠦᠷᠭᠡ ᠲᠣᠬᠢᠷᠠᠭᠤᠯᠬᠤ ᠶᠢᠨ ᠬᠠᠮᠲᠤ ᠵᠣᠬᠢᠴᠠᠬᠤ ᠪᠠᠶᠢᠴᠠᠭᠠᠬᠤ ᠵᠦᠢᠯᠡᠰ ᠢ ᠰᠣᠩᠭᠤᠵᠤ᠂ ᠠᠳᠠᠯᠢ | ᠱᠠᠲᠤᠨ ᠤ ᠣᠷᠣᠯᠴᠠᠬᠤ ᠰᠠᠯᠠᠭ᠎ᠠ ᠮᠦᠴᠢᠷ ᠲᠤ ᠤᠷᠢᠯᠭ᠎ᠠ ᠶᠠᠪᠤᠭᠤᠯᠤᠨ᠎ᠠ᠃ ᠬᠤᠯᠪᠣᠭᠳᠠᠯ ᠪᠦᠬᠦᠢ ᠪᠠᠶᠢᠴᠠᠭᠠᠬᠤ | ᠵᠦᠢᠯᠡᠰ ᠲᠤ ᠬᠤᠯᠪᠣᠭᠳᠠᠬᠤ ᠣᠷᠣᠯᠴᠠᠬᠤ ᠰᠠᠯᠠᠭ᠎ᠠ ᠮᠥᠴᠢᠷ ᠡᠷᠬᠡᠪᠰᠢ ᠰᠠᠯᠠᠭ᠎ᠠ ᠮᠥᠴᠢᠷ ᠤᠳ ᠬᠠᠮᠲᠤᠷᠠᠨ | ᠰᠤᠭᠤᠴᠢᠨ ᠪᠠᠶᠢᠴᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢᠨ ᠬᠠᠮᠲᠤ ᠰᠠᠨᠠᠭᠠᠴᠢᠯᠠᠭᠰᠠᠨ ᠰᠠᠯᠠᠭ᠎ᠠ | ᠮᠥᠴᠢᠷ ᠲᠠᠢ ᠬᠠᠮᠵᠢᠯᠴᠠᠨ ᠪᠠᠶᠢᠴᠠᠭᠠᠬᠤ ᠵᠦᠢᠯᠡᠰ ᠢ ᠨᠤᠳᠠᠯᠠᠵᠤ᠂ ᠡᠭᠦᠷᠭᠡ ᠶᠢ ᠪᠠᠶᠢᠷᠢᠯᠠᠭᠤᠯᠬᠤ ᠬᠡᠷᠡᠭᠳᠡᠢ᠃ | ᠣᠨ ᠤ ᠲᠥᠯᠥᠪᠯᠡᠭᠡ ᠳᠤ ᠲᠣᠳᠣᠷᠬᠠᠶᠢᠯᠠᠭᠰᠠᠨ ᠰᠤᠭᠤᠴᠢᠨ ᠪᠠᠶᠢᠴᠠᠭᠠᠬᠤ ᠡᠭᠦᠷᠭᠡ ᠠᠴᠠ ᠭᠠᠳᠠᠨ᠎ᠠ᠂ | ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ | ᠲᠦᠷ ᠴᠠᠭ ᠤᠨ ᠰᠠᠯᠠᠭ᠎ᠠ ᠮᠥᠴᠢᠷ ᠤᠨ ᠬᠠᠮᠳᠤᠷᠠᠭᠰᠠᠨ ᠰᠤᠭᠤᠴᠢᠨ ᠪᠠᠶᠢᠴᠠᠭᠠᠯᠳᠠ ᠶᠢ ᠵᠣᠬᠢᠶᠠᠨ ᠪᠠᠶᠢᠭᠤᠯᠤᠨ | ᠥᠷᠨᠢᠭᠦᠯᠵᠦ ᠪᠣᠯᠤᠨ᠎ᠠ᠃ ᠲᠦᠷ ᠴᠠᠭ ᠤᠨ ᠬᠠᠮᠲᠤᠷᠠᠨ ᠰᠤᠭᠤᠴᠢᠨ ᠪᠠᠶᠢᠴᠠᠭᠠᠬᠤ ᠡᠭᠦᠷᠭᠡ ᠶᠢ ᠣᠨ ᠤ | ᠲᠥᠯᠥᠪᠯᠡᠭᠡ ᠶᠢᠨ ᠡᠭᠦᠷᠭᠡ ᠪᠠᠷ ᠯᠠᠪᠯᠠᠯᠲᠠ ᠪᠣᠯᠭᠠᠨ ᠭᠦᠢᠴᠡᠳᠭᠡᠵᠦ᠂ ᠬᠡᠷᠡᠭᠵᠢᠭᠦᠯᠦᠭᠰᠡᠨ ᠪᠠᠶᠢᠳᠠᠯ ᠢᠶᠠᠨ ᠬᠠᠮᠵᠢᠯᠴᠠᠨ | ᠬᠢᠨᠠᠨ ᠬᠠᠮᠢᠶᠠᠷᠬᠤ ᠲᠠᠪᠴᠠᠩ ᠳᠤ ᠲᠡᠮᠳᠡᠭᠯᠡᠬᠦ ᠶᠢᠨ ᠬᠠᠮᠲᠤ ᠨᠡᠶᠢᠲᠡᠯᠡᠨ᠎ᠡ᠃ | ︵ᠠᠷᠪᠠᠨ ᠳᠣᠯᠤᠭ᠎ᠠ︶ ᠡᠭᠦᠷᠭᠡ ᠶᠢ ᠪᠠᠶᠢᠷᠢᠯᠠᠭᠤᠯᠤᠭᠰᠠᠨ ᠤ ᠳᠠᠷᠠᠭ᠎ᠠ᠂ ᠬᠠᠮᠲᠤᠷᠠᠨ ᠰᠤᠭᠤᠴᠢᠨ | ᠪᠠᠶᠢᠴᠠᠭᠠᠬᠤ ᠶᠢ ᠰᠠᠨᠠᠭᠠᠴᠢᠯᠠᠭᠰᠠᠨ ᠰᠠᠯᠠᠭ᠎ᠠ ᠮᠥᠴᠢᠷ ᠠᠴᠠ ᠲᠠᠰᠢᠷᠠᠮ ᠤᠨ ᠠᠷᠭ᠎ᠠ ᠮᠠᠶ᠋ᠢᠭ ᠢ ᠠᠪᠴᠤ᠂ ᠪᠠᠶᠢᠴᠠᠭᠠᠬᠤ | ᠡᠲᠡᠭᠡᠳ ᠢ ᠨᠢᠭᠡᠳᠦᠯᠲᠡᠶ ᠰᠤᠭᠤᠯᠵᠤ ᠭᠠᠷᠭᠠᠨ᠎ᠠ᠃ ᠪᠠᠶᠢᠴᠠᠭᠠᠬᠤ ᠡᠲᠡᠭᠡᠳ ᠢ ᠲᠠᠰᠢᠷᠠᠮ ᠢᠶᠠᠷ ᠰᠤᠭᠤᠯᠵᠤ | ᠭᠠᠷᠭᠠᠬᠤ ᠳᠤ᠂ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠱᠠᠭᠠᠷᠳᠠᠯᠭ᠎ᠠ ᠳᠤ ᠨᠡᠶᠢᠴᠡᠭᠰᠡᠨ | ᠪᠠᠶᠢᠴᠠᠭᠠᠬᠤ ᠡᠲᠡᠭᠡᠳ ᠤᠨ ᠨᠡᠷᠡᠰ ᠤᠨ ᠬᠥᠮᠥᠷᠭᠡ ᠶᠢᠨ ᠲᠡᠳ᠋ ᠬᠥᠮᠥᠷᠭᠡ ᠶᠢ ᠰᠣᠩᠭᠤᠨ᠎ᠠ᠃ ᠡᠭᠦᠨ ᠤ ᠰᠠᠭᠤᠷᠢᠨ | ᠳᠡᠭᠡᠷ᠎ᠡ᠂ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠬᠠᠩᠭᠠᠭᠰᠠᠨ ᠢᠲᠡᠭᠡᠮᠵᠢ ᠪᠠᠷ ᠰᠤᠭᠤᠯᠤᠨ ᠭᠠᠷᠭᠠᠬᠤ | ᠳᠦᠷᠢᠮ ᠢ ᠬᠦᠢᠴᠡᠳ ᠠᠰᠢᠭᠯᠠᠨ᠂ ᠠᠳᠠᠯᠢ ᠪᠤᠰᠤ ᠢᠲᠡᠭᠡᠮᠵᠢ ᠶᠢᠨ ᠲᠦᠭᠰᠢᠭᠦᠷᠢ᠂ ᠢᠲᠡᠭᠡᠮᠵᠢ ᠶᠢᠨ ᠬᠢᠷᠢ | ᠲᠦᠪᠰᠢᠨ ᠤ ᠪᠠᠶᠢᠴᠠᠭᠠᠬᠤ ᠡᠲᠡᠭᠡᠳ ᠤᠨ ᠰᠤᠭᠤᠴᠢᠨ ᠪᠠᠶᠢᠴᠠᠭᠠᠬᠤ ᠬᠠᠷᠢᠴᠠᠯ ᠪᠣᠯᠤᠨ ᠰᠤᠭᠤᠴᠢᠨ | ᠪᠠᠶᠢᠴᠠᠭᠠᠭᠳᠠᠬᠤ ᠲᠣᠬᠢᠶᠠᠯᠳᠤᠮᠵᠢ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠢᠲᠡᠭᠡᠮᠵᠢ ᠶᠢᠨ ᠲᠦᠭᠰᠢᠭᠦᠷᠢ | ᠳᠣᠤᠷ᠎ᠠ᠂ ᠢᠲᠡᠭᠡᠮᠵᠢ ᠶᠢᠨ ᠬᠢᠷᠢ ᠲᠦᠪᠰᠢᠨ ᠥᠨᠳᠥᠷ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠤᠭᠤᠯᠵᠤ | ᠠᠪᠬᠤ ᠬᠠᠷᠢᠴᠠᠯ ᠢ ᠪᠠᠭᠤᠷᠠᠭᠤᠯᠤᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠠᠰᠲᠠᠭᠠᠨ | ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠠᠳᠠᠯᠢ ᠨᠢᠭᠡ ᠵᠢᠯ ᠤᠨ ᠳᠣᠲᠣᠷ᠎ᠠ ᠢᠲᠡᠭᠡᠮᠵᠢ ᠶᠢᠨ ᠲᠦᠭᠰᠢᠭᠦᠷᠢ ᠳᠣᠤᠷ᠎ᠠ | ᠂ ᠢᠲᠡᠭᠡᠮᠵᠢ ᠶᠢᠨ ᠬᠢᠷᠢ ᠲᠥᠪᠰᠢᠨ ᠥᠨᠳᠥᠷ ᠠᠳᠠᠯᠢ ᠨᠢᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠤᠭᠤᠴᠢᠨ | ᠪᠠᠶᠢᠴᠠᠭᠠᠬᠤ ᠶᠢ ᠵᠠᠷᠴᠢᠮ ᠳᠡᠭᠡᠷ᠎ᠡ ᠪᠠᠨ 2 ᠤᠳᠠᠭ᠎ᠠ ᠠᠴᠠ ᠬᠡᠲᠦᠷᠡᠭᠦᠯᠵᠦ ᠪᠣᠯᠬᠤ ᠥᠬᠡᠶ᠃ ᠣᠯᠠᠨ ᠨᠡᠶᠢᠲᠡ ᠶᠢᠨ | ᠢᠲᠡᠭᠡᠮᠵᠢ ᠶᠢᠨ ᠦᠨᠡᠯᠡᠯᠲᠡ ᠶᠢᠨ ᠳᠡᠰ ᠳᠣᠤᠷ᠎ᠠ᠂ ᠡᠵᠡᠩᠨᠡᠯᠲᠡ ᠬᠡᠪ ᠤᠨ ᠪᠤᠰᠤ ᠨᠡᠷᠡᠰ᠂ ᠬᠠᠤᠯᠢ ᠶᠢ ᠬᠦᠨᠳᠦ | ᠨᠣᠴᠢᠲᠠᠶ ᠵᠥᠷᠢᠴᠡᠵᠦ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠪᠣᠯᠤᠨ ᠡᠯ᠎ᠡ | ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠷ᠎ᠠ ᠲᠠᠩᠰᠠᠨ ᠳᠤ ᠤᠷᠤᠵᠤ᠂ | ᠢᠲᠡᠭᠡᠮᠵᠢ ᠶᠢᠨ ᠲᠦᠭᠰᠢᠭᠦᠷᠢ ᠶᠢᠨ ᠬᠢᠷᠢ ᠲᠦᠪᠰᠢᠨ ᠨᠡᠯᠢᠶᠡᠳ ᠥᠨᠳᠥᠷ ᠵᠠᠬ᠎ᠠ ᠳᠡᠯᠭᠡᠭᠦᠷ ᠤᠨ ᠭᠤᠤᠯ ᠴᠣᠭᠴᠠ ᠶᠢ | ᠭᠤᠤᠯᠳᠠᠯᠭ᠎ᠠ ᠲᠠᠢ ᠪᠠᠶᠢᠴᠠᠭᠠᠬᠤ ᠡᠲᠡᠭᠡᠳ ᠲᠤ ᠣᠷᠣᠭᠤᠯᠵᠤ᠂ ᠰᠤᠭᠤᠯᠵᠤ ᠠᠪᠬᠤ ᠬᠠᠷᠢᠴᠠᠯ ᠢ ᠳᠡᠭᠡᠭᠰᠢᠯᠡᠭᠦᠯᠬᠦ | ᠬᠡᠷᠡᠭᠲᠡᠶ᠃ | ︵ᠠᠷᠪᠠᠨ ᠨᠠᠢᠮᠠ︶ ᠡᠭᠦᠷᠭᠡ ᠬᠦᠢᠴᠡᠳᠭᠡᠬᠦ ᠠᠳᠠᠯᠢ ᠨᠢᠭᠡᠨ ᠴᠠᠭ ᠬᠤᠭᠤᠴᠠᠭᠠᠨ ᠳᠤ᠂ ᠠᠳᠠᠯᠢ ᠪᠤᠰᠤ | ᠰᠤᠭᠤᠴᠢᠨ ᠪᠠᠶᠢᠴᠠᠭᠠᠬᠤ ᠲᠥᠯᠥᠪᠯᠡᠭᠡ ᠳᠤ ᠲᠣᠬᠢᠷᠠᠭᠤᠯᠤᠭᠰᠠᠨ ᠡᠭᠦᠷᠭᠡ ᠨᠢ ᠠᠳᠠᠯᠢ ᠨᠢᠭᠡᠨ ᠪᠠᠶᠢᠴᠠᠭᠠᠬᠤ | ᠡᠲᠡᠭᠡᠳ ᠢ ᠰᠣᠩᠭᠤᠨ ᠠᠪᠤᠭᠰᠠᠨ ᠪᠠᠶᠢᠪᠠᠯ᠂ ᠠᠳᠠᠯᠢ ᠪᠤᠰᠤ ᠡᠭᠦᠷᠭᠡ ᠶᠢ ᠨᠡᠶᠢᠯᠡᠭᠦᠯᠵᠦ᠂ ᠡᠭᠦᠷᠭᠡ ᠬᠦᠢᠴᠡᠳᠭᠡᠬᠦ | ᠰᠠᠯᠠᠭ᠎ᠠ ᠮᠥᠴᠢᠷ ᠠᠴᠠ ᠬᠠᠮᠲᠤ ᠳᠤᠨᠢ ᠬᠡᠷᠡᠭᠵᠢᠭᠦᠯᠵᠦ᠂ ︽ᠨᠢᠭᠡ ᠤᠳᠠᠭ᠎ᠠ ᠤᠷᠤᠵᠤ᠂ ᠣᠯᠠᠨ ᠵᠦᠢᠯ ᠢ | ᠪᠠᠶᠢᠴᠠᠭᠠᠬᠤ︾ ᠬᠡᠷᠡᠭᠲᠡᠢ᠃ | ︵ᠠᠷᠪᠠ ᠶᠢᠰᠦ︶ ᠪᠠᠶᠢᠴᠠᠭᠠᠬᠤ ᠡᠲᠡᠭᠡᠳ ᠢ ᠰᠤᠭᠤᠯᠤᠨ ᠲᠣᠭᠲᠠᠭᠠᠬᠤ ᠶᠢᠨ ᠵᠡᠷᠭᠡᠪᠡᠷ ᠰᠤᠭᠤᠴᠢᠨ | ᠪᠠᠶᠢᠴᠠᠭᠠᠬᠤ ᠡᠭᠦᠷᠭᠡ ᠳᠤ ᠬᠤᠯᠪᠣᠭᠳᠠᠬᠤ ᠡᠯ᠎ᠡ ᠪᠠᠶᠢᠴᠠᠭᠠᠬᠤ ᠰᠠᠯᠠᠭ᠎ᠠ ᠮᠥᠴᠢᠷ ᠤᠳ ᠲᠣᠰ ᠰᠠᠯᠠᠭ᠎ᠠ | ᠮᠦᠴᠢᠷ ᠤᠨ ᠢᠶᠠᠨ ᠬᠠᠤᠯᠢ ᠬᠡᠷᠡᠭᠵᠢᠭᠦᠯᠬᠦ ᠠᠵᠢᠯᠲᠠᠨ ᠤ ᠨᠡᠷᠡᠰ ᠤᠨ ᠬᠥᠮᠥᠷᠭᠡ ᠶᠢ ᠵᠡᠷᠭᠡᠪᠡᠷ ᠰᠢᠨᠡᠳᠬᠡᠵᠦ᠂ | ᠪᠠᠶᠢᠴᠠᠭᠠᠯᠲᠠ ᠳᠤ ᠣᠷᠣᠯᠴᠠᠬᠤ ᠠᠷᠭ᠎ᠠ ᠦᠭᠡᠢ ᠠᠵᠢᠯᠲᠠᠨ ᠢ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ | ᠳᠠᠮᠵᠢᠭᠤᠯᠤᠨ ︽ᠡᠯᠭᠦᠵᠦ ᠲᠠᠯᠪᠢᠨ︾᠂ ᠰᠠᠯᠠᠭ᠎ᠠ ᠮᠥᠴᠢᠷ ᠤᠳ ᠤᠨ ᠬᠠᠮᠲᠤᠷᠠᠨ ᠰᠤᠭᠤᠴᠢᠨ ᠪᠠᠶᠢᠴᠠᠭᠠᠬᠤ | ᠡᠭᠦᠷᠭᠡ ᠳᠤ ᠪᠦᠷᠢᠯᠳᠦᠭᠰᠡᠨ ᠬᠥᠮᠦᠰ ᠤᠨ ᠵᠤᠬᠢᠴᠠᠯ ᠨᠢ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠵᠤ᠂ | ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠲᠥᠬᠦᠮ ᠪᠣᠯᠭᠠᠨ᠎ᠠ᠃ | ︵ᠬᠤᠷᠢ︶ ᠡᠯ᠎ᠡ ᠣᠷᠣᠯᠴᠠᠬᠤ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠤ ᠨᠡᠷᠡᠰ ᠤᠨ | ᠬᠥᠮᠥᠷᠭᠡ ᠶᠢ ᠰᠢᠨᠡᠳᠬᠡᠵᠦ ᠲᠣᠬᠢᠷᠠᠭᠤᠯᠤᠭᠰᠠᠨ ᠤ ᠳᠠᠷᠠᠭ᠎ᠠ᠂ ᠬᠠᠮᠲᠤᠷᠠᠨ ᠰᠤᠭᠤᠴᠢᠨ ᠪᠠᠶᠢᠴᠠᠭᠠᠬᠤ ᠶᠢ | ᠰᠠᠨᠠᠭᠠᠴᠢᠯᠠᠭᠰᠠᠨ ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠪᠠᠶᠢᠴᠠᠭᠠᠬᠤ | ᠠᠵᠢᠯᠲᠠᠨ ᠢ ᠨᠢᠭᠡᠳᠦᠯᠲᠡᠶ ᠰᠤᠭᠤᠯᠤᠨ ᠠᠪᠴᠤ᠂ ᠬᠠᠮᠲᠤᠷᠠᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ᠎ᠠ | ᠃ ᠬᠠᠮᠲᠤᠷᠠᠨ ᠪᠠᠶᠢᠴᠠᠭᠠᠬᠤ ᠳᠤᠭᠤᠶᠢᠯᠠᠩ ᠤᠨ ᠬᠠᠤᠯᠢ ᠬᠡᠷᠡᠭᠵᠢᠭᠦᠯᠬᠦ ᠠᠵᠢᠯᠲᠠᠨ 2 ᠠᠴᠠ ᠴᠥᠭᠡᠨ ᠪᠠᠶᠢᠵᠤ ᠪᠣᠯᠬᠤ | ᠦᠭᠡᠢ ᠪᠦᠭᠡᠳ ᠡᠯ᠎ᠡ ᠣᠷᠤᠯᠴᠠᠬᠤ ᠰᠠᠯᠠᠭ᠎ᠠ ᠮᠥᠴᠢᠷ ᠤᠨ ᠬᠥᠮᠦᠨ1 ᠠᠴᠠ ᠴᠦᠭᠡᠨ ᠪᠠᠶᠢᠵᠤ ᠪᠣᠯᠬᠤ ᠦᠭᠡᠢ᠂ | ᠰᠠᠨᠠᠭᠠᠴᠢᠯᠠᠭᠰᠠᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠢᠶᠠᠷ ᠳᠤᠭᠤᠶᠢᠯᠠᠩ ᠤᠨ ᠳᠠᠷᠤᠭ᠎ᠠ | ᠪᠣᠯᠭᠠᠨ᠎ᠠ᠃ ᠵᠠᠷᠢᠮ ᠪᠠᠶᠢᠴᠠᠭᠠᠬᠤ ᠵᠦᠢᠯᠡᠰ ᠲᠤ ᠤᠨᠴᠠ ᠲᠤᠭᠲᠠᠭᠰᠠᠨ ᠲᠤᠰᠬᠠᠶ ᠮᠡᠷᠭᠡᠵᠢᠯᠲᠡᠨ ᠣᠷᠣᠯᠴᠠᠬᠤ | ᠴᠢᠬᠤᠯᠠ ᠲᠠᠢ ᠪᠣᠯ᠂ ᠲᠤᠰᠬᠠᠶ ᠮᠡᠷᠭᠡᠵᠢᠯᠲᠡᠨ ᠤ ᠲᠤᠬᠢᠷᠠᠮᠵᠢᠳᠠᠢ ᠬᠦᠮᠦᠨ ᠢ ᠬᠠᠤᠯᠢ ᠲᠣᠭᠲᠠᠭᠠᠯ ᠢ ᠴᠢᠩᠭ᠎ᠠ | ᠵᠢᠷᠤᠮᠯᠠᠨ ᠲᠤᠭᠲᠠᠭᠠᠨ᠎ᠠ᠃ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠬᠢᠵᠠᠭᠠᠷ ᠲᠠᠢ ᠪᠠᠶᠢᠵᠤ᠂ ᠲᠤᠰ ᠣᠷᠣᠨ | ᠪᠦᠰᠡ ᠶᠢᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠦᠨᠳᠦᠰᠦᠨ ᠨᠥᠬᠦᠴᠡᠯ ᠢ ᠬᠠᠩᠭᠠᠵᠤ ᠳᠡᠶᠢᠯᠬᠦ ᠦᠭᠡᠢ | ᠪᠠᠶᠢᠪᠠᠯ᠂ ᠰᠢᠭᠤᠳ ᠲᠣᠮᠢᠯᠠᠬᠤ ᠠᠷᠭ᠎ᠠ ᠮᠠᠶ᠋ᠢᠭ ᠢ ᠠᠪᠬᠤ ᠪᠤᠶᠤ ᠬᠥᠷᠰᠢ ᠵᠡᠷᠭᠡᠯᠡᠳᠡᠭᠡ ᠣᠷᠣᠨ ᠤ ᠬᠠᠤᠯᠢ | ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠲᠠᠢ ᠬᠠᠮᠲᠤᠷᠠᠨ ᠲᠠᠰᠢᠷᠠᠮ ᠢᠶᠠᠷ ᠲᠣᠬᠢᠷᠠᠭᠤᠯᠵᠤ ᠪᠣᠯᠤᠨ᠎ᠠ᠃ | ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠰᠠᠯᠠᠭ᠎ᠠ ᠮᠥᠴᠢᠷ ᠤᠳ ᠬᠠᠮᠲᠤᠷᠠᠨ ᠬᠢᠨᠠᠨ | ᠬᠠᠮᠢᠶᠠᠷᠬᠤ ᠠᠵᠢᠯ ᠳᠤ ᠣᠷᠣᠯᠴᠠᠭᠰᠠᠨ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠬᠠᠤᠯᠢ ᠬᠡᠷᠡᠭᠵᠢᠭᠦᠯᠬᠦ | ᠬᠦᠷᠢᠶ᠎ᠡ ᠬᠡᠪᠴᠢᠶ᠎ᠡ ᠶᠢ ᠰᠤᠭᠤᠴᠢᠨ ᠪᠠᠶᠢᠴᠠᠭᠠᠬᠤ ᠡᠭᠦᠷᠭᠡ ᠶᠢ ᠦᠨᠳᠦᠰᠦᠯᠡᠨ ᠲᠣᠭᠲᠠᠭᠠᠵᠤ᠂ ᠬᠠᠤᠯᠢ ᠬᠡᠷᠡᠭᠵᠢᠭᠦᠯᠬᠦ | ᠦᠨᠡᠮᠯᠡᠯ ᠳᠡᠭᠡᠷ᠎ᠡ ᠲᠡᠮᠳᠡᠭᠯᠡᠨ ᠲᠣᠳᠣᠷᠬᠠᠶᠢᠯᠠᠭᠰᠠᠨ ᠣᠷᠣᠨ ᠪᠦᠰᠡ ᠶᠢᠨ ᠬᠦᠷᠢᠶ᠎ᠡ ᠬᠡᠪᠴᠢᠶᠡᠨ ᠳᠤ ᠬᠢᠵᠠᠭᠠᠷᠯᠠᠭᠳᠠᠬᠤ | ᠥᠬᠡᠶ᠂ ᠭᠡᠪᠡᠴᠦ ᠤᠷᠢᠳᠠᠪᠠᠷ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ | ᠬᠠᠮᠢᠶᠠᠷᠤᠯᠲᠠ ᠶᠢᠨ ᠠᠵᠢᠯ ᠤᠨ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠬᠦᠯᠢᠶᠡᠬᠦ | ᠬᠡᠷᠡᠭᠲᠡᠶ᠃ | ︵ᠬᠤᠷᠢᠨ ᠨᠢᠭᠡ︶ ᠰᠤᠭᠤᠯᠵᠤ ᠠᠪᠤᠭᠰᠠᠨ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠢ ᠵᠠᠷᠴᠢᠮ | ᠳᠡᠭᠡᠷ᠎ᠡ ᠪᠠᠨ ᠰᠣᠯᠢᠵᠤ ᠪᠣᠯᠬᠤ ᠦᠭᠡᠢ᠂ ᠭᠡᠪᠡᠴᠦ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠠᠵᠢᠯ ᠤᠨ | ᠮᠥᠷᠭᠦᠯᠳᠦᠭᠡᠨ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠵᠡᠷᠭᠡ ᠣᠨᠴᠠᠭᠠᠢ ᠪᠠᠶᠢᠳᠠᠯ ᠠᠴᠠ ᠪᠣᠯᠵᠤ | ᠪᠠᠶᠢᠴᠠᠭᠠᠬᠤ ᠡᠭᠦᠷᠭᠡ ᠪᠠᠨ ᠦᠷᠭᠦᠯᠵᠢᠯᠡᠨ ᠬᠦᠢᠴᠡᠳᠭᠡᠬᠦ ᠶᠢᠨ ᠠᠷᠭ᠎ᠠ ᠦᠭᠡᠢ ᠪᠣᠯ ᠲᠣᠬᠢᠷᠠᠭᠤᠯᠤᠯᠲᠠ ᠬᠢᠵᠦ | ᠰᠣᠯᠢᠬᠤ ᠶᠢ ᠵᠥᠪᠰᠢᠶᠡᠷᠡᠨ᠎ᠡ᠃ ᠲᠣᠬᠢᠷᠠᠭᠤᠯᠤᠯᠲᠠ ᠬᠢᠵᠦ ᠰᠣᠯᠢᠬᠤ ᠬᠥᠮᠦᠰ ᠢ ᠡᠭᠦᠷᠭᠡ ᠬᠦᠢᠴᠡᠳᠭᠡᠬᠦ ᠰᠠᠯᠠᠭ᠎ᠠ | ᠮᠥᠴᠢᠷ ᠤᠨ ᠤᠳᠤᠷᠢᠳᠤᠯᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠤᠯᠢ ᠬᠡᠷᠡᠭᠵᠢᠭᠦᠯᠬᠦ ᠬᠢᠷᠢ | ᠬᠡᠮ ᠲᠠᠢ ᠪᠤᠰᠤᠳ ᠬᠥᠮᠦᠰ ᠤᠨ ᠳᠤᠲᠤᠷ᠎ᠠ ᠠᠴᠠ ᠠᠰᠲᠠᠭᠠᠨ ᠢ ᠲᠣᠮᠢᠯᠠᠬᠤ ᠬᠡᠷᠡᠭᠲᠡᠶ᠃ | ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠨᠢ ᠪᠠᠶᠢᠴᠠᠭᠠᠬᠤ ᠡᠲᠡᠭᠡᠳ ᠯᠦᠭᠡ ᠠᠰᠢᠭ ᠬᠤᠣᠷ ᠤᠨ | ᠬᠠᠷᠢᠴᠠᠭ᠎ᠠ ᠲᠠᠢ ᠪᠠᠶᠢᠪᠠᠯ᠂ ᠵᠠᠶᠢᠯᠠᠰᠬᠢᠬᠦ ᠪᠠᠷ ᠭᠤᠶᠤᠴᠢᠯᠠᠬᠤ ᠬᠡᠷᠡᠭᠲᠡᠶ᠃ ᠵᠠᠶᠢᠯᠠᠰᠬᠢᠬᠦ ᠳᠤ ᠪᠤᠰᠤᠳ ᠬᠠᠤᠯᠢ | ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠲᠠᠢ ᠪᠠᠶᠢᠴᠠᠭᠠᠬᠤ ᠡᠲᠡᠭᠡᠳ ᠢᠶᠠᠨ ᠰᠣᠯᠢᠯᠴᠠᠬᠤ ᠠᠷᠭ᠎ᠠ ᠮᠠᠶ᠋ᠢᠭ ᠢ ᠠᠪᠴᠤ | ᠪᠣᠯᠤᠨ᠎ᠠ᠂ ᠪᠠᠰᠠ ᠲᠤᠰ ᠤᠳᠠᠭᠠᠨ ᠤ ᠪᠠᠶᠢᠴᠠᠭᠠᠬᠤ ᠡᠭᠦᠷᠭᠡ ᠳᠤ ᠣᠷᠣᠯᠴᠠᠬᠤ ᠦᠭᠡᠶ ᠪᠠᠶᠢᠬᠤ ᠠᠷᠭ᠎ᠠ ᠮᠠᠶ᠋ᠢᠭ ᠢ | ᠠᠪᠴᠤ ᠪᠣᠯᠤᠨ᠎ᠠ᠃ ᠲᠣᠰ ᠤᠳᠠᠭᠠᠨ ᠤ ᠪᠠᠶᠢᠴᠠᠭᠠᠬᠤ ᠡᠭᠦᠷᠭᠡ ᠳᠤ ᠣᠷᠣᠯᠴᠠᠬᠤ ᠦᠭᠡᠢ ᠪᠠᠷ ᠲᠣᠭᠲᠠᠭᠰᠠᠨ ᠪᠣᠯ᠂ | ᠬᠠᠤᠯᠢ ᠬᠡᠷᠡᠭᠵᠢᠬᠦᠯᠬᠦ ᠬᠢᠷᠢ ᠬᠡᠮ ᠲᠠᠢ ᠪᠤᠰᠤᠳ ᠬᠥᠮᠦᠰ ᠤᠨ ᠳᠣᠲᠣᠷ᠎ᠠ ᠠᠴᠠ ᠠᠰᠲᠠᠭᠠᠨ ᠢ ᠲᠣᠮᠢᠯᠠᠬᠤ ᠬᠡᠷᠡᠭᠲᠡᠶ᠃ | | ︵ᠬᠤᠷᠢᠨ ᠬᠤᠶᠠᠷ︶ ᠪᠠᠶᠢᠴᠠᠭᠠᠬᠤ ᠡᠲᠡᠭᠡᠳ ᠪᠠ ᠪᠠᠶᠢᠴᠠᠭᠠᠬᠤ ᠠᠵᠢᠯᠲᠠᠨ ᠢ ᠰᠤᠭᠤᠯᠵᠤ ᠭᠠᠷᠭᠠᠭᠰᠠᠨ ᠤ | ᠳᠠᠷᠠᠭ᠎ᠠ᠂ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠰᠠᠯᠠᠭ᠎ᠠ ᠮᠥᠴᠢᠷ ᠬᠠᠮᠵᠢᠯᠴᠠᠨ ᠬᠢᠨᠠᠨ | ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠪᠠᠶᠢᠴᠠᠭᠠᠬᠤ ᠡᠲᠡᠭᠡᠳ ᠪᠠ ᠪᠠᠶᠢᠴᠠᠭᠠᠬᠤ ᠠᠵᠢᠯᠲᠠᠨ ᠢ ᠬᠠᠷᠠᠭᠠᠯᠵᠠᠭᠤᠯᠵᠤ | ᠂ ᠰᠠᠯᠠᠭ᠎ᠠ ᠮᠥᠴᠢᠷ ᠤᠳ ᠤᠨ ᠬᠠᠮᠲᠤᠷᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠡᠭᠦᠷᠭᠡ ᠶᠢ ᠨᠢᠭᠡᠳᠦᠯᠲᠡᠶ ᠪᠣᠶ | ᠪᠣᠯᠭᠠᠬᠤ ᠬᠡᠷᠡᠭᠲᠡᠶ᠃ ᠪᠠᠶᠢᠴᠠᠭᠠᠯᠲᠠ ᠳᠤ ᠤᠷᠤᠯᠴᠠᠬᠤ ᠡᠯ᠎ᠡ ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ | ᠲᠠᠪᠴᠠᠩ ᠢᠶᠠᠷ ᠲᠠᠮᠵᠢᠭᠤᠯᠤᠨ ᠪᠠᠶᠢᠴᠠᠭᠠᠬᠤ ᠡᠭᠦᠷᠭᠡ ᠶᠢᠨ ᠬᠦᠰᠦᠨᠦᠭᠲᠦ ᠶᠢ ᠥᠪᠡᠷᠲᠡᠭᠡᠨ ᠪᠠᠭᠤᠯᠭᠠᠵᠤ | ᠳᠠᠷᠤᠮᠠᠯᠯᠠᠵᠤ ᠠᠪᠬᠤ ᠶᠢᠨ ᠬᠠᠮᠳᠤ ᠪᠠᠶᠢᠴᠠᠭᠠᠬᠤ ᠡᠭᠦᠷᠭᠡ ᠶᠢ ᠬᠠᠷᠠᠭᠠᠯᠵᠠᠭᠰᠠᠨ ᠪᠠᠶᠢᠴᠠᠭᠠᠬᠤ ᠠᠵᠢᠯᠲᠠᠨ ᠳᠤ | ᠲᠦᠭᠡᠭᠡᠵᠦ ᠦᠭᠭᠦᠨ᠎ᠡ᠃ | ︵ᠬᠤᠷᠢᠨ ᠭᠤᠷᠪᠠ︶ ᠳᠡᠭᠡᠳᠦ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠰᠠᠯᠠᠭ᠎ᠠ ᠮᠦᠴᠢᠷ ᠤᠳ | ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠳᠠᠭᠠᠨ ᠲᠣᠰ ᠱᠠᠲᠤᠨ ᠤ ᠬᠡᠪᠴᠢᠶᠡᠨ ᠳᠣᠲᠣᠷ᠎ᠠ | ᠥᠪᠡᠰᠦᠪᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠤᠨ᠎ᠠ᠂ ᠪᠠᠰᠠ ᠰᠤᠭᠤᠯᠵᠤ ᠭᠠᠷᠭᠠᠭᠰᠠᠨ ᠪᠠᠶᠢᠴᠠᠭᠠᠬᠤ | ᠡᠲᠡᠭᠡᠳ ᠢ ᠳᠣᠣᠷᠠᠳᠤ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠠᠭᠤᠯᠭᠠᠵᠤ | ᠪᠠᠶᠢᠴᠠᠭᠠᠯᠭᠠᠭᠰᠠᠨ ᠴᠦ ᠪᠣᠯᠤᠨ᠎ᠠ᠃ ᠳᠣᠣᠷᠠᠳᠤ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠲᠡᠭᠡᠳᠦ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠭᠤᠯᠭᠠᠭᠰᠠᠨ ᠬᠠᠮᠲᠤᠷᠠᠨ ᠰᠤᠭᠤᠴᠢᠨ | ᠪᠠᠶᠢᠴᠠᠭᠠᠬᠤ ᠡᠭᠦᠷᠭᠡ ᠶᠢ ᠬᠦᠯᠢᠶᠡᠨ ᠠᠪᠤᠭᠰᠠᠨ ᠤ ᠳᠠᠷᠠᠭ᠎ᠠ᠂ ᠳᠣᠣᠷᠠᠳᠤ ᠱᠠᠲᠤᠨ ᠤ ᠬᠢᠨᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠮᠲᠤᠷᠠᠨ ᠪᠠᠶᠢᠴᠠᠭᠠᠬᠤ ᠨᠡᠷᠡᠰ ᠢ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ | ᠠᠳᠠᠯᠢ ᠱᠠᠲᠤᠨ ᠤ ᠬᠡᠷᠡᠭᠵᠢᠬᠦᠯᠦᠯᠲᠡ ᠳᠤ ᠤᠷᠤᠯᠴᠠᠬᠤ ᠰᠠᠯᠠᠭ᠎ᠠ ᠮᠥᠴᠢᠷ ᠲᠠᠢ ᠬᠤᠪᠢᠶᠠᠯᠴᠠᠵᠤ᠂ ᠪᠠᠶᠢᠴᠠᠭᠠᠬᠤ | ᠠᠵᠢᠯᠲᠠᠨ ᠢ ᠨᠢᠭᠡᠳᠦᠯᠲᠡᠶ ᠵᠣᠬᠢᠴᠠᠭᠤᠯᠵᠤ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠂ ᠰᠤᠭᠤᠴᠢᠨ | ᠪᠠᠶᠢᠴᠠᠭᠠᠬᠤ ᠡᠭᠦᠷᠭᠡ ᠶᠢ ᠪᠦᠷᠢᠯᠳᠦᠬᠦᠯᠵᠦ᠂ ᠰᠤᠭᠤᠴᠢᠨ ᠪᠠᠶᠢᠴᠠᠭᠠᠬᠤ ᠪᠠᠶᠢᠴᠠᠭᠠᠯᠲᠠ ᠶᠢ ᠬᠡᠷᠡᠭᠵᠢᠬᠦᠯᠦᠨ᠎ᠡ᠃ | ᠵᠢᠷᠭᠤᠭ᠎ᠠ᠂ ᠪᠠᠶᠢᠴᠠᠭᠠᠬᠤ ᠪᠡᠯᠡᠳᠬᠡᠯ | ︵ᠬᠤᠷᠢᠨ ᠳᠥᠷᠪᠡ︶ ᠰᠠᠯᠠᠭ᠎ᠠ ᠮᠥᠴᠢᠷ ᠤᠳ ᠬᠠᠮᠲᠤᠷᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ | ᠡᠭᠦᠷᠭᠡ ᠪᠦᠷᠢᠯᠳᠦᠭᠰᠡᠨ ᠤ ᠳᠠᠷᠠᠭ᠎ᠠ᠂ ᠡᠯ᠎ᠡ ᠣᠷᠣᠯᠴᠠᠬᠤ ᠰᠠᠯᠠᠭ᠎ᠠ ᠮᠥᠴᠢᠷ ᠨᠢ ᠲᠤᠰ ᠲᠤᠰ ᠨᠢᠭᠡ ᠠᠵᠢᠯᠲᠠᠨ | ᠲᠣᠭᠲᠠᠭᠠᠨ ᠰᠠᠨᠠᠭᠠᠴᠢᠯᠠᠭᠰᠠᠨ ᠰᠠᠯᠠᠭ᠎ᠠ ᠮᠦᠴᠢᠷ ᠯᠦᠭᠡ ᠬᠠᠷᠢᠯᠴᠠᠬᠤ ᠶᠢ ᠬᠠᠷᠢᠭᠤᠴᠠᠭᠤᠯᠵᠤ᠂ ᠰᠠᠨᠠᠭᠠᠴᠢᠯᠠᠭᠰᠠᠨ | ᠰᠠᠯᠠᠭ᠎ᠠ ᠮᠥᠴᠢᠷ ᠲᠠᠢ ᠪᠣᠳᠠᠲᠠᠶ ᠵᠣᠯᠭᠠᠭᠤᠯᠵᠤ᠂ ᠰᠠᠨᠠᠭᠠᠴᠢᠯᠠᠭᠰᠠᠨ ᠰᠠᠯᠠᠭ᠎ᠠ ᠮᠥᠴᠢᠷ ᠤᠨ ᠲᠣᠭᠲᠠᠭᠠᠭᠰᠠᠨ | ᠪᠠᠶᠢᠴᠠᠭᠠᠬᠤ ᠴᠠᠭ ᠪᠣᠯᠤᠨ ᠳᠡᠰ ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ | ᠠᠵᠢᠯᠲᠠᠨ ᠢ ᠵᠣᠬᠢᠶᠠᠨ ᠪᠠᠶᠢᠭᠤᠯᠤᠨ ᠪᠠᠶᠢᠴᠠᠭᠠᠯᠲᠠ ᠳᠤ ᠣᠷᠣᠯᠴᠠᠭᠤᠯᠬᠤ ᠬᠡᠷᠡᠭᠲᠡᠶ᠃ | ︵ᠬᠤᠷᠢᠨ ᠲᠠᠪᠤ︶ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠭᠰᠠᠨ ᠰᠠᠯᠠᠭ᠎ᠠ ᠮᠥᠴᠢᠷ | ᠪᠠᠶᠢᠴᠠᠭᠠᠬᠤ ᠡᠭᠦᠷᠭᠡ ᠶᠢ ᠬᠦᠢᠴᠡᠳᠭᠡᠬᠦ ᠠᠴᠠ ᠡᠮᠦᠨ᠎ᠡ ᠪᠦᠬᠦ ᠬᠠᠮᠲᠤᠷᠠᠨ ᠰᠤᠭᠤᠴᠢᠨ ᠪᠠᠶᠢᠴᠠᠭᠠᠬᠤ | ᠳᠤᠭᠤᠶᠢᠯᠠᠩ ᠤᠨ ᠬᠥᠮᠦᠰ ᠣᠷᠣᠯᠴᠠᠭᠰᠠᠨ ᠲᠦᠪᠯᠡᠷᠡᠭᠦᠯᠦᠭᠰᠡᠨ ᠪᠣᠯᠪᠠᠰᠤᠷᠠᠭᠤᠯᠤᠯ ᠢ ᠡᠷᠬᠢᠯᠡᠵᠦ᠂ ᠪᠠᠶᠢᠴᠠᠭᠠᠬᠤ | ᠵᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ᠂ ᠪᠠᠶᠢᠴᠠᠭᠠᠯᠲᠠ ᠶᠢᠨ ᠳᠡᠰ ᠳᠠᠷᠠᠭᠠᠯᠠᠯ | ᠠᠷᠭ᠎ᠠ ᠪᠠᠷᠢᠯ᠂ ᠭᠡᠷᠡᠴᠢ ᠠᠪᠬᠤ ᠭᠤᠤᠯᠳᠠᠯᠭ᠎ᠠ ᠶᠢ ᠦᠯᠡᠳᠡᠭᠡᠨ ᠬᠠᠳᠠᠭᠠᠯᠠᠬᠤ ᠵᠡᠷᠭᠡ ᠠᠭᠤᠯᠭ᠎ᠠ ᠶᠢ ᠲᠥᠷᠥᠯ | ᠬᠤᠪᠢᠶᠠᠨ ᠲᠠᠶᠢᠯᠪᠤᠷᠢᠯᠠᠵᠤ᠂ ᠬᠤᠯᠪᠤᠭᠳᠠᠯ ᠪᠥᠬᠦᠶ ᠬᠥᠮᠦᠰ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ | ᠳᠡᠭᠡᠭᠰᠢᠯᠡᠭᠦᠯᠵᠦ᠂ ᠪᠠᠶᠢᠴᠠᠭᠠᠬᠤ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠥᠨᠳᠥᠷ ᠪᠦᠲᠦᠮᠵᠢᠲᠡᠶ ᠪᠠᠷ | ᠬᠦᠢᠴᠡᠳᠭᠡᠬᠦ ᠶᠢ ᠦᠨᠡᠨᠬᠦ ᠪᠠᠳᠤᠯᠠᠬᠤ ᠬᠡᠷᠡᠭᠳᠡᠢ᠃ | ᠲᠦᠪᠯᠡᠷᠡᠭᠦᠯᠦᠨ ᠪᠣᠯᠪᠠᠰᠤᠷᠠᠭᠤᠯᠬᠤ ᠳᠤ ᠦᠨᠡᠨᠬᠦ ᠬᠦᠴᠢᠷᠳᠡᠢ ᠪᠣᠯ᠂ ᠡᠯ᠎ᠡ ᠣᠷᠣᠯᠴᠠᠭᠰᠠᠨ ᠰᠠᠯᠠᠭ᠎ᠠ | ᠮᠥᠴᠢᠷ ᠨᠢ ᠪᠠᠰᠠ ᠲᠣᠰ ᠰᠠᠯᠠᠭ᠎ᠠ ᠮᠥᠴᠢᠷ ᠤᠨ ᠢᠶᠠᠨ ᠪᠣᠯᠪᠠᠰᠤᠷᠠᠭᠤᠯᠤᠯ ᠢ ᠥᠪᠡᠰᠦᠪᠡᠨ ᠵᠣᠬᠢᠶᠠᠨ ᠪᠠᠶᠢᠭᠤᠯᠵᠤ | ᠪᠣᠯᠤᠨ᠎ᠠ᠃ | ᠳᠣᠯᠤᠭ᠎ᠠ᠂ ᠪᠠᠶᠢᠴᠠᠭᠠᠯᠳᠠ ᠶᠢ ᠬᠡᠷᠡᠭᠵᠢᠭᠦᠯᠬᠦ | ︵ᠬᠤᠷᠢᠨ ᠵᠢᠷᠭᠤᠭ᠎ᠠ︶ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠳᠠ | ᠳᠤ ᠬᠠᠤᠯᠢ ᠶᠣᠰᠣᠭᠠᠷ ᠪᠢᠴᠢᠭ ᠢᠶᠠᠷ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ | ᠰᠦᠯᠵᠢᠶ᠎ᠡ ᠪᠠᠷ ᠬᠢᠨᠠᠨ ᠰᠢᠯᠭᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠴᠠᠭᠠᠯᠲᠠ ᠥᠷᠨᠢᠭᠦᠯᠵᠦ ᠪᠣᠯᠤᠨ᠎ᠠ᠃ | ᠲᠤᠰᠬᠠᠶ ᠮᠡᠷᠭᠡᠵᠢᠯ ᠤᠨ ᠬᠦᠷᠢᠶᠡᠨ ᠳᠤ ᠬᠤᠯᠪᠣᠭᠳᠠᠭᠰᠠᠨ ᠳᠤ ᠬᠢᠷᠢ ᠬᠡᠮ ᠲᠠᠢ ᠲᠤᠰᠬᠠᠶ ᠮᠡᠷᠭᠡᠵᠢᠯ ᠤᠨ | ᠪᠠᠶᠢᠭᠤᠯᠤᠮᠵᠢ ᠳᠤ ᠨᠠᠶᠢᠳᠠᠵᠤ ᠰᠢᠯᠭᠠᠨ ᠪᠠᠶᠢᠴᠠᠭᠠᠬᠤ᠂ ᠡᠳ᠋ ᠤᠨ ᠶᠠᠪᠤᠳᠠᠯ ᠤᠨ ᠬᠢᠨᠠᠨ ᠪᠣᠳᠣᠬᠤ᠂ ᠪᠠᠶᠢᠴᠠᠭᠠᠯᠲᠠ | ᠬᠢᠵᠦ ᠯᠠᠪᠯᠠᠯᠭ᠎ᠠ ᠥᠭᠬᠦ ᠵᠡᠷᠭᠡ ᠠᠵᠢᠯ ᠢ ᠥᠷᠨᠢᠭᠦᠯᠬᠦ ᠪᠤᠶᠤ ᠬᠠᠤᠯᠢ ᠶᠤᠰᠤᠭᠠᠷ ᠪᠤᠰᠤᠳ ᠵᠠᠰᠠᠭ ᠤᠨ ᠣᠷᠳᠣᠨ ᠤ | ᠰᠠᠯᠠᠭ᠎ᠠ ᠮᠥᠴᠢᠷ ᠤᠨ ᠪᠠᠶᠢᠴᠠᠭᠠᠯᠲᠠ ᠶᠢᠨ ᠳ᠋ᠦᠩ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠦᠴᠦᠨ ᠲᠠᠢ | ᠪᠣᠯᠤᠭᠰᠠᠨ ᠪᠢᠴᠢᠭ ᠬᠠᠷ᠎ᠠ ᠪᠣᠯᠤᠨ ᠲᠤᠰᠬᠠᠶ ᠪᠠᠶᠢᠭᠤᠯᠤᠮᠵᠢ ᠶᠢᠨ ᠭᠠᠷᠭᠠᠭᠰᠠᠨ ᠲᠤᠰᠬᠠᠶ ᠮᠡᠷᠭᠡᠵᠢᠯ ᠤᠨ | ᠳ᠋ᠦᠩᠨᠡᠯᠲᠡ ᠶᠢ ᠠᠰᠢᠭᠯᠠᠵᠤ ᠪᠣᠯᠤᠨ᠎ᠠ᠃ ᠲᠤᠰᠬᠠᠶ ᠪᠠᠶᠢᠭᠤᠯᠤᠮᠵᠢ ᠳᠤ ᠨᠠᠶᠢᠳᠠᠵᠤ ᠰᠤᠭᠤᠴᠢᠨ ᠪᠠᠶᠢᠴᠠᠭᠠᠯᠲᠠ | ᠬᠢᠯᠭᠡᠭᠰᠡᠨ ᠪᠣᠯ᠂ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ | ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃ | ︵ᠬᠤᠷᠢᠨ ᠳᠣᠯᠤᠭ᠎ᠠ︶ ᠬᠠᠮᠳᠤᠷᠠᠨ ᠪᠠᠶᠢᠴᠠᠭᠠᠬᠤ ᠳᠤᠭᠤᠶᠢᠯᠠᠩ ᠳᠤ ᠳᠤᠭᠤᠶᠢᠯᠠᠩ ᠤᠨ ᠳᠠᠷᠤᠭ᠎ᠠ ᠠᠴᠠ | ᠰᠤᠭᠤᠴᠢᠨ ᠪᠠᠶᠢᠴᠠᠭᠠᠬᠤ ᠡᠭᠦᠷᠭᠡ ᠶᠢ ᠬᠡᠷᠡᠭᠵᠢᠭᠦᠯᠬᠦ ᠬᠤᠭᠤᠴᠠᠭᠠᠨ ᠳᠠᠬᠢ ᠵᠣᠬᠢᠶᠠᠨ ᠪᠠᠶᠢᠭᠤᠯᠬᠤ ᠪᠠ | ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠨ᠎ᠠ᠃ ᠪᠤᠰᠤᠳ ᠳᠤᠭᠤᠶᠢᠯᠠᠩ ᠤᠨ ᠭᠡᠰᠢᠭᠦᠳ ᠳᠤᠭᠤᠶᠢᠯᠠᠩ ᠤᠨ | ᠳᠠᠷᠤᠭ᠎ᠠ ᠶᠢᠨ ᠲᠣᠬᠢᠷᠠᠭᠤᠯᠤᠯᠲᠠ ᠳᠤ ᠬᠠᠮᠵᠢᠯᠴᠠᠨ ᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ | ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠭᠡᠵᠦ᠂ ᠠᠵᠢᠯ ᠬᠤᠪᠢᠶᠠᠨ ᠬᠠᠮᠵᠢᠯᠴᠠᠨ ᠰᠤᠭᠤᠴᠢᠨ ᠪᠠᠶᠢᠴᠠᠭᠠᠬᠤ | ᠡᠭᠦᠷᠭᠡ ᠪᠠᠨ ᠪᠡᠶᠡᠯᠡᠭᠦᠯᠦᠨ᠎ᠡ᠃ | ︵ᠬᠤᠷᠢᠨ ᠨᠠᠢᠮᠠ︶ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠳᠣᠷᠣᠭᠰᠢ ᠪᠠᠭᠤᠯᠭᠠᠭᠰᠠᠨ | ᠪᠠᠶᠢᠴᠠᠭᠠᠬᠤ ᠬᠦᠰᠦᠨᠦᠭᠲᠦ ᠶᠢᠨ ᠶᠣᠰᠣᠭᠠᠷ᠂ ᠪᠠᠶᠢᠴᠠᠭᠠᠬᠤ ᠪᠠᠷᠢᠮᠵᠢᠶ᠎ᠠ ᠲᠠᠢ ᠴᠢᠩᠭ᠎ᠠ ᠬᠠᠷᠭᠤᠭᠤᠯᠤᠨ ᠪᠠᠶᠢᠴᠠᠭᠠᠬᠤ | ᠬᠡᠷᠡᠭᠲᠡᠢ᠃ ᠪᠠᠶᠢᠴᠠᠭᠠᠬᠤ ᠪᠠᠷᠢᠮᠵᠢᠶ᠎ᠠ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠣᠭᠲᠠᠭᠠᠭᠰᠠᠨ ︽ᠲᠠᠰᠢᠷᠠᠮ | ᠢᠶᠠᠷ ᠰᠤᠭᠤᠴᠢᠨ ᠪᠠᠶᠢᠴᠠᠭᠠᠬᠤ ᠠᠵᠢᠯ ᠤᠨ ᠵᠢᠯᠤᠭᠤᠳᠤᠮᠵᠢ︾ ᠪᠠᠷ ᠯᠠᠪᠯᠠᠯᠲᠠ ᠪᠣᠯᠭᠠᠬᠤ ᠬᠡᠷᠡᠭᠲᠡᠶ᠃ ᠳᠡᠭᠡᠳᠦ | ᠱᠠᠲᠤᠨ ᠤ ᠰᠠᠯᠠᠭ᠎ᠠ ᠮᠥᠴᠢᠷ ᠲᠦᠷ ᠴᠠᠭ ︽ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠤᠨ ᠵᠢᠯᠤᠭᠤᠳᠤᠮᠵᠢ︾ | ᠲᠤᠭᠲᠠᠭᠠᠭᠠᠳᠤᠢ ᠪᠣᠯ᠂ ᠪᠠᠶᠢᠴᠠᠭᠠᠯᠳᠠ ᠬᠡᠷᠡᠭᠵᠢᠭᠦᠯᠬᠦ ᠰᠠᠯᠠᠭ᠎ᠠ ᠮᠥᠴᠢᠷ ᠲᠤᠳᠤᠭᠠᠳᠤ ᠶᠢᠨ ᠬᠠᠤᠯᠢ ᠳᠦᠷᠢᠮ ᠤᠨ | ᠪᠠᠶᠢᠭᠤᠯᠤᠮᠵᠢ ᠶᠢ ᠵᠤᠬᠢᠶᠠᠨ ᠪᠠᠶᠢᠭᠤᠯᠵᠤ ᠤᠴᠢᠷ ᠶᠠᠪᠤᠳᠠᠯ ᠨᠢᠭᠡᠪᠦᠷᠢ ᠶᠢᠨ ᠪᠠᠶᠢᠴᠠᠭᠠᠬᠤ ᠠᠭᠤᠯᠭ᠎ᠠ᠂ ᠪᠠᠶᠢᠴᠠᠭᠠᠬᠤ | ᠠᠷᠭ᠎ᠠ ᠮᠠᠶ᠋ᠢᠭ᠂ ᠠᠵᠢᠯᠯᠠᠬᠤ ᠠᠷᠭ᠎ᠠ ᠳᠡᠮ᠂ ᠠᠰᠠᠭᠤᠳᠠᠯ ᠢ ᠣᠯᠵᠤ ᠮᠡᠳᠡᠬᠦ ᠪᠠᠶᠢᠳᠠᠯ᠂ ᠵᠠᠯᠭᠠᠵᠤ ᠰᠢᠢᠳᠪᠦᠷᠢᠯᠡᠬᠦ | ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ | ᠬᠠᠷᠢᠴᠠᠭᠤᠯᠤᠨ ᠬᠦᠢᠴᠡᠳᠭᠡᠬᠦ ᠵᠢᠴᠢ ᠬᠡᠷᠡᠭ ᠤᠨ ᠳᠠᠷᠠᠭ᠎ᠠ ᠮᠥᠷᠳᠡᠨ ᠪᠠᠶᠢᠴᠠᠭᠠᠵᠤ ᠭᠡᠷᠡᠴᠢᠯᠡᠬᠦ ᠳᠤ ᠳᠥᠭᠦᠮ | ᠦᠵᠡᠭᠦᠯᠬᠦ ᠬᠡᠷᠡᠭᠲᠡᠶ᠃ | ︵ᠬᠤᠷᠢ ᠶᠢᠰᠦ︶ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠠᠳᠠᠯᠢ ᠪᠤᠰᠤ ᠪᠠᠶᠢᠴᠠᠭᠠᠬᠤ ᠵᠦᠢᠯᠡᠰ ᠤᠨ | ᠠᠭᠤᠯᠭ᠎ᠠ ᠳᠤ ᠴᠢᠭᠯᠡᠭᠦᠯᠦᠨ᠂ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ | ᠲᠣᠭᠲᠠᠭᠠᠯ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠪᠠᠨ ᠬᠡᠷᠡᠭᠵᠢᠭᠦᠯᠬᠦ ᠶᠢᠨ ᠬᠠᠮᠲᠤ ᠪᠠᠶᠢᠳᠠᠯ ᠢᠶᠠᠨ | ᠦᠵᠡᠵᠦ ᠪᠠᠶᠢᠭᠠᠳ ᠲᠤᠬᠠᠶ ᠶᠢᠨ ᠬᠥᠮᠦᠨ ᠳᠤ ᠵᠣᠬᠢᠬᠤ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃ | ︵ᠭᠤᠴᠢ︶ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠬᠠᠮᠲᠤᠷᠠᠨ ᠰᠤᠭᠤᠴᠢᠨ ᠪᠠᠶᠢᠴᠠᠭᠠᠬᠤ | ᠡᠭᠦᠷᠭᠡ ᠶᠢ ᠭᠦᠢᠴᠡᠳᠬᠡᠬᠦ ᠳᠡᠭᠡᠨ᠂ ᠡᠩ ᠤᠨ ᠪᠠᠶᠢᠳᠠᠯ ᠳᠤ ᠳᠣᠣᠷᠠᠬᠢ ᠳᠡᠰ ᠳᠠᠷᠠᠭᠠᠯᠠᠯ ᠢᠶᠠᠷ ᠶᠠᠪᠤᠭᠳᠠᠭᠤᠯᠤᠨ᠎ᠠ᠄ | 1. ᠤᠷᠢᠳᠴᠢᠯᠠᠨ ᠪᠠᠶᠢᠴᠠᠭᠠᠵᠤ ᠬᠠᠷᠭᠤᠭᠤᠯᠬᠤ᠃ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠴᠠᠭᠠᠬᠤ | ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠬᠤᠯᠪᠤᠭᠳᠠᠯ ᠪᠦᠬᠦᠢ ᠮᠡᠳᠡᠭᠡ ᠵᠠᠩᠭᠢ ᠶᠢᠨ ᠰᠢᠰᠲ᠋ᠧᠮ ᠪᠠ ᠳᠠᠩᠰᠠ | ᠡᠪᠬᠡᠮᠡᠯ ᠤᠨ ᠮᠠᠲ᠋ᠧᠷᠢᠶᠠᠯ ᠵᠡᠷᠭᠡ ᠶᠢ ᠪᠠᠶᠢᠴᠠᠭᠠᠬᠤ ᠪᠠᠷ ᠳᠠᠮᠵᠢᠨ᠂ ᠪᠠᠶᠢᠴᠠᠭᠠᠬᠤ ᠡᠲᠡᠭᠡᠳ ᠤᠨ ᠦᠨᠳᠦᠰᠦᠨ ᠮᠡᠳᠡᠭᠡ | ᠵᠠᠩᠭᠢ ᠪᠠ ᠬᠥᠳᠡᠯᠦᠩᠭᠦᠶ ᠪᠠᠶᠢᠳᠠᠯ ᠢ ᠡᠵᠡᠮᠰᠢᠵᠦ᠂ ᠰᠤᠭᠤᠴᠢᠨ ᠪᠠᠶᠢᠴᠠᠭᠠᠬᠤ ᠡᠭᠦᠷᠭᠡ ᠶᠢᠨ ᠱᠠᠭᠠᠷᠳᠠᠯᠭ᠎ᠠ ᠲᠠᠢ | ᠤᠶᠠᠯᠳᠤᠭᠤᠯᠤᠨ ᠲᠣᠬᠢᠷᠠᠮᠵᠢᠲᠠᠶ ᠪᠠᠶᠢᠴᠠᠭᠠᠬᠤ ᠠᠷᠭ᠎ᠠ ᠪᠠ ᠪᠠᠶᠢᠴᠠᠭᠠᠬᠤ ᠳᠡᠰ ᠳᠠᠷᠠᠭᠠᠯᠠᠯ ᠢ ᠲᠣᠭᠲᠠᠭᠠᠬᠤ ᠬᠡᠷᠡᠭᠲᠡᠶ᠃ | | 2.ᠲᠤᠬᠠᠶ ᠶᠢᠨ ᠲᠠᠯᠠᠪᠤᠷ ᠲᠤ ᠨᠢ ᠪᠠᠶᠢᠴᠠᠭᠠᠯᠲᠠ ᠬᠢᠬᠦ᠃ ᠲᠤᠬᠠᠶ ᠶᠢᠨ ᠭᠠᠵᠠᠷ ᠲᠤᠨᠢ ᠪᠠᠶᠢᠴᠠᠭᠠᠬᠤ ᠳᠤ | ᠪᠠᠶᠢᠴᠠᠭᠠᠬᠤ ᠡᠲᠡᠭᠡᠳ ᠲᠤ ᠪᠠᠶᠢᠳᠠᠯ ᠢᠶᠠᠨ ᠤᠷᠢᠳᠴᠢᠯᠠᠨ ᠵᠠᠳᠠᠷᠠᠭᠤᠯᠵᠤ ᠪᠣᠯᠬᠤ ᠦᠭᠡᠢ᠃ ᠬᠠᠤᠯᠢ ᠴᠠᠭᠠᠵᠠ ᠬᠠᠤᠯᠢ | ᠲᠣᠭᠲᠠᠭᠠᠯ ᠲᠦᠷᠢᠮ ᠲᠣᠭᠲᠠᠭᠠᠯ ᠳᠤ ᠪᠠᠶᠢᠴᠠᠭᠠᠬᠤ ᠡᠲᠡᠭᠡᠳ ᠲᠤ ᠦᠨᠡᠨᠬᠦ ᠤᠷᠢᠳᠴᠢᠯᠠᠨ ᠮᠡᠳᠡᠭᠳᠡᠬᠦ ᠴᠢᠬᠤᠯᠠᠲᠠᠶ | ᠭᠡᠵᠦ ᠲᠣᠳᠣᠷᠬᠠᠶ ᠲᠣᠭᠲᠠᠭᠠᠭᠰᠠᠨ ᠪᠣᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ ᠬᠡᠷᠡᠭᠵᠢᠬᠦᠯᠦᠨ᠎ᠡ᠃ | ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ ᠦᠶ᠎ᠡ ᠳᠤ᠂ ᠪᠠᠶᠢᠴᠠᠭᠠᠬᠤ ᠠᠵᠢᠯᠲᠠᠨ ᠬᠤᠪᠴᠠᠰᠤ ᠬᠤᠨᠠᠷ ᠢᠶᠠᠨ | ᠵᠢᠷᠤᠮᠵᠢᠭᠤᠯᠵᠤ᠂ ᠬᠦᠴᠦᠨ ᠲᠠᠢ ᠦᠨᠡᠮᠯᠡᠯ ᠢᠶᠠᠨ ᠭᠠᠷᠭᠠᠵᠤ ᠦᠵᠡᠭᠦᠯᠦᠨ᠂ ᠪᠠᠶᠢᠴᠠᠭᠠᠬᠤ ᠡᠲᠡᠭᠡᠳ ᠲᠤ | ᠪᠠᠶᠢᠴᠠᠭᠠᠯᠲᠠ ᠳᠤ ᠬᠠᠮᠵᠢᠯᠴᠠᠬᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠮᠡᠳᠡᠭᠳᠡᠵᠦ᠂ ᠬᠤᠯᠪᠤᠭᠳᠠᠯ ᠪᠦᠬᠦᠢ | ᠮᠠᠲ᠋ᠧᠷᠢᠶᠠᠯ ᠢ ᠰᠠᠶᠢᠲᠤᠷ ᠪᠡᠯᠡᠳᠬᠡᠬᠦ ᠶᠢ ᠰᠠᠨᠠᠭᠤᠯᠤᠨ᠎ᠠ᠃ ᠪᠠᠶᠢᠴᠠᠭᠠᠬᠤ ᠳᠤᠮᠳᠠ ᠬᠠᠤᠯᠢ ᠲᠣᠭᠲᠠᠭᠠᠯ ᠠᠴᠠ | ᠵᠥᠷᠢᠴᠡᠭᠰᠡᠨ ᠵᠡᠷᠭᠡ ᠶᠡᠷᠦ ᠪᠤᠰᠤ ᠶᠢᠨ ᠪᠠᠶᠢᠳᠠᠯ ᠢ ᠣᠯᠵᠤ ᠮᠡᠳᠡᠪᠡᠯ᠂ ᠪᠠᠶᠢᠳᠠᠯ ᠢ ᠨᠢ ᠦᠵᠡᠵᠦ ᠲᠤᠬᠠᠶ ᠶᠢᠨ | ᠲᠠᠯᠠᠪᠤᠷ ᠤᠨ ᠲᠡᠮᠳᠡᠭᠯᠡᠯ ᠬᠢᠬᠦ᠂ ᠠᠩᠬ᠎ᠠ ᠠᠯᠬᠤᠮ ᠭᠡᠷᠡᠴᠢ ᠪᠠᠷᠢᠮᠲᠠ ᠭᠠᠷᠭᠠᠨ ᠠᠪᠬᠤ᠂ ᠲᠤᠬᠠᠢ ᠶᠢᠨ ᠬᠥᠮᠦᠨ ᠢ | ᠵᠠᠷᠯᠢᠭᠳᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠬᠤ᠂ ᠲᠤᠬᠠᠢ ᠶᠢᠨ ᠬᠥᠮᠦᠨ ᠢ ᠰᠢᠮᠳᠠᠭᠤᠯᠤᠨ | ᠴᠡᠭᠴᠡᠯᠡᠨ ᠰᠠᠶᠢᠵᠢᠷᠠᠭᠤᠯᠬᠤ ᠵᠡᠷᠭᠡ ᠵᠣᠬᠢᠬᠤ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ | ᠬᠠᠤᠯᠢ ᠠᠴᠠ ᠵᠥᠷᠢᠴᠡᠭᠰᠡᠨ ᠢ ᠨᠢ ᠵᠠᠷᠯᠢᠭᠳᠠᠨ ᠵᠣᠭᠰᠣᠭᠠᠬᠤ ᠪᠠ ᠰᠢᠮᠳᠠᠭᠤᠯᠵᠤ ᠪᠠᠶᠢᠭᠠᠳ ᠴᠡᠭᠴᠡᠯᠡᠨ | ᠰᠠᠶᠢᠵᠢᠷᠠᠭᠤᠯᠬᠤ ᠳᠤ ᠪᠠᠶᠢᠳᠠᠯ ᠢ ᠨᠢ ᠦᠵᠡᠵᠦ ᠪᠢᠴᠢᠭ ᠢᠶᠠᠷ᠂ ᠠᠮᠠ ᠪᠠᠷ᠂ ᠬᠠᠤᠯᠢ ᠬᠡᠷᠡᠭᠵᠢᠭᠦᠯᠬᠦ ᠰᠢᠯᠵᠢᠮᠡᠯ | ᠪᠡᠯᠡᠳᠬᠡᠮᠵᠢ ᠪᠠᠷ ᠳᠠᠷᠤᠮᠠᠯᠯᠠᠬᠤ ᠵᠡᠷᠭᠡ ᠪᠣᠳᠠᠲᠠᠶ ᠠᠷᠭ᠎ᠠ ᠮᠠᠶ᠋ᠢᠭ ᠢ ᠠᠪᠴᠤ ᠪᠣᠯᠤᠨ᠎ᠠ᠃ ᠲᠤᠬᠠᠶ ᠶᠢᠨ ᠲᠠᠯᠠᠪᠤᠷ ᠲᠤ | ᠪᠠᠶᠢᠴᠠᠭᠠᠭᠰᠠᠨ ᠪᠠᠶᠢᠳᠠᠯ ᠳᠤ ᠢᠯᠡᠷᠡᠭᠦᠯᠦᠭᠰᠡᠨ ᠠᠰᠠᠭᠤᠳᠠᠯ᠂ ᠰᠢᠢᠳᠪᠦᠷᠢᠯᠡᠭᠰᠡᠨ ᠠᠷᠭ᠎ᠠ ᠬᠡᠮᠵᠢᠶ᠎ᠡ ᠵᠢᠴᠢ ᠴᠡᠭᠴᠡᠯᠡᠨ | ᠰᠠᠶᠢᠵᠢᠷᠠᠭᠤᠯᠤᠭᠰᠠᠨ ᠪᠠᠶᠢᠳᠠᠯ ᠵᠡᠷᠭᠡ ᠶᠢ ᠪᠠᠭᠲᠠᠭᠠᠵᠤ᠂ ᠬᠠᠷᠠᠭᠠᠯᠵᠠᠬᠤ ᠪᠠᠶᠢᠴᠠᠭᠠᠯᠲᠠ ᠶᠢᠨ ᠬᠦᠰᠦᠨᠦᠭᠲᠦ ᠳᠤ | ᠲᠡᠮᠳᠡᠭᠯᠡᠨ᠎ᠡ᠃ ᠪᠠᠶᠢᠴᠠᠭᠠᠬᠤ ᠵᠦᠢᠯᠡᠰ ᠢ ᠪᠦᠬᠦᠨ ᠢ ᠪᠡᠶᠡᠯᠡᠭᠦᠯᠦᠭᠰᠡᠨ ᠤ ᠳᠠᠷᠠᠭ᠎ᠠ᠂ ᠪᠠᠶᠢᠴᠠᠭᠠᠭᠳᠠᠭᠰᠠᠨ ᠡᠲᠡᠭᠡᠳ ᠢ | ᠬᠠᠷᠠᠭᠠᠯᠵᠠᠬᠤ ᠪᠠᠶᠢᠴᠠᠭᠠᠯᠲᠠ ᠶᠢᠨ ᠬᠦᠰᠦᠨᠦᠭᠲᠦ ᠶᠢᠨ ᠲᠤᠬᠠᠶ ᠶᠢᠨ ᠬᠥᠮᠦᠨ ᠤ ᠪᠤᠯᠤᠩ ᠳᠤ ᠭᠠᠷ ᠤᠨ ᠦᠰᠦᠭ | ᠵᠢᠷᠤᠵᠤ ᠲᠠᠮᠠᠭ᠎ᠠ ᠳᠠᠷᠤᠨ ᠨᠤᠲᠠᠯᠠᠭᠤᠯᠬᠤ ᠪᠠᠷ ᠱᠠᠭᠠᠷᠳᠠᠨ᠎ᠠ᠃ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠡᠯ᠎ᠡ | ᠵᠦᠢᠯᠠᠰ ᠢ ᠪᠠᠶᠢᠴᠠᠭᠠᠭᠰᠠᠨ ᠪᠠᠶᠢᠳᠠᠯ ᠢ ᠬᠤᠷᠢᠶᠠᠩᠭᠤᠶᠢᠯᠠᠵᠤ᠂ ᠬᠢᠨᠠᠨ ᠪᠠᠶᠢᠴᠠᠭᠠᠬᠤ ᠬᠦᠰᠦᠨᠦᠭᠲᠦ ᠳᠠᠬᠢ | ᠬᠤᠯᠪᠣᠭᠳᠠᠬᠤ ᠪᠠᠶᠢᠴᠠᠭᠠᠯᠲᠠ ᠶᠢᠨ ᠦᠷ᠎ᠡ ᠳ᠋ᠦᠩ ᠢ ᠶᠠᠷᠢᠯᠴᠠᠨ ᠨᠤᠲᠠᠯᠠᠬᠤ ᠶᠢᠨ ᠬᠠᠮᠲᠤ ᠪᠠᠶᠢᠴᠠᠭᠠᠭᠰᠠᠨ ᠠᠵᠢᠯᠲᠠᠨ | ᠭᠠᠷ ᠤᠨ ᠦᠰᠦᠭ ᠵᠢᠷᠤᠵᠤ ᠨᠤᠲᠠᠯᠠᠨ᠎ᠠ᠃ | 3.ᠦᠷ᠎ᠡ ᠳ᠋ᠦᠩ ᠢ ᠵᠠᠷᠯᠠᠨ ᠨᠡᠶᠢᠲᠡᠯᠡᠬᠦ᠃ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠪᠠᠶᠢᠴᠠᠭᠠᠯᠲᠠ | ᠲᠠᠭᠤᠰᠤᠭᠰᠠᠨ ᠤ ᠲᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ᠂ ︽ᠬᠡᠨ ᠪᠠᠶᠢᠴᠠᠭᠠᠪᠠᠯ᠂ ᠬᠡᠨ | ᠺᠤᠮᠫᠢᠦ᠋ᠲ᠋ᠧᠷ ᠲᠤ ᠤᠷᠤᠭᠤᠯᠵᠤ᠂ ᠬᠡᠨ ᠢᠯᠡ ᠪᠣᠯᠭᠠᠬᠤ︾ ᠵᠠᠷᠴᠢᠮ ᠶᠣᠰᠣᠭᠠᠷ᠂ ᠪᠠᠶᠢᠴᠠᠭᠠᠭᠰᠠᠨ ᠦᠷ᠎ᠡ | ᠳ᠋ᠦᠩ ᠢᠶᠠᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠲᠡᠮᠳᠡᠭᠯᠡᠵᠦ ᠣᠷᠣᠭᠤᠯᠤᠨ᠎ᠠ᠂ ᠲᠣᠰ | ᠪᠠᠶᠢᠴᠠᠭᠠᠯᠲᠠ ᠶᠢᠨ ᠦᠷ᠎ᠡ ᠳ᠋ᠦᠩ ᠨᠢ ᠪᠠᠶᠢᠴᠠᠭᠠᠭᠰᠠᠨ ᠡᠲᠡᠭᠡᠳ ᠤᠨ ᠨᠡᠷ᠎ᠡ ᠳᠣᠤᠷ᠎ᠠ ᠠᠶᠠᠨᠳᠠᠭᠠᠨ ᠨᠡᠶᠢᠯᠡᠵᠦ᠂ ᠢᠯᠡ | ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠨ᠎ᠡ᠃ | ︵ᠭᠤᠴᠢᠨ ᠨᠢᠭᠡ︶ ᠪᠠᠶᠢᠴᠠᠭᠠᠭᠰᠠᠨ ᠦᠷ᠎ᠡ ᠳ᠋ᠦᠩ ᠪᠣᠯ ᠪᠠᠶᠢᠴᠠᠭᠠᠬᠤ ᠡᠲᠡᠭᠡᠳ ᠤᠨ ᠲᠤᠰ ᠤᠳᠠᠭ᠎ᠠ ᠶᠢᠨ | ᠰᠤᠭᠤᠴᠢᠨ ᠪᠠᠶᠢᠴᠠᠭᠠᠬᠤ ᠦᠶ᠎ᠡ ᠶᠢᠨ ᠪᠣᠳᠠᠳᠤ ᠪᠠᠶᠢᠳᠠᠯ ᠤᠨ ᠪᠤᠰᠤᠳᠴᠢ ᠢᠯᠡᠷᠡᠯ ᠪᠣᠯᠤᠨ᠎ᠠ᠂ ᠵᠠᠷᠯᠠᠨ ᠨᠡᠶᠢᠳᠡᠯᠡᠭᠰᠡᠨ | ᠤ ᠲᠠᠷᠠᠭ᠎ᠠ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠭᠡᠪᠡᠴᠦ ᠬᠡᠷᠡᠭ ᠤᠨ ᠳᠠᠷᠠᠭ᠎ᠠ ᠪᠠᠶᠢᠴᠠᠭᠠᠭᠰᠠᠨ | ᠦᠷ᠎ᠡ ᠳ᠋ᠦᠩ ᠨᠢ ᠦᠨᠡᠬᠡᠷ ᠪᠤᠷᠤᠭᠤ ᠪᠠᠶᠢᠬᠤ ᠶᠢ ᠣᠯᠵᠤ ᠮᠡᠳᠡᠪᠡᠯ᠂ ᠲᠣᠭᠲᠠᠭᠠᠯ ᠶᠣᠰᠣᠭᠠᠷ ᠴᠠᠭ ᠲᠤᠬᠠᠶ ᠳᠤᠨᠢ | ᠵᠠᠯᠠᠷᠠᠭᠤᠯᠬᠤ ᠬᠡᠷᠡᠭᠲᠡᠶ᠃ | ︵ᠭᠤᠴᠢᠨ ᠬᠤᠶᠠᠷ︶ ᠪᠠᠶᠢᠴᠠᠭᠠᠬᠤ ᠡᠲᠡᠭᠡᠳ ᠨᠢ ᠪᠠᠶᠢᠴᠠᠭᠠᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ | ᠪᠠᠶᠢᠪᠠᠯ᠂ ᠪᠠᠶᠢᠴᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ | ᠡᠭᠦᠷᠭᠡ ᠬᠦᠢᠴᠡᠳᠭᠡᠬᠦ ᠰᠠᠯᠠᠭ᠎ᠠ ᠮᠥᠴᠢᠷ ᠲᠤ ᠪᠢᠴᠢᠭ ᠤᠨ ᠭᠤᠶᠤᠴᠢᠯᠠᠯ ᠪᠠ ᠬᠤᠯᠪᠤᠭᠳᠠᠯ ᠪᠥᠬᠦᠶ ᠭᠡᠷᠡᠴᠢ | ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃ ᠡᠭᠦᠷᠭᠡ ᠬᠦᠢᠴᠡᠳᠭᠡᠬᠦ ᠰᠠᠯᠠᠭ᠎ᠠ ᠮᠥᠴᠢᠷ ᠭᠤᠶᠤᠴᠢᠯᠠᠯ ᠤᠨ | ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠳᠠᠬᠢᠨ ᠪᠠᠶᠢᠴᠠᠭᠠᠵᠤ᠂ | ᠲᠠᠬᠢᠨ ᠪᠠᠶᠢᠴᠠᠭᠠᠭᠠᠳ ᠦᠨᠡᠬᠡᠷ ᠪᠤᠷᠤᠭᠤ ᠲᠠᠢ ᠪᠣᠯ ᠵᠠᠯᠠᠷᠠᠭᠤᠯᠵᠤ᠂ ᠪᠤᠷᠤᠭᠤ ᠤᠢᠭᠡᠢ ᠪᠣᠯ ᠣᠣᠯ ᠬᠡᠪ ᠢᠶᠠᠷ ᠨᠢ | ᠪᠠᠶᠢᠯᠭᠠᠨ᠎ᠠ᠃ ᠲᠠᠬᠢᠵᠤ ᠪᠠᠶᠢᠴᠠᠭᠠᠭᠰᠠᠨ ᠪᠠᠶᠢᠳᠠᠯ ᠢ ᠲᠠᠬᠢᠵᠤ ᠪᠠᠶᠢᠴᠠᠭᠠᠭᠰᠠᠨ ᠦᠷ᠎ᠡ ᠳ᠋ᠦᠩ ᠭᠠᠷᠭᠠᠭᠰᠠᠨ | ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠲᠤᠬᠠᠶ ᠶᠢᠨ ᠬᠥᠮᠦᠨ ᠳᠤ ᠬᠠᠷᠢᠭᠤ ᠲᠤᠰᠬᠠᠨ᠎ᠠ᠃ | ᠣᠨᠳᠣᠤ ᠰᠠᠨᠠᠯ ᠤᠨ ᠦᠷ᠎ᠡ ᠳ᠋ᠦᠩ ᠢ ᠵᠥᠪᠰᠢᠶᠡᠷᠡᠬᠦ ᠦᠭᠡᠢ ᠪᠠᠶᠢᠪᠠᠯ᠂ ᠲᠤᠬᠠᠶ ᠶᠢᠨ ᠬᠥᠮᠦᠨ ᠨᠢ ᠬᠠᠤᠯᠢ ᠶᠣᠰᠣᠭᠠᠷ | ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃ | | ︵ᠭᠤᠴᠢᠨ ᠭᠤᠷᠪᠠ︶ ᠪᠠᠶᠢᠴᠠᠭᠠᠬᠤ ᠡᠲᠡᠭᠡᠳ ᠤᠨ ᠳᠠᠩᠰᠠᠯᠠᠭᠤᠯᠤᠭᠰᠠᠨ ᠰᠠᠭᠤᠭ᠎ᠠ ᠭᠠᠵᠠᠷ ︵ | ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠨᠢ ᠬᠠᠷᠢᠯᠴᠠᠬᠤ ᠶᠢᠨ ᠠᠷᠭ᠎ᠠ ᠦᠭᠡᠢ᠂ ᠪᠠᠶᠢᠴᠠᠭᠠᠯᠲᠠ ᠳᠤ | ᠬᠠᠮᠵᠢᠯᠴᠠᠬᠤ ᠦᠭᠡᠢ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠢᠭᠡᠨᠲᠡ ᠬᠦᠴᠦᠨ ᠦᠭᠡᠢ ᠪᠣᠯᠭᠠᠭᠰᠠᠨ᠂ | ᠪᠠᠶᠢᠭᠤᠯᠤᠭᠰᠠᠨ ᠲᠠᠩᠰᠠᠯᠠᠯ ᠢ ᠨᠢ ᠬᠦᠴᠦᠨ ᠦᠭᠡᠢ ᠪᠣᠯᠭᠠᠭᠰᠠᠨ᠂ ᠡᠵᠡᠩᠨᠡᠯᠲᠡ ᠶᠢᠨ ᠦᠨᠡᠮᠯᠡᠯ ᠵᠢᠴᠢ ᠬᠤᠯᠪᠤᠭᠳᠠᠯ | ᠪᠦᠬᠦᠢ ᠵᠦᠪᠰᠢᠶᠡᠷᠡᠯ ᠤᠨ ᠦᠨᠡᠮᠯᠡᠯ ᠢᠶᠠᠨ ᠬᠤᠷᠢᠶᠠᠯᠭᠠᠭᠰᠠᠨ᠂ ᠨᠢᠭᠡᠨᠲᠡ ᠡᠭᠦᠳᠡ ᠪᠠᠨ ᠬᠠᠭᠠᠵᠤ ᠠᠵᠢᠯ ᠢᠶᠠᠨ | ᠵᠣᠭᠰᠣᠭᠠᠭᠰᠠᠨ ᠪᠤᠶᠤ ᠶᠠᠭ ᠵᠣᠬᠢᠶᠠᠨ ᠪᠠᠶᠢᠭᠤᠯᠤᠨ ᠢᠯᠭᠠᠷᠠᠭᠤᠯᠤᠨ ᠪᠣᠳᠣᠵᠤ ᠪᠠᠶᠢᠭ᠎ᠠ᠂ ᠦᠢᠯᠡᠳᠬᠦᠨ ᠨᠢ ᠦᠯᠢᠭᠡᠷ | ᠠᠪᠬᠤ ᠨᠥᠬᠦᠴᠡᠯ ᠢ ᠬᠠᠩᠭᠠᠬᠤ ᠦᠭᠡᠢ ᠦᠯᠢᠭᠡᠷ ᠠᠪᠬᠤ ᠶᠢᠨ ᠠᠷᠭ᠎ᠠ ᠦᠭᠡᠢ᠂ ᠰᠤᠭᠤᠴᠢᠨ ᠪᠠᠶᠢᠴᠠᠭᠠᠬᠤ | ᠪᠡᠯᠡᠳᠭᠡᠮᠵᠢ ᠲᠥᠬᠦᠭᠡᠷᠦᠮᠵᠢ ᠨᠢ ᠤᠷᠤᠰᠢᠬᠤ ᠦᠭᠡᠢ ᠵᠡᠷᠭᠡ ᠪᠠᠶᠢᠳᠠᠯ ᠨᠢ ᠡᠭᠦᠷᠭᠡ ᠭᠦᠢᠴᠡᠳᠬᠡᠬᠦ ᠰᠠᠯᠠᠭ᠎ᠠ ᠮᠥᠴᠢᠷ ᠢ | ᠪᠠᠶᠢᠴᠠᠭᠠᠬᠤ ᠶᠢᠨ ᠠᠷᠭ᠎ᠠ ᠦᠭᠡᠢ ᠪᠣᠯᠭᠠᠭᠰᠠᠨ ᠪᠣᠯ᠂ ᠡᠮᠦᠨᠡᠬᠢ ᠬᠤᠭᠤᠴᠠᠭᠠᠨ ᠳᠤ ᠣᠯᠤᠭᠰᠠᠨ ᠭᠡᠷᠡᠴᠢ | ᠪᠠᠷᠢᠮᠲᠠ ᠶᠢᠨ ᠮᠠᠲ᠋ᠧᠷᠢᠶᠠᠯ ᠢᠶᠠᠷ ᠢᠶᠠᠨ ᠰᠢᠭᠤᠳ ᠪᠠᠶᠢᠴᠠᠭᠠᠬᠤ ᠦᠷ᠎ᠡ ᠳ᠋ᠦᠩ ᠢ ᠪᠦᠷᠢᠯᠳᠦᠭᠦᠯᠵᠦ ᠪᠣᠯᠤᠨ᠎ᠠ᠂ ᠡᠭᠦᠨ ᠢ | ᠲᠤᠰ ᠵᠦᠢᠯ ᠤᠨ ᠪᠠᠶᠢᠴᠠᠭᠠᠬᠤ ᠡᠭᠦᠷᠭᠡ ᠶᠢ ᠪᠡᠶᠡᠯᠡᠭᠦᠯᠦᠭᠰᠡᠨ ᠢᠶᠠᠷ ᠦᠵᠡᠨ᠎ᠡ᠃ | ᠪᠠᠶᠢᠴᠠᠭᠠᠯᠲᠠ ᠳᠤ ᠬᠠᠮᠵᠢᠯᠴᠠᠬᠤ ᠦᠭᠡᠢ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠴᠠᠭᠠᠬᠤ | ᠡᠲᠡᠭᠡᠳ ᠲᠤ ᠬᠤᠯᠪᠤᠭᠳᠠᠯ ᠪᠦᠬᠦᠢ ᠰᠠᠯᠠᠭ᠎ᠠ ᠮᠥᠴᠢᠷ ᠠᠴᠠ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ | ᠳᠠᠮᠵᠢᠭᠤᠯᠤᠨ ︽ᠬᠠᠮᠵᠢᠯᠴᠠᠬᠤ ᠦᠭᠡᠢ︾ ᠪᠠᠶᠢᠳᠠᠯ ᠢ ᠲᠡᠮᠳᠡᠭᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠬᠠᠤᠯᠢ | ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠲᠡᠭᠦᠨ ᠳᠤ ᠵᠣᠬᠢᠬᠤ ᠰᠢᠢᠳᠭᠡᠯ ᠪᠤᠶᠤ ᠵᠠᠯᠬᠠᠭᠠᠨ | ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃ | ᠨᠠᠢᠮᠠ᠂ ᠥᠷᠭᠦᠯᠵᠢᠯᠡᠬᠦᠯᠬᠦ ᠬᠢᠨᠠᠯᠲᠠ ᠬᠠᠮᠢᠶᠠᠷᠤᠯᠲᠠ | ︵ᠭᠤᠴᠢᠨ ᠲᠥᠷᠪᠡ︶ ᠪᠠᠶᠢᠴᠠᠭᠠᠯᠲᠠ ᠶᠢᠨ ᠳᠤᠮᠳᠠ ᠪᠠᠶᠢᠴᠠᠭᠠᠬᠤ ᠡᠲᠡᠭᠡᠳ ᠲᠤ ᠬᠠᠤᠯᠢ ᠲᠣᠭᠲᠠᠭᠠᠯ ᠠᠴᠠ | ᠵᠦᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠭᠰᠡᠨ ᠮᠥᠷᠲᠡᠭᠡᠨ ᠲᠣᠭᠲᠠᠭᠠᠭᠰᠠᠨ | ᠬᠤᠭᠤᠴᠠᠭᠠᠨ ᠳᠣᠲᠣᠷ᠎ᠠ ᠵᠠᠯᠠᠷᠠᠭᠤᠯᠵᠤ ᠲᠡᠶᠢᠯᠬᠦ ᠦᠭᠡᠢ ᠪᠣᠯ ︽ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ | ᠵᠠᠷᠴᠢᠮ ᠤᠨ ᠶᠣᠰᠣᠭᠠᠷ ᠰᠠᠶᠢᠲᠤᠷ ᠵᠣᠯᠭᠠᠭᠤᠯᠵᠤ᠂ ᠣᠯᠵᠤ ᠮᠡᠳᠡᠭᠰᠡᠨ ᠬᠠᠤᠯᠢ ᠠᠴᠠ ᠵᠥᠷᠢᠴᠡᠭᠰᠡᠨ ᠰᠦᠪᠡᠭᠴᠢ ᠶᠢ | ᠴᠠᠭ ᠲᠤᠬᠠᠶ ᠳᠤᠨᠢ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠬᠠᠷᠢᠭᠤᠴᠠᠵᠤ ᠪᠠᠶᠢᠭ᠎ᠠ ᠲᠤᠬᠠᠶᠢᠯᠠᠭᠰᠠᠨ | ᠠᠵᠢᠯ ᠤᠨ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠤ ᠥᠷᠬᠦᠯᠵᠢᠯᠡᠨ ᠰᠢᠢᠳᠪᠦᠷᠢᠯᠡᠭᠦᠯᠬᠦ ᠬᠡᠷᠡᠭᠲᠡᠶ᠃ ᠬᠡᠷᠡᠭ | ᠪᠣᠯᠭᠠᠨ ᠪᠠᠶᠢᠴᠠᠭᠠᠬᠤ ᠴᠢᠬᠤᠯᠠᠲᠠᠶ ᠪᠠᠶᠢᠪᠠᠯ᠂ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠭᠡᠷᠡᠴᠢ ᠪᠠᠷᠢᠮᠲᠠ ᠶᠢ | ᠠᠩᠬ᠎ᠠ ᠠᠯᠬᠤᠮ ᠲᠣᠭᠲᠠᠪᠤᠷᠢᠵᠢᠭᠤᠯᠵᠤ ᠂ ᠬᠡᠷᠡᠭ ᠰᠢᠢᠳᠪᠦᠷᠢᠯᠡᠬᠦ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ | ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠦᠯᠦᠨ᠎ᠡ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ ᠴᠠᠭ ᠲᠤᠬᠠᠶ ᠳᠤᠨᠢ | ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠬᠦᠯᠦᠨ ᠬᠦᠷᠭᠡᠵᠦ᠂ ᠬᠢᠨᠠᠯᠲᠠ ᠬᠠᠮᠢᠶᠠᠷᠤᠯᠲᠠ ᠰᠠᠯᠤᠩᠭᠢᠷᠠᠬᠤ ᠶᠢ | ᠰᠡᠷᠭᠡᠶᠢᠯᠡᠨ ᠬᠤᠷᠢᠭᠯᠠᠨ᠎ᠠ᠃ ᠥᠷᠬᠦᠯᠵᠢᠯᠡᠨ ᠰᠢᠢᠳᠪᠦᠷᠢᠯᠡᠬᠦ ᠶᠢ ᠵᠠᠷᠴᠢᠮ ᠳᠡᠭᠡᠷ᠎ᠡ ᠪᠠᠨ ᠲᠤᠰ ᠤᠳᠠᠭᠠᠨ ᠤ | ᠪᠠᠶᠢᠴᠠᠭᠠᠯᠲᠠ ᠶᠢᠨ ᠡᠭᠦᠷᠭᠡ ᠳᠠᠭᠤᠰᠤᠭᠰᠠᠨ ᠤ ᠭᠤᠷᠪᠠᠨ ᠰᠠᠷ᠎ᠠ ᠶᠢᠨ ᠳᠣᠲᠣᠷ᠎ᠠ ᠳᠠᠭᠤᠰᠬᠠᠬᠤ ᠶᠢᠨ ᠬᠠᠮᠲᠤ | ᠥᠷᠬᠦᠯᠵᠢᠯᠡᠬᠦ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠭᠰᠡᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ | ᠰᠢᠢᠳᠪᠦᠷᠢᠯᠡᠭᠰᠡᠨ ᠪᠠᠶᠢᠳᠠᠯ ᠢᠶᠠᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠲᠡᠮᠳᠡᠭᠯᠡᠵᠦ ᠣᠷᠣᠭᠤᠯᠬᠤ | ᠬᠡᠷᠡᠭᠲᠡᠶ᠃ | ︵ᠭᠤᠴᠢᠨ ᠲᠠᠪᠤ︶ ᠰᠤᠭᠤᠴᠢᠨ ᠪᠠᠶᠢᠴᠠᠭᠠᠭᠠᠳ ᠪᠣᠶ ᠪᠣᠯᠤᠭᠰᠠᠨ ᠡᠯ᠎ᠡ ᠲᠥᠷᠥᠯ ᠤᠨ ᠪᠠᠶᠢᠴᠠᠭᠠᠯᠲᠠ ᠶᠢᠨ | ᠬᠦᠰᠦᠨᠦᠭᠲᠦ ᠪᠠ ᠪᠠᠶᠢᠴᠠᠭᠠᠬᠤ ᠶᠠᠪᠤᠴᠠ ᠳᠤ ᠴᠤᠭᠯᠠᠭᠤᠯᠤᠭᠰᠠᠨ ᠴᠢᠬᠤᠯᠠ ᠭᠡᠷᠡᠴᠢ ᠮᠠᠲ᠋ᠧᠷᠢᠶᠠᠯ ᠵᠡᠷᠭᠡ ᠶᠢ ᠵᠠᠰᠠᠭ | ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠤᠨ ᠦᠯᠢᠭᠡᠷ ᠵᠠᠭᠪᠤᠷ ᠢᠶᠠᠷ ᠯᠠᠪᠯᠠᠯᠲᠠ ᠪᠣᠯᠭᠠᠨ | ᠡᠮᠬᠢᠯᠡᠵᠦ ᠰᠤᠭᠤᠴᠢᠨ ᠪᠠᠶᠢᠴᠠᠭᠠᠭᠰᠠᠨ ᠡᠪᠬᠡᠮᠡᠯ ᠪᠣᠯᠭᠠᠨ ᠦᠳᠡᠵᠦ᠂ ᠡᠯ᠎ᠡ ᠣᠷᠣᠯᠴᠠᠭᠰᠠᠨ ᠰᠠᠯᠠᠭ᠎ᠠ ᠮᠥᠴᠢᠷ ᠠᠴᠠ | ᠲᠣᠰ ᠲᠣᠰ ᠲᠠᠩᠰᠠ ᠡᠪᠬᠡᠮᠡᠯ ᠳᠤ ᠣᠷᠣᠭᠤᠯᠤᠨ ᠣᠷᠳᠣ ᠬᠤᠭᠤᠴᠠᠭ᠎ᠠ ᠪᠠᠷ ᠬᠠᠳᠠᠭᠠᠯᠠᠨ᠎ᠠ᠃ ᠭᠡᠷᠡᠯ ᠵᠢᠷᠤᠭ | ᠪᠢᠴᠢᠯᠭᠡ ᠠᠪᠬᠤ ᠵᠡᠷᠭᠡ ᠬᠡᠯᠪᠡᠷᠢ ᠪᠠᠷ ᠳᠠᠮᠵᠢᠨ ᠪᠦᠷᠢᠯᠳᠦᠭᠰᠡᠨ ᠡᠯᠧᠺᠲᠷᠣᠨ ᠲᠤᠭ᠎ᠠ ᠪᠠᠷᠢᠮᠲᠠ ᠶᠢ ᠬᠠᠮᠵᠢᠯᠴᠠᠨ | ᠬᠢᠨᠠᠨ ᠬᠠᠮᠢᠶᠠᠷᠬᠤ ᠲᠠᠪᠴᠠᠩ ᠳᠤ ᠭᠠᠷᠭᠠᠬᠤ ᠶᠢᠨ ᠬᠠᠮᠲᠤ ᠲᠠᠷᠤᠮᠠᠯᠯᠠᠨ ᠳᠠᠩᠰᠠ ᠡᠪᠬᠡᠮᠡᠯ ᠳᠤ ᠤᠷᠤᠭᠤᠯᠬᠤ | ᠮᠠᠲ᠋ᠧᠷᠢᠶᠠᠯ ᠪᠣᠯᠭᠠᠬᠤ ᠪᠤᠶᠤ ᠡᠰᠡᠬᠦᠯ᠎ᠡ ᠡᠯᠧᠺᠲᠷᠣᠨ ᠳᠠᠩᠰᠠ ᠡᠪᠬᠡᠮᠡᠯ ᠢ ᠳᠠᠩᠰᠠ ᠡᠪᠬᠡᠮᠡᠯ ᠳᠤ ᠤᠷᠤᠭᠤᠯᠬᠤ | ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ ᠪᠤᠯᠤᠨ᠎ᠠ᠃ ᠪᠣᠳᠠᠲᠠᠶ ᠳᠠᠩᠰᠠ ᠡᠪᠬᠡᠮᠡᠯ ᠳᠤ ᠤᠷᠤᠭᠤᠯᠵᠤ | ᠬᠠᠳᠠᠭᠠᠯᠠᠬᠤ ᠠᠷᠭ᠎ᠠ ᠮᠠᠶ᠋ᠢᠭ ᠢ ᠡᠯ᠎ᠡ ᠣᠷᠣᠯᠴᠠᠭᠰᠠᠨ ᠰᠠᠯᠠᠭ᠎ᠠ ᠮᠦᠴᠢᠷ ᠥᠪᠡᠰᠦᠪᠡᠨ ᠲᠣᠭᠲᠠᠭᠠᠨ᠎ᠠ᠃ | ︵ᠭᠤᠴᠢᠨ ᠵᠢᠷᠭᠤᠭ᠎ᠠ︶ ᠰᠠᠯᠠᠭ᠎ᠠ ᠮᠥᠴᠢᠷ ᠤᠳ ᠬᠠᠮᠲᠤᠷᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ | ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ᠂ ᠡᠯ᠎ᠡ ᠣᠷᠣᠯᠴᠠᠭᠰᠠᠨ ᠰᠠᠯᠠᠭ᠎ᠠ ᠮᠥᠴᠢᠷ ᠤᠳ 10 ᠠᠵᠢᠯᠯᠠᠬᠤ | ᠡᠳᠦᠷ ᠤᠨ ᠳᠣᠲᠣᠷ᠎ᠠ ᠰᠤᠭᠤᠴᠢᠨ ᠪᠠᠶᠢᠴᠠᠭᠠᠭᠰᠠᠨ ᠪᠠᠶᠢᠳᠠᠯ ᠢᠶᠠᠨ ᠬᠤᠷᠢᠶᠠᠩᠭᠤᠶᠢᠯᠠᠵᠤ᠂ ᠰᠤᠭᠤᠴᠢᠨ | ᠪᠠᠶᠢᠴᠠᠭᠠᠭᠰᠠᠨ ᠠᠵᠢᠯ ᠤᠨ ᠮᠡᠳᠡᠭᠦᠯᠦᠯᠲᠡ ᠶᠢ ᠪᠦᠷᠢᠯᠳᠦᠬᠦᠯᠵᠦ ᠰᠠᠨᠠᠭᠠᠴᠢᠯᠠᠭᠰᠠᠨ ᠰᠠᠯᠠᠭ᠎ᠠ ᠮᠥᠴᠢᠷ ᠲᠤ ᠮᠡᠳᠡᠭᠦᠯᠬᠦ | ᠬᠡᠷᠡᠭᠲᠡᠶ᠃ ᠰᠠᠨᠠᠭᠠᠴᠢᠯᠠᠭᠰᠠᠨ ᠰᠠᠯᠠᠭ᠎ᠠ ᠮᠥᠴᠢᠷ ᠡᠯ᠎ᠡ ᠰᠠᠯᠠᠭ᠎ᠠ ᠮᠥᠴᠢᠷ ᠤᠨ ᠬᠤᠷᠢᠶᠠᠩᠭᠤᠶᠢᠯᠠᠭᠰᠠᠨ ᠪᠠᠶᠢᠳᠠᠯ ᠢ | ᠦᠨᠳᠦᠰᠦᠯᠡᠵᠦ᠂ ᠬᠠᠮᠲᠤᠷᠠᠨ ᠰᠤᠭᠤᠴᠢᠨ ᠪᠠᠶᠢᠴᠠᠭᠠᠭᠰᠠᠨ ᠶᠡᠷᠦᠩᠬᠡᠶ ᠪᠠᠶᠢᠳᠠᠯ ᠤᠨ ᠮᠡᠳᠡᠭᠦᠯᠦᠯᠲᠡ ᠶᠢ ᠪᠤᠢ | ᠪᠣᠯᠭᠠᠬᠤ ᠬᠡᠷᠡᠭᠲᠡᠶ᠃ ᠬᠠᠮᠲᠤᠷᠠᠨ ᠰᠤᠭᠤᠴᠢᠨ ᠪᠠᠶᠢᠴᠠᠭᠠᠬᠤ ᠪᠠᠷ ᠳᠠᠮᠵᠢᠨ ᠣᠷᠣᠨ ᠪᠦᠰᠡ ᠶᠢᠨ ᠴᠢᠨᠠᠷᠲᠠᠶ᠂ ᠠᠵᠢᠯ | ᠲᠥᠷᠥᠯ ᠤᠨ ᠴᠢᠨᠠᠷᠲᠠᠶ ᠲᠦᠭᠰᠢᠭᠦᠷᠢ ᠶᠢᠨ ᠳᠠᠯᠳᠠ ᠭᠡᠮ ᠤᠨ ᠠᠰᠠᠭᠤᠳᠠᠯ ᠢ ᠣᠯᠵᠤ ᠮᠡᠳᠡᠭᠰᠡᠨ ᠪᠠᠶᠢᠪᠠᠯ᠂ | ᠵᠠᠰᠠᠭ ᠤᠨ ᠣᠷᠳᠣᠨ ᠳᠤ ᠬᠠᠮᠢᠶ᠎ᠠ ᠪᠦᠬᠦᠢ ᠪᠠᠶᠢᠳᠠᠯ ᠢ ᠦᠨᠡᠨ ᠮᠥᠨ ᠢᠶᠠᠷ ᠨᠢ ᠮᠡᠳᠡᠭᠦᠯᠵᠦ᠂ ᠠᠰᠠᠭᠤᠳᠠᠯ ᠢ ᠵᠠᠳᠠᠯᠤᠨ | ᠂ ᠠᠷᠭᠠᠴᠠᠭᠠᠬᠤ ᠪᠤᠳᠤᠯᠭ᠎ᠠ ᠳᠤᠷᠠᠳᠴᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ | ᠬᠦᠴᠦᠲᠡᠢ ᠯᠠᠪᠯᠠᠯᠲᠠ ᠬᠠᠩᠭᠠᠬᠤ ᠬᠡᠷᠡᠭᠲᠡᠶ᠃ | ᠶᠢᠰᠦ᠂ ᠬᠢᠨᠠᠯᠲᠠ ᠲᠠᠯᠪᠢᠵᠤ ᠰᠢᠯᠭᠠᠨ ᠦᠨᠡᠯᠡᠬᠦ | ︵ᠭᠤᠴᠢᠨ ᠳᠣᠯᠤᠭ᠎ᠠ︶ ᠪᠠᠶᠢᠴᠠᠭᠠᠬᠤ ᠡᠲᠡᠭᠡᠳ ᠨᠢ ᠬᠠᠤᠯᠢ ᠶᠣᠰᠣᠭᠠᠷ ᠦᠢᠯᠡᠳᠪᠦᠷᠢᠯᠡᠯ ᠡᠵᠡᠩᠨᠡᠯᠲᠡ ᠶᠢᠨ | ᠠᠵᠢᠯᠯᠠᠭ᠎ᠠ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠠᠶᠢᠴᠠᠭᠠᠯᠲᠠ ᠳᠤ ᠬᠠᠮᠵᠢᠯᠴᠠᠨ | ᠬᠤᠯᠪᠤᠭᠳᠠᠯ ᠪᠦᠬᠦᠢ ᠠᠵᠢᠯᠯᠠᠭ᠎ᠠ ᠶᠢ ᠬᠡᠷᠡᠭᠵᠢᠬᠦᠯᠵᠦ᠂ ᠬᠤᠯᠪᠤᠭᠳᠠᠯ ᠪᠦᠬᠦᠢ ᠮᠠᠲ᠋ᠧᠷᠢᠶᠠᠯ ᠢ ᠦᠨᠡᠨ ᠮᠦᠨ ᠢᠶᠠᠷ ᠨᠢ | ᠬᠠᠩᠭᠠᠬᠤ ᠶᠢᠨ ᠬᠠᠮᠲᠤ ᠪᠠᠶᠢᠴᠠᠭᠠᠬᠤ ᠦᠶ᠎ᠡ ᠳᠤ ᠠᠰᠠᠭᠤᠳᠠᠯ ᠢ ᠣᠯᠵᠤ ᠮᠡᠳᠡᠭᠰᠡᠨ ᠦᠭᠡᠢ ᠪᠠᠷ ᠰᠢᠯᠲᠠᠭ ᠪᠣᠯᠭᠠᠵᠤ | ᠬᠠᠷᠠᠭᠠᠯᠵᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠠᠴᠠ ᠵᠠᠶᠢᠯᠠᠬᠤ ᠪᠤᠶᠤ ᠭᠤᠷᠪᠠᠳᠡᠬᠢ ᠡᠲᠡᠭᠡᠳ ᠲᠠᠢ | ᠡᠰᠡᠷᠭᠦᠴᠡᠯᠳᠦᠵᠦ ᠪᠣᠯᠬᠤ ᠦᠭᠡᠢ᠃ | ︵ᠭᠤᠴᠢᠨ ᠨᠠᠢᠮᠠ︶ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠲᠠᠨ ᠬᠡᠷᠡᠭᠵᠢᠬᠦᠯᠦᠭᠰᠡᠨ ᠪᠠᠶᠢᠴᠠᠭᠠᠬᠤ | ᠡᠭᠦᠷᠭᠡ ᠳᠤ ᠪᠠᠨ ᠬᠠᠷᠢᠭᠤᠴᠠᠨ᠎ᠠ᠂ ᠪᠣᠳᠠᠲᠠᠢ ᠪᠠᠶᠢᠴᠠᠭᠠᠬᠤ ᠵᠦᠢᠯᠡᠰ ᠪᠠ ᠠᠭᠤᠯᠭ᠎ᠠ᠂ ᠭᠠᠷᠭᠠᠵᠤ ᠠᠪᠤᠭᠰᠠᠨ | ᠦᠢᠯᠡᠳᠬᠦᠨ ︵ᠦᠯᠡᠳᠡᠭᠡᠭᠰᠡᠨ ᠦᠯᠢᠭᠡᠷ ᠬᠡᠪ᠂ ᠲᠠᠸᠠᠷ︶᠂ ᠭᠠᠷᠭᠠᠵᠤ ᠠᠪᠤᠭᠰᠠᠨ ᠭᠡᠷᠡᠴᠢ ᠮᠠᠲ᠋ᠧᠷᠢᠶᠠᠯ᠂ | ᠦᠢᠯᠡᠳᠦᠭᠰᠡᠨ ᠲᠤᠬᠠᠢ ᠶᠢᠨ ᠲᠠᠯᠠᠪᠤᠷ ᠤᠨ ᠲᠡᠮᠳᠡᠭᠯᠡᠯ᠂ ᠪᠦᠷᠢᠯᠳᠦᠭᠰᠡᠨ ᠪᠠᠶᠢᠴᠠᠭᠠᠯᠲᠠ ᠶᠢᠨ ᠦᠷ᠎ᠡ ᠳ᠋ᠦᠩ ᠵᠡᠷᠭᠡ | ᠪᠠᠭᠲᠠᠨ᠎ᠠ᠃ | ︵ᠭᠤᠴᠢ ᠶᠢᠰᠦ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤ ᠰᠠᠯᠠᠭ᠎ᠠ ᠮᠦᠴᠢᠷ ᠤᠳ | ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ | ᠬᠡᠷᠡᠭᠵᠢᠬᠦᠯᠦᠭᠰᠡᠨ ᠪᠠᠶᠢᠳᠠᠯ ᠢ ᠣᠨ ᠤ ᠠᠵᠢᠯ ᠤᠨ ᠬᠠᠷᠠᠯᠲᠠ ᠶᠢ ᠬᠢᠨᠠᠨ ᠰᠢᠯᠭᠠᠬᠤ᠂ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠦᠨᠡᠯᠡᠬᠦ ᠬᠡᠪᠴᠢᠶᠡᠨ ᠳᠤ ᠣᠷᠣᠭᠤᠯᠬᠤ ᠬᠡᠷᠡᠭᠲᠡᠶ᠃ ᠳᠡᠭᠡᠳᠦ ᠱᠠᠲᠤᠨ ᠤ ᠰᠠᠯᠠᠭ᠎ᠠ ᠮᠥᠴᠢᠷ | ᠵᠢᠭᠠᠨ ᠵᠢᠯᠣᠭᠤᠳᠴᠤ ᠬᠠᠮᠢᠶᠠᠷᠬᠤ ᠪᠠᠨ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ ᠪᠠ ᠬᠦᠴᠦᠨ ᠴᠢᠳᠠᠪᠤᠷᠢ ᠶᠢ | ᠦᠨᠡᠯᠡᠨ ᠵᠢᠱᠢᠬᠦ ᠶᠢ ᠵᠣᠬᠢᠶᠠᠨ ᠪᠠᠶᠢᠭᠤᠯᠬᠤ ᠬᠡᠷᠡᠭᠲᠡᠶ᠃ | ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠬᠢᠨᠠᠨ ᠰᠢᠯᠭᠠᠬᠤ ᠳᠤ ᠬᠠᠮᠵᠢᠯᠴᠠᠨ ᠬᠢᠨᠠᠨ ᠬᠠᠮᠢᠶᠠᠷᠬᠤ | ᠲᠠᠪᠴᠠᠩ ᠤᠨ ᠲᠤᠭ᠎ᠠ ᠪᠠᠷᠢᠮᠲᠠ ᠶᠢᠨ ᠪᠠᠶᠢᠳᠠᠯ ᠢᠶᠠᠷ ᠰᠠᠭᠤᠷᠢ ᠪᠠᠷᠢᠮᠵᠢᠶ᠎ᠠ ᠪᠣᠯᠭᠠᠵᠤ᠂ ᠲᠤᠭ᠎ᠠ ᠪᠠᠷᠢᠮᠲᠠ ᠳᠤ | ᠪᠢᠴᠢᠵᠦ ᠣᠷᠣᠭᠤᠯᠤᠭᠰᠠᠨ ᠦᠭᠡᠢ ᠪᠤᠶᠤ ᠴᠠᠭ ᠲᠤᠬᠠᠶ ᠳᠤᠨᠢ ᠪᠢᠴᠢᠵᠦ ᠣᠷᠣᠭᠤᠯᠤᠭᠰᠠᠨ ᠦᠭᠡᠢ ᠪᠣᠯ᠂ | ᠬᠠᠷᠠᠭᠠᠯᠵᠠᠭᠰᠠᠨ ᠰᠤᠭᠤᠴᠢᠨ ᠪᠠᠶᠢᠴᠠᠭᠠᠵᠤ ᠬᠢᠨᠠᠨ ᠬᠠᠮᠢᠶᠠᠷᠬᠤ ᠠᠵᠢᠯ ᠢ ᠥᠷᠨᠢᠭᠦᠯᠦᠭᠰᠡᠨ ᠦᠭᠡᠢ ᠪᠤᠶᠤ | ᠪᠡᠶᠡᠯᠡᠭᠦᠯᠦᠭᠰᠡᠨ ᠦᠭᠡᠢ ᠪᠠᠷ ᠦᠵᠡᠨ᠎ᠡ᠃ ᠲᠤᠭ᠎ᠠ ᠪᠠᠷᠢᠮᠲᠠ ᠨᠢ ᠪᠣᠳᠠᠲᠤ ᠪᠠᠶᠢᠳᠠᠯ ᠲᠠᠢ ᠵᠥᠷᠢᠶ᠎ᠡ ᠲᠠᠢ ᠪᠠᠶᠢᠪᠠᠯ᠂ | ᠴᠠᠭ ᠲᠤᠬᠠᠶ ᠳᠤᠨᠢ ᠲᠤᠰᠬᠠᠵᠤ ᠵᠠᠯᠠᠷᠠᠭᠤᠯᠬᠤ ᠬᠡᠷᠡᠭᠲᠡᠶ᠃ | ︵ᠳᠥᠴᠢ︶ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ | ᠪᠣᠯᠭᠠᠬᠤ︾ ᠬᠢᠨᠠᠯᠲᠠ ᠬᠠᠮᠢᠶᠠᠷᠤᠯᠲᠠ ᠳᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠬᠦᠯᠵᠦ᠂ ᠪᠠᠶᠢᠴᠠᠭᠠᠬᠤ | ᠡᠲᠡᠭᠡᠳ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠷᠰᠢᠯᠠᠵᠤ ᠪᠣᠯᠬᠤ ᠤᠢᠭᠡᠢ᠃ ᠬᠠᠤᠯᠢ | ᠬᠡᠷᠡᠭᠵᠢᠬᠦᠯᠬᠦ ᠪᠠᠶᠢᠴᠠᠭᠠᠬᠤ ᠠᠵᠢᠯᠲᠠᠨ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ᠂ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠪᠠᠯ ᠰᠠᠶᠢᠰᠢᠶᠠᠨ ᠵᠣᠷᠢᠭᠵᠢᠭᠤᠯᠬᠤ ᠬᠡᠷᠡᠭᠲᠡᠶ︔ ᠰᠤᠭᠤᠴᠢᠨ | ᠪᠠᠶᠢᠴᠠᠭᠠᠬᠤ ᠠᠵᠢᠯ ᠢ ᠬᠦᠢᠴᠡᠳᠭᠡᠭᠰᠡᠨ ᠥᠬᠡᠶ᠂ ᠵᠦᠶ ᠵᠣᠬᠢᠰ ᠥᠬᠡᠶ ᠬᠦᠢᠴᠡᠳᠭᠡᠭᠰᠡᠨ ᠪᠤᠶᠤ ᠬᠠᠤᠯᠢ ᠶᠢ | ᠵᠥᠷᠢᠴᠡᠨ ᠭᠦᠢᠴᠡᠳᠭᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠭᠡᠬᠦ ᠬᠡᠷᠡᠭᠲᠡᠶ᠃ ᠶᠠᠯ᠎ᠠ ᠳᠤ | ᠬᠦᠷᠦᠭᠰᠡᠨ ᠰᠡᠵᠢᠭᠯᠡᠯᠲᠡᠢ ᠪᠣᠯ ᠬᠠᠮᠢᠶ᠎ᠠ ᠪᠦᠬᠦᠢ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ | ᠰᠢᠢᠳᠪᠦᠷᠢᠯᠡᠭᠦᠯᠬᠦ ᠬᠡᠷᠡᠭᠲᠡᠶ᠃ | ︵ᠳᠥᠴᠢᠨ ᠨᠢᠭᠡ︶ ︽ᠲᠤᠰᠢᠶᠠᠯ ᠢᠶᠠᠨ ᠬᠦᠢᠴᠡᠳᠭᠡᠭᠰᠡᠨ ᠢ ᠬᠠᠭᠤᠳᠠᠰᠤ ᠶᠣᠰᠣᠭᠠᠷ ᠬᠠᠷᠢᠭᠤᠴᠠᠯᠭ᠎ᠠ ᠠᠴᠠ | ᠬᠡᠯᠲᠦᠷᠢᠭᠦᠯᠬᠦ᠂ ᠲᠤᠰᠢᠶᠠᠯ ᠳᠤ ᠪᠠᠨ ᠤᠰᠤᠯᠳᠠᠭᠰᠠᠨ ᠢ ᠬᠠᠭᠤᠳᠠᠰᠤ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ︾ | ᠵᠠᠷᠴᠢᠮ ᠶᠣᠰᠣᠭᠠᠷ᠂ ᠰᠠᠯᠠᠭ᠎ᠠ ᠮᠥᠴᠢᠷ ᠤᠳ ᠨᠤᠲᠤᠭ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠱᠠᠭᠠᠷᠳᠠᠯᠭ᠎ᠠ ᠶᠣᠰᠣᠭᠠᠷ ᠰᠤᠭᠤᠴᠢᠨ ᠪᠠᠶᠢᠴᠠᠭᠠᠯᠲᠠ ᠬᠢᠭᠰᠡᠨ ᠦᠭᠡᠢ ᠠᠴᠠ ᠪᠣᠯᠵᠤ ᠮᠠᠭᠤ ᠦᠷ᠎ᠡ ᠳ᠋ᠦᠩ | ᠭᠠᠷᠭᠠᠭᠰᠠᠨ᠂ ᠰᠤᠭᠤᠴᠢᠨ ᠪᠠᠶᠢᠴᠠᠭᠠᠯᠲᠠ ᠬᠢᠭᠰᠡᠨ ᠦᠷ᠎ᠡ ᠳ᠋ᠦᠩ ᠢ ᠬᠠᠤᠯᠢ ᠶᠣᠰᠣᠭᠠᠷ ᠴᠠᠭ ᠲᠤᠬᠠᠶ ᠳᠤᠨᠢ ᠵᠠᠷᠯᠠᠨ | ᠨᠡᠶᠢᠳᠡᠯᠡᠭᠰᠡᠨ ᠦᠭᠡᠢ ᠠᠴᠠ ᠪᠣᠯᠵᠤ ᠮᠠᠭᠤ ᠦᠷ᠎ᠡ ᠳ᠋ᠦᠩ ᠭᠠᠷᠭᠠᠭᠰᠠᠨ᠂ ᠰᠤᠭᠤᠴᠢᠨ ᠪᠠᠶᠢᠴᠠᠭᠠᠬᠤ ᠡᠭᠦᠷᠭᠡ ᠶᠢ | ᠬᠦᠢᠴᠡᠳᠭᠡᠭᠰᠡᠨ ᠦᠭᠡᠢ ᠪᠤᠶᠤ ᠬᠤᠶᠢᠰᠢᠯᠠᠭᠤᠯᠤᠨ ᠬᠦᠢᠴᠡᠳᠭᠡᠭᠰᠡᠨ᠂ ᠰᠤᠭᠤᠴᠢᠨ ᠪᠠᠶᠢᠴᠠᠭᠠᠯᠲᠠ ᠳᠤᠮᠳᠠ ᠣᠯᠵᠤ | ᠮᠡᠳᠡᠭᠰᠡᠨ ᠶᠠᠯ᠎ᠠ ᠳᠤ ᠬᠦᠷᠦᠭᠰᠡᠨ ᠰᠡᠵᠢᠭᠯᠡᠯᠲᠡᠶ ᠬᠡᠷᠡᠭ ᠢ ᠬᠠᠤᠯᠢ ᠶᠣᠰᠣᠭᠠᠷ ᠰᠢᠯᠵᠢᠭᠦᠯᠦᠨ ᠬᠦᠷᠭᠡᠭᠰᠡᠨ ᠦᠭᠡᠢ | ᠵᠡᠷᠭᠡ ᠪᠠᠶᠢᠳᠠᠯ ᠳᠤ ᠬᠠᠷᠠᠭᠠᠯᠵᠠᠭᠰᠠᠨ ᠵᠠᠰᠠᠭ ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠨ᠎ᠡ᠃ | ᠨᠢᠭᠡᠨᠲᠡ ᠬᠤᠯᠪᠤᠭᠳᠠᠯ ᠪᠦᠬᠦᠢ ᠲᠣᠭᠲᠠᠭᠠᠯ ᠪᠠ ᠰᠤᠭᠤᠴᠢᠨ ᠪᠠᠶᠢᠴᠠᠭᠠᠬᠤ ᠲᠥᠯᠥᠪᠯᠡᠭᠡ ᠶᠢᠨ | ᠲᠤᠬᠢᠷᠠᠭᠤᠯᠤᠯᠲᠠ ᠶᠣᠰᠣᠭᠠᠷ ᠰᠤᠭᠤᠴᠢᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ᠂ | ᠣᠳᠣ ᠶᠢᠨ ᠪᠠᠶᠢᠭ᠎ᠠ ᠲᠤᠰᠬᠠᠶ ᠮᠡᠷᠭᠡᠵᠢᠯ ᠤᠨ ᠠᠷᠭ᠎ᠠ ᠪᠠᠷᠢᠯ ᠤᠨ ᠬᠢᠵᠠᠭᠠᠷᠯᠠᠯ ᠠᠴᠠ ᠪᠣᠯᠵᠤ ᠠᠰᠠᠭᠤᠳᠠᠯ ᠢ ᠣᠯᠵᠤ | ᠮᠡᠳᠡᠭᠰᠡᠨ ᠦᠭᠡᠢ᠂ ᠪᠠᠶᠢᠴᠠᠭᠠᠬᠤ ᠡᠳᠡᠭᠡᠳ ᠠᠳᠡᠯ ᠭᠠᠷᠤᠭᠰᠠᠨ ᠨᠢ ᠬᠠᠤᠯᠢ ᠬᠡᠷᠡᠭᠵᠢᠬᠦᠯᠬᠦ ᠪᠠᠶᠢᠴᠠᠭᠠᠬᠤ | ᠠᠵᠢᠯᠲᠠᠨ ᠤ ᠰᠤᠭᠤᠴᠢᠨ ᠪᠠᠶᠢᠴᠠᠭᠠᠯᠲᠠ ᠯᠤᠭ᠎ᠠ ᠰᠢᠯᠲᠠᠭᠠᠨ ᠦᠷ᠎ᠡ ᠳ᠋ᠦᠩ ᠤᠨ ᠬᠠᠷᠢᠴᠠᠭ᠎ᠠ ᠣᠷᠣᠰᠢᠬᠤ ᠦᠭᠡᠢ᠂ | ᠨᠠᠶᠢᠳᠠᠯᠭ᠎ᠠ ᠬᠦᠯᠢᠶᠡᠭᠰᠡᠨ ᠲᠤᠰᠬᠠᠶ ᠪᠠᠶᠢᠭᠤᠯᠤᠮᠵᠢ ᠶᠢᠨ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ | ᠵᠡᠷᠭᠡ ᠠᠴᠠ ᠪᠣᠯᠵᠤ ᠪᠤᠷᠤᠭᠤ ᠮᠠᠭᠠᠳᠯᠠᠭᠰᠠᠨ ᠪᠤᠶᠤ ᠰᠢᠢᠳᠪᠦᠷᠢᠯᠡᠭᠰᠡᠨ ᠵᠡᠷᠭᠡ ᠪᠠᠶᠢᠳᠠᠯ ᠳᠤ᠂ ᠬᠤᠯᠪᠤᠭᠳᠠᠯ ᠪᠦᠬᠦᠢ | ᠬᠠᠷᠢᠭᠤᠴᠠᠯᠭ᠎ᠠ ᠶᠢ ᠨᠡᠬᠡᠮᠵᠢᠯᠡᠬᠦ ᠠᠴᠠ ᠬᠡᠯᠲᠦᠷᠢᠭᠦᠯᠦᠨ᠎ᠡ᠃ | ᠠᠷᠪᠠ᠂ ᠳᠠᠭᠠᠯᠳᠤᠭᠤᠯᠤᠯ | ︵ᠳᠥᠴᠢᠨ ᠬᠤᠶᠠᠷ︶ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ | ᠣᠷᠣᠭᠤᠯᠤᠨ ᠪᠠᠳᠤᠯᠠᠵᠤ᠂ ᠡᠭᠦᠨ ᠳᠤ ᠲᠤᠰᠬᠠᠶ ᠲᠦᠷᠦᠯ ᠤᠨ ᠬᠢᠨᠠᠨ ᠪᠣᠳᠣᠬᠤ᠂ ᠪᠠᠶᠢᠴᠠᠭᠠᠨ ᠰᠢᠯᠭᠠᠬᠤ ᠵᠡᠷᠭᠡ ᠳᠤ | ᠬᠤᠯᠪᠤᠭᠳᠠᠬᠤ ᠵᠠᠷᠤᠳᠠᠯ ᠳᠤ ᠲᠤᠰᠬᠠᠶ ᠲᠦᠷᠦᠯ ᠵᠦᠢᠯ ᠤᠨ ᠲᠥᠰᠦᠪ ᠤᠨ ᠵᠠᠷᠤᠯᠭ᠎ᠠ ᠲᠣᠬᠢᠷᠠᠭᠤᠯᠵᠤ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠳᠤ ᠣᠷᠣᠭᠤᠯᠤᠨ᠎ᠠ᠃ ᠬᠠᠤᠯᠢ ᠬᠡᠷᠡᠭᠵᠢᠭᠦᠯᠬᠦ ᠲᠡᠷᠭᠡ ᠬᠥᠰᠬᠡ᠂ | ᠬᠠᠤᠯᠢ ᠬᠡᠷᠡᠭᠵᠢᠭᠦᠯᠬᠦ ᠰᠢᠯᠵᠢᠮᠡᠯ ᠲᠥᠬᠦᠭᠡᠷᠦᠮᠵᠢ᠂ ᠨᠡᠮᠡᠭᠦᠷᠢ ᠨᠥᠬᠦᠪᠥᠷᠢ ᠵᠡᠷᠭᠡ ᠵᠦᠢᠯᠡᠰ ᠲᠤ ᠬᠤᠯᠪᠣᠭᠳᠠᠭᠰᠠᠨ ᠢ | ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠲᠣᠭᠲᠠᠭᠠᠯ ᠪᠣᠯᠤᠨ ᠳᠡᠰ ᠳᠠᠷᠠᠭᠠᠯᠠᠯ ᠤᠨ ᠶᠣᠰᠣᠭᠠᠷ | ᠭᠦᠢᠴᠡᠳᠭᠡᠵᠦ᠂ ᠠᠳᠠᠯᠢ ᠪᠠᠶᠢᠳᠠᠯ ᠳᠣᠤᠷ᠎ᠠ ᠤᠷᠢᠳᠠᠪᠡᠷ ᠪᠠᠲᠤᠯᠠᠬᠤ ᠬᠡᠷᠡᠭᠲᠡᠶ᠃ | ︵ᠳᠥᠴᠢᠨ ᠭᠤᠷᠪᠠ︶ ᠲᠣᠰ ᠨᠠᠷᠢᠨ ᠳᠦᠷᠢᠮ ᠢ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ | ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ | ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ︵ᠳᠥᠴᠢᠨ ᠳᠥᠷᠪᠡ︶ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠤᠭᠤᠷᠢᠭ ᠲᠤᠰ ᠨᠠᠷᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ | ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠳᠤ ᠨᠠᠷᠢᠯᠢᠭᠵᠢᠭᠤᠯᠤᠭᠰᠠᠨ | ᠲᠣᠭᠲᠠᠭᠠᠯ ᠭᠠᠷᠭᠠᠬᠤ ᠬᠡᠷᠡᠭᠲᠡᠢ᠃ | ︵ᠳᠥᠴᠢᠨ ᠲᠠᠪᠤ︶ ᠲᠣᠰ ᠨᠠᠷᠢᠨ ᠳᠦᠷᠢᠮ ᠢ ᠨᠡᠶᠢᠲᠡᠯᠡᠭᠰᠡᠨ ᠤ ᠳᠠᠷᠠᠭ᠎ᠠ᠂ ᠳᠡᠭᠡᠳᠦ ᠱᠠᠲᠤᠨ ᠤ ᠰᠠᠯᠠᠭ᠎ᠠ | ᠮᠥᠴᠢᠷ ᠠᠴᠠ ᠰᠠᠯᠠᠭ᠎ᠠ ᠮᠥᠴᠢᠷ ᠤᠳ ᠬᠠᠮᠳᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ | ᠬᠢᠨᠠᠯᠲᠠ ᠬᠠᠮᠢᠶᠠᠷᠤᠯᠲᠠ ᠶᠢᠨ ᠬᠤᠯᠪᠤᠭᠳᠠᠯ ᠪᠥᠬᠦᠶ ᠵᠦᠢᠯᠡᠰ ᠲᠤ ᠠᠰᠲᠠᠭᠠᠨ ᠠᠳᠠᠯᠢ ᠪᠤᠰᠤ ᠲᠣᠭᠲᠠᠭᠠᠯ ᠲᠠᠢ | ᠪᠠᠶᠢᠪᠠᠯ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠬᠡᠷᠡᠭᠵᠢᠬᠦᠯᠦᠨ᠎ᠡ᠃ |