ᠬᠥᠬᠡᠬᠤᠲᠠ ᠵᠠᠰᠠᠭ ᠲᠠᠷᠬᠠᠭᠠᠭᠰᠠᠨ ﹇2020﹈ 14 ᠳ᠋ᠦ᠋ᠭᠡᠷ ᠲᠣᠭᠠᠲᠤ | 2020 ᠣᠨ ᠤ 7 ᠳ᠋ᠤᠭᠠᠷ ᠰᠠᠷ᠎ᠠ ᠶᠢᠨ 3 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠦᠬᠦᠢ ᠵᠥᠪᠯᠡᠯ᠂ | ᠠᠯᠪᠠᠨ ᠭᠡᠷ᠂ ᠲᠣᠪᠴᠢᠶ᠎ᠠ᠂ ᠡᠯ᠎ᠡ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠄ | ᠡᠲᠦᠭᠡ ︽ᠬᠥᠬᠡᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠤᠯ᠎ᠠ᠂ | ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ | ᠬᠥᠬᠡᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ | ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ | ︽ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2017﹈ 49 ᠳ᠋ᠦ᠋ᠭᠡᠷ ᠲᠣᠭᠠᠲᠤ︶ ᠪᠠ ︽ | ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ | ᠲᠡᠭᠦᠯᠳᠡᠷᠵᠢᠬᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠬᠢᠨᠠᠯᠲᠠ ᠬᠠᠮᠢᠶᠠᠷᠤᠯᠲᠠ ᠶᠢᠨ ᠵᠥᠪᠯᠡᠯ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠲᠡᠮᠳᠡᠭᠳᠤ ᠶᠢᠨ ᠬᠢᠨᠠᠯᠳᠠ | ᠬᠠᠮᠢᠶᠠᠷᠤᠯᠳᠠ ᠶᠢᠨ ᠵᠦᠪᠯᠡᠯ ᠤᠨ ᠮᠡᠳᠡᠭᠳᠡᠯ︾ ︵ᠡᠳ᠋ ᠬᠥᠷᠥᠩᠭᠡ ﹇2019﹈ 49 ᠳ᠋ᠦ᠋ᠭᠡᠷ ᠲᠣᠭᠠᠲᠤ︶ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ | ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠥᠪᠥᠷ ᠵᠠᠰᠠᠭ ᠲᠠᠷᠬᠠᠭᠠᠭᠰᠠᠨ ﹇ | 2019﹈ 22 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠬᠤᠲᠠ ᠶᠢᠨ ᠬᠡᠰᠡᠭ ᠤᠯᠤᠰ ᠤᠨ ᠥᠮᠴᠢᠯᠡᠯᠲᠦ | ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠠᠵᠢᠯ ᠢ | ᠦᠨᠡᠨᠬᠦ ᠰᠠᠶᠢᠨ ᠬᠢᠬᠦ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠲᠤᠰ ᠬᠡᠷᠡᠭᠵᠢᠭᠦᠯᠬᠦ | ᠲᠥᠰᠥᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ | ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ | ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ | ᠶᠣᠰᠣᠭᠠᠷ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠠᠬᠢᠭᠤᠯᠬᠤ ᠶᠢᠨ ᠵᠡᠷᠭᠡᠪᠡᠷ᠂ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠪᠠᠷ ᠳᠠᠮᠵᠢᠭᠤᠯᠤᠨ᠂ ᠠᠷᠠᠳ ᠣᠯᠠᠨ ᠲᠦᠮᠡᠨ ᠳᠤ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠬᠦᠷᠲᠡᠭᠡᠵᠦ᠂ | ᠠᠷᠠᠳ ᠤᠨ ᠠᠮᠢᠳᠤᠷᠠᠯ ᠤᠨ ᠪᠣᠶᠠᠨ ᠬᠡᠰᠢᠭ ᠢ ᠨᠡᠮᠡᠭᠳᠡᠭᠦᠯᠦᠨ᠂ ᠦᠨᠳᠦᠰᠦᠨ ᠨᠠᠰᠤᠵᠢᠯ ᠤᠨ ᠳᠠᠭᠠᠳᠬᠠᠯ ᠤᠨ | ᠳᠦᠷᠢᠮ ᠢ ᠥᠭᠡᠷᠡᠴᠢᠯᠡᠨ ᠰᠠᠶᠢᠵᠢᠷᠠᠭᠤᠯᠵᠤ᠂ ᠦᠶ᠎ᠡ ᠬᠤᠭᠤᠷᠣᠨᠳᠤ ᠶᠢᠨ ᠡᠷᠬᠡ ᠲᠡᠭᠰᠢ ᠶᠢ ᠪᠡᠶᠡᠯᠡᠭᠦᠯᠵᠦ᠂ | ᠳᠦᠷᠢᠮ ᠤᠨ ᠦᠷᠭᠦᠯᠵᠢᠯᠡᠬᠦᠶᠢᠴᠡ ᠴᠢᠨᠠᠷ ᠢ ᠴᠢᠩᠭᠠᠳᠬᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠲᠡᠷᠢᠭᠦᠨ ᠤ ᠲᠥᠪ ᠬᠤᠲᠠ ᠶᠢᠨ ᠠᠵᠤ ᠠᠬᠤᠢ ᠶᠢ ᠪᠦᠲᠦᠭᠡᠨ | ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃ | ᠬᠤᠶᠠᠷ᠂ ᠦᠨᠳᠦᠰᠦᠨ ᠵᠠᠷᠴᠢᠮ | ——ᠬᠠᠷᠠᠯᠲᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂ ᠦᠨᠳᠦᠰᠦᠨ ᠨᠠᠰᠤᠵᠢᠯ ᠤᠨ ᠳᠠᠭᠠᠳᠬᠠᠯ ᠤᠨ | ᠳᠦᠷᠢᠮ ᠤᠨ ᠥᠭᠡᠷᠡᠴᠢᠯᠡᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠎ᠠ᠃ ᠨᠢᠭᠡᠳᠦᠯᠲᠡᠢ ᠲᠥᠯᠥᠪᠵᠢᠭᠦᠯᠦᠨ | ᠪᠦᠭᠦᠳᠡ ᠶᠢ ᠬᠠᠷᠠᠭᠠᠯᠵᠠᠬᠤ ᠶᠢ ᠪᠠᠷᠢᠮᠲᠠᠯᠠᠵᠤ᠂ ᠠᠯᠤᠰ ᠬᠤᠯᠠ ᠶᠢ ᠪᠣᠳᠣᠯᠬᠢᠯᠠᠨ᠂ ᠰᠦᠢᠳᠬᠡᠯ ᠲᠤᠰᠢᠶᠠᠭᠰᠠᠨ | ᠬᠤᠭᠤᠴᠠᠭ᠎ᠠ ᠪᠠᠷ ᠦᠵᠡᠬᠦ ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠭᠰᠡᠨ ᠠᠴᠠ ᠪᠣᠯᠣᠭᠰᠠᠨ ᠠᠵᠤ ᠠᠬᠤᠶᠢᠯᠠᠯ ᠤᠨ | ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤ ᠶᠢ | ᠨᠥᠬᠦᠪᠦᠷᠢᠯᠡᠵᠦ᠂ ᠨᠡᠩ ᠲᠥᠪ ᠭᠤᠣᠯᠴᠢ᠂ ᠬᠠᠮᠲᠤ ᠪᠠᠷ ᠡᠳ᠋ᠯᠡᠬᠦ᠂ ᠨᠡᠩ ᠦᠷᠭᠦᠯᠵᠢᠯᠡᠬᠦᠶᠢᠴᠡ ᠨᠠᠰᠤᠵᠢᠯ ᠤᠨ | ᠳᠠᠭᠠᠳᠬᠠᠯ ᠤᠨ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃ | —— ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠷᠠᠯᠲᠠ ᠲᠠᠢ ᠨᠢᠭᠲᠠ ᠤᠶᠠᠯᠳᠤᠭᠤᠯᠤᠨ᠎ᠠ᠃ ᠬᠡᠰᠡᠭ | ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠬᠦ ᠬᠠᠷᠠᠯᠲᠠ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠳᠤᠲᠠᠭᠰᠠᠨ ᠰᠢᠯᠲᠠᠭᠠᠨ᠂ ᠤᠯᠤᠰ ᠤᠨ ᠥᠮᠴᠢᠯᠡᠯᠲᠦ | ᠬᠥᠷᠥᠩᠭᠡ ᠶᠢᠨ ᠡᠵᠡᠩᠨᠡᠯᠲᠡ ᠶᠢᠨ ᠣᠳᠣᠬᠠᠨ ᠤ ᠪᠠᠶᠢᠳᠠᠯ ᠪᠣᠯᠣᠨ ᠠᠵᠤ ᠠᠬᠤᠶᠢᠯᠠᠯ ᠤᠨ ᠬᠥᠭᠵᠢᠯᠲᠡ ᠶᠢᠨ | ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠰᠢᠯᠵᠢᠭᠦᠯᠬᠦ ᠬᠦᠷᠢᠶ᠎ᠡ ᠬᠡᠪᠴᠢᠶ᠎ᠡ ᠶᠢ ᠰᠢᠨᠵᠢᠯᠡᠬᠦ | ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠰᠢᠯᠵᠢᠭᠦᠯᠬᠦ ᠬᠠᠷᠢᠴᠠᠯ ᠢ ᠵᠦᠢ ᠵᠣᠬᠢᠰᠲᠠᠢ ᠲᠣᠭᠲᠠᠭᠠᠨ᠎ᠠ᠃ | ——ᠬᠤᠯᠠ ᠶᠢ ᠪᠣᠳᠤᠯᠬᠢᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ | ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤ ᠶᠢ ᠨᠥᠬᠦᠪᠦᠷᠢᠯᠡᠬᠦ ᠬᠠᠷᠠᠯᠲᠠ ᠲᠠᠢ | ᠤᠶᠠᠯᠳᠤᠭᠤᠯᠤᠨ᠎ᠠ᠃ ᠰᠢᠯᠵᠢᠭᠦᠯᠬᠦ ᠪᠠᠷ ᠳᠠᠮᠵᠢᠨ ᠤᠯᠤᠰ ᠤᠨ ᠥᠮᠴᠢᠯᠡᠯᠲᠦ ᠬᠥᠷᠥᠩᠭᠡ ᠶᠢᠨ ᠣᠯᠠᠨ ᠡᠰᠢᠵᠢᠭᠰᠡᠨ | ᠡᠵᠡᠮᠳᠡᠯ ᠢ ᠪᠣᠢ ᠪᠣᠯᠭᠠᠨ᠎ᠠ᠂ ᠭᠡᠪᠡᠴᠦ ᠤᠯᠤᠰ ᠤᠨ ᠥᠮᠴᠢᠯᠡᠯᠲᠦ ᠬᠥᠷᠥᠩᠭᠡ ᠶᠢᠨ ᠰᠢᠨᠵᠢ ᠴᠢᠨᠠᠷ ᠢ ᠬᠤᠪᠢᠷᠠᠭᠤᠯᠬᠤ | ᠦᠭᠡᠢ᠃ ᠰᠢᠯᠵᠢᠬᠦᠯᠦᠭᠰᠡᠨ ᠢ ᠬᠦᠯᠢᠶᠡᠨ ᠠᠪᠤᠭᠰᠠᠨ ᠭᠤᠣᠯ ᠴᠣᠭᠴᠠ ᠨᠢ ᠡᠳ᠋ ᠤᠨ ᠶᠠᠪᠤᠳᠠᠯ ᠤᠨ ᠪᠡᠯᠡ | ᠤᠷᠤᠭᠤᠯᠤᠭᠴᠢ ᠶᠢᠨ ᠬᠤᠪᠢ ᠪᠠᠷ ᠰᠢᠯᠵᠢᠭᠦᠯᠦᠭᠰᠡᠨ ᠤᠯᠤᠰ ᠤᠨ ᠥᠮᠴᠢᠯᠡᠯᠲᠦ ᠬᠥᠷᠥᠩᠭᠡ ᠶᠢ ᠬᠠᠮᠢᠶᠠᠷᠤᠨ | ᠡᠵᠡᠩᠨᠡᠵᠦ᠂ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠬᠦ ᠪᠠ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤ ᠶᠢ ᠠᠯᠬᠤᠮ | ᠠᠯᠬᠤᠮ ᠢᠶᠠᠷ ᠨᠥᠬᠦᠪᠦᠷᠢᠯᠡᠬᠦ ᠶᠢ ᠤᠶᠠᠯᠳᠤᠭᠤᠯᠤᠭᠰᠠᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠎ᠠ᠃ | —— ᠪᠡᠶ᠎ᠡ ᠪᠠᠨ ᠳᠠᠭᠠᠭᠠᠨ ᠡᠵᠡᠩᠨᠡᠬᠦ ᠶᠢ ᠪᠠᠷᠢᠮᠲᠠᠯᠠᠵᠤ᠂ ᠨᠡᠶᠢᠭᠡᠮ ᠤᠨ ᠪᠠᠳᠤᠯᠠᠭ᠎ᠠ ᠶᠢᠨ ᠰᠠᠭᠤᠷᠢ | ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠬᠤ ᠲᠥᠷᠥ ᠶᠢᠨ ᠪᠣᠳᠣᠯᠭ᠎ᠠ ᠶᠢᠨ ᠬᠠᠷᠠᠯᠲᠠ ᠲᠠᠢ | ᠤᠶᠠᠯᠳᠤᠭᠤᠯᠤᠨ᠎ᠠ᠃ ᠰᠢᠯᠵᠢᠭᠦᠯᠦᠭᠰᠡᠨ ᠤᠯᠤᠰ ᠤᠨ ᠥᠮᠴᠢᠯᠡᠯᠲᠦ ᠬᠥᠷᠥᠩᠭᠡ ᠨᠢ ᠨᠡᠶᠢᠭᠡᠮ ᠤᠨ ᠪᠠᠲᠤᠯᠠᠭ᠎ᠠ ᠶᠢᠨ | ᠰᠠᠭᠤᠷᠢ ᠮᠥᠩᠭᠦ ᠶᠢ ᠲᠡᠭᠦᠯᠳᠡᠷᠵᠢᠬᠦᠯᠬᠦ ᠣᠨᠴᠠᠭᠠᠢ ᠬᠡᠷᠡᠭᠴᠡᠭᠡ ᠪᠠ ᠲᠥᠷᠥ ᠶᠢᠨ ᠪᠣᠳᠣᠯᠭ᠎ᠠ ᠶᠢᠨ ᠬᠠᠷᠠᠯᠲᠠ ᠲᠠᠢ᠂ | ᠠᠵᠢᠯᠯᠠᠭᠠᠨ ᠤ ᠠᠰᠢᠭ ᠣᠷᠣᠯᠭ᠎ᠠ ᠶᠢ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ | ᠵᠠᠷᠤᠳᠠᠯ ᠤᠨ ᠬᠡᠷᠡᠭᠴᠡᠭᠡ ᠶᠢ ᠦᠨᠳᠦᠰᠦᠯᠡᠨ ᠲᠡᠭᠡᠭᠰᠢ ᠲᠤᠰᠢᠶᠠᠵᠤ᠂ ᠠᠵᠤ ᠠᠬᠤᠶᠢᠯᠠᠯ ᠤᠨ ᠠᠵᠢᠯᠲᠠᠨ | ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤ ᠶᠢ ᠨᠥᠬᠦᠪᠦᠷᠢᠯᠡᠬᠦ ᠳᠤ | ᠲᠤᠰᠬᠠᠢ ᠬᠡᠷᠡᠭᠯᠡᠨ᠎ᠡ᠃ ᠰᠢᠯᠵᠢᠭᠦᠯᠦᠭᠰᠡᠨ ᠤᠯᠤᠰ ᠤᠨ ᠥᠮᠴᠢᠯᠡᠯᠲᠦ ᠬᠥᠷᠥᠩᠭᠡ ᠶᠢ ᠲᠥᠪᠯᠡᠷᠡᠭᠦᠯᠦᠨ ᠡᠵᠡᠮᠰᠢᠵᠦ᠂ | ᠪᠡᠶ᠎ᠡ ᠪᠠᠨ ᠳᠠᠭᠠᠭᠠᠨ ᠠᠵᠢᠯᠯᠠᠭᠤᠯᠵᠤ᠂ ᠲᠤᠰᠠᠭᠠᠷ ᠬᠠᠷᠭᠤᠭᠤᠯᠤᠨ ᠪᠣᠳᠣᠵᠤ᠂ ᠬᠢᠨᠠᠨ ᠰᠢᠯᠭᠠᠯᠲᠠ ᠪᠠ ᠬᠢᠨᠠᠯᠲᠠ | ᠲᠠᠯᠪᠢᠬᠤ ᠶᠢ ᠬᠦᠯᠢᠶᠡᠨ᠂ ᠤᠯᠤᠰ ᠤᠨ ᠥᠮᠴᠢᠯᠡᠯᠲᠦ ᠬᠥᠷᠥᠩᠭᠡ ᠶᠢᠨ ᠥᠷᠲᠡᠭ ᠢᠶᠠᠨ ᠬᠠᠳᠠᠭᠠᠯᠠᠵᠤ ᠥᠷᠲᠡᠭ ᠢᠶᠠᠨ | ᠨᠡᠮᠡᠭᠳᠡᠭᠦᠯᠬᠦ ᠶᠢ ᠪᠠᠳᠤᠯᠠᠬᠤ ᠬᠡᠷᠡᠭᠲᠡᠢ᠃ | ᠭᠤᠷᠪᠠ᠂ ᠰᠢᠯᠵᠢᠭᠦᠯᠬᠦ ᠱᠠᠭᠠᠷᠳᠠᠯᠭ᠎ᠠ | ︵ᠨᠢᠭᠡ︶ ᠰᠢᠯᠵᠢᠭᠦᠯᠬᠦ ᠬᠦᠷᠢᠶ᠎ᠡ ᠬᠡᠪᠴᠢᠶ᠎ᠡ᠃ ᠪᠦᠬᠦ ᠬᠤᠲᠠ ᠶᠢᠨ ᠡᠯ᠎ᠡ ᠲᠡᠰ ᠤᠨ ᠤᠯᠤᠰ ᠤᠨ | ᠥᠮᠴᠢᠯᠡᠯᠲᠦ ᠵᠢᠴᠢ ᠤᠯᠤᠰ ᠠᠴᠠ ᠬᠤᠪᠢ ᠡᠵᠡᠮᠳᠡᠭᠰᠡᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ᠂ | ᠮᠥᠩᠭᠦᠨ ᠭᠦᠢᠯᠭᠡᠭᠡᠨ ᠤ ᠪᠠᠶᠢᠭᠤᠯᠤᠮᠵᠢ᠃ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ᠂ | ᠰᠣᠶᠣᠯ ᠤᠨ ᠠᠵᠤ ᠠᠬᠤᠶᠢᠯᠠᠯ ᠵᠢᠴᠢ ᠠᠰᠲᠠᠭᠠᠨ ᠲᠣᠭᠲᠠᠭᠠᠯ ᠲᠠᠢ ᠶᠢ ᠪᠠᠭᠲᠠᠭᠠᠬᠤ ᠦᠭᠡᠢ᠃ | ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠪᠠᠷᠢᠮᠵᠢᠶ᠎ᠠ ᠶᠢ ︽ ︿ | ᠪᠦᠷᠢᠳᠬᠡᠯ ᠳᠡᠭᠡᠷ᠎ᠡ ᠶᠡᠭᠡ ᠳᠤᠮᠳᠠ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠢ ᠠᠩᠭᠢᠯᠠᠬᠤ ᠠᠷᠭ᠎ᠠ ︵ | 2017︶ ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠳᠡᠯ︾ | ︵ᠤᠯᠤᠰ ᠪᠦᠷᠢᠳᠬᠡᠯ ᠦᠰᠦᠭ ﹇2017﹈ 213 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ︔ ᠲᠣᠮᠣ ᠳᠤᠮᠳᠠ ᠬᠡᠯᠪᠡᠷᠢ ᠶᠢᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ | ᠲᠣᠭᠲᠠᠭᠠᠬᠤ ᠪᠠᠷᠢᠮᠵᠢᠶ᠎ᠠ ᠶᠢ ᠳᠤᠮᠳᠠᠳᠤ ᠤᠯᠤᠰ ᠤᠨ ᠠᠷᠠᠳ ᠤᠨ ᠪᠠᠩᠬᠢ᠂ ᠤᠤᠯ ᠤᠨ ᠳᠤᠮᠳᠠᠳᠤ ᠤᠯᠤᠰ ᠤᠨ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠤᠤᠯ ᠤᠨ ᠳᠤᠮᠳᠠᠳᠤ ᠤᠯᠤᠰ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠵᠥᠪᠯᠡᠯ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽︿ᠮᠥᠩᠭᠦᠨ ᠭᠦᠢᠯᠭᠡᠭᠡᠨ ᠤ ᠦᠢᠯᠡᠰ ᠤᠨ ᠠᠵᠤ | ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ | ᠪᠠᠩᠬᠢ ᠲᠠᠷᠬᠠᠭᠠᠭᠰᠠᠨ ﹇2015﹈ 309 ᠳ᠋ᠦ᠋ᠭᠡᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ ᠢ ᠲᠣᠭᠲᠠᠭᠠᠬᠤ ᠳᠤ ᠬᠤᠲᠠ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽︿ᠬᠥᠬᠡᠬᠤᠲᠠ ᠶᠢᠨ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠳᠠᠮᠵᠢ ᠶᠢ ᠵᠠᠭᠠᠭᠯᠠᠨ ᠲᠣᠭᠲᠠᠭᠠᠬᠤ ᠪᠠ ᠲᠥᠷᠥᠯ ᠬᠤᠪᠢᠶᠠᠬᠤ | ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠤᠯᠤᠰ ᠬᠥᠷᠥᠩᠭᠡ | ᠲᠠᠷᠬᠠᠭᠠᠭᠰᠠᠨ ﹇2016﹈ 56 ᠳ᠋ᠤᠭᠠᠷ ᠲᠣᠭᠠᠲᠤ︶ ᠢᠶᠠᠷ ᠲᠣᠳᠣᠷᠬᠠᠶᠢᠯᠠᠨ᠎ᠠ᠃ | ᠰᠣᠶᠣᠯ ᠤᠨ ᠠᠵᠤ ᠠᠬᠤᠶᠢᠯᠠᠯ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠪᠠ | ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠪᠡᠯᠡ ᠣᠷᠣᠭᠤᠯᠤᠨ ᠪᠠᠶᠢᠭᠤᠯᠤᠭᠰᠠᠨ ᠰᠣᠶᠣᠯ ᠤᠨ ᠠᠵᠤ ᠠᠬᠤᠶᠢᠯᠠᠯ ᠢ | ᠵᠢᠭᠠᠨ᠎ᠠ᠃ | ︵ᠬᠤᠶᠠᠷ︶ ᠰᠢᠯᠵᠢᠭᠦᠯᠬᠦ ᠡᠲᠡᠭᠡᠳ᠃ ᠬᠤᠲᠠ ᠶᠢᠨ ᠲᠤᠰ ᠱᠠᠲᠤ ᠪᠤᠶᠤ ᠬᠤᠰᠢᠭᠤ ᠰᠢᠶᠠᠨ ᠲᠣᠭᠤᠷᠢᠭ ᠲᠤ | ᠡᠵᠡᠮᠰᠢᠭᠳᠡᠬᠦ ᠮᠥᠷᠲᠡᠭᠡᠨ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠤᠯᠤᠰ ᠤᠨ ᠥᠮᠴᠢᠯᠡᠯᠲᠦ | ᠬᠤᠪᠢᠴᠠᠭᠠᠨ ᠤ ᠡᠷᠬᠡ᠃ | ᠠᠵᠤ ᠠᠬᠤᠶᠢᠯᠠᠯ ᠢ ᠨᠢᠭᠡᠨᠲᠡ ᠺᠣᠮᠫᠠᠨᠢ ᠶᠢᠨ ᠪᠠᠶᠢᠭᠤᠯᠤᠯ ᠢᠶᠠᠷ ᠥᠭᠡᠷᠡᠴᠢᠯᠡᠭᠰᠡᠨ ᠢ ᠠᠵᠤ ᠠᠬᠤᠶᠢᠯᠠᠯ ᠤᠨ | ᠪᠦᠯᠦᠭᠯᠡᠯ ᠤᠨ ᠬᠤᠪᠢᠴᠠᠭᠠᠨ ᠤ ᠡᠷᠬᠡ ᠶᠢ ᠰᠢᠭᠤᠳ ᠰᠢᠯᠵᠢᠭᠦᠯᠦᠨ᠎ᠡ︔ ᠺᠣᠮᠫᠠᠨᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠪᠡᠶᠡᠯᠡᠭᠦᠯᠦᠭᠡᠳᠦᠢ ᠠᠵᠤ ᠠᠬᠤᠶᠢᠯᠠᠯ ᠤᠨ ᠪᠦᠯᠦᠭᠯᠡᠯ ᠳᠤ ᠬᠠᠷᠢᠶᠠᠯᠠᠭᠳᠠᠬᠤ ᠨᠢᠭᠡᠳᠦᠭᠡᠷ | ᠲᠡᠰ ᠤᠨ ᠬᠦᠦ ᠺᠣᠮᠫᠠᠨᠢ ᠶᠢᠨ ᠬᠤᠪᠢᠴᠠᠭᠠᠨ ᠤ ᠡᠷᠬᠡ ᠶᠢ ᠰᠢᠯᠵᠢᠭᠦᠯᠬᠦ ᠶᠢ ᠰᠦᠪᠡᠭᠴᠢᠯᠡᠨ᠎ᠡ᠃ ᠪᠦᠬᠦ ᠤᠯᠤᠰ ᠤᠨ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ | ᠰᠢᠯᠵᠢᠭᠦᠯᠬᠦ᠂ ᠪᠡᠯᠡ ᠣᠷᠣᠭᠤᠯᠬᠤ ᠵᠡᠷᠭᠡ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠪᠦᠷᠢᠯᠳᠦᠭᠰᠡᠨ | ᠬᠥᠷᠥᠩᠭᠡ ᠶᠢᠨ ᠵᠠᠬ᠎ᠠ ᠳᠤ ᠭᠠᠷᠤᠭᠰᠠᠨ ᠠᠵᠤ ᠠᠬᠤᠶᠢᠯᠠᠯ ᠪᠠ ᠬᠥᠷᠥᠩᠭᠡ ᠶᠢᠨ ᠵᠠᠬ᠎ᠠ ᠳᠤ ᠭᠠᠷᠤᠭᠰᠠᠨ ᠦᠭᠡᠢ ᠠᠵᠤ | ᠠᠬᠤᠶᠢᠯᠠᠯ ᠤᠨ ᠬᠤᠪᠢᠴᠠᠭᠠᠨ ᠤ ᠡᠷᠬᠡ ᠶᠢ ᠪᠠᠭᠲᠠᠭᠠᠬᠤ ᠦᠭᠡᠢ᠃ ᠰᠢᠯᠵᠢᠭᠦᠯᠬᠦ ᠡᠲᠡᠭᠡᠳ ᠨᠢ ᠣᠯᠠᠨ ᠤᠯᠤᠰ ᠤᠨ | ᠥᠮᠴᠢᠯᠡᠯᠲᠦ ᠬᠤᠪᠢ ᠣᠷᠣᠭᠤᠯᠤᠭᠴᠢ ᠳᠤ ᠬᠤᠯᠪᠣᠭᠳᠠᠭᠰᠠᠨ ᠢ ᠳᠠᠬᠢᠨ ᠳᠠᠪᠲᠠᠨ ᠰᠢᠯᠵᠢᠭᠦᠯᠬᠦ ᠦᠭᠡᠢ ᠵᠠᠷᠴᠢᠮ | ᠶᠣᠰᠣᠭᠠᠷ ᠰᠢᠯᠵᠢᠭᠦᠯᠦᠨ᠎ᠡ᠃ ᠲᠥᠪ ᠪᠠ ᠣᠷᠣᠨ ᠨᠤᠲᠤᠭ ᠬᠤᠯᠢᠯᠳᠤᠨ ᠬᠤᠪᠢ ᠡᠵᠡᠮᠳᠡᠭᠰᠡᠨᠠᠵᠤ ᠠᠬᠤᠶᠢᠯᠠᠯ ᠢ | ᠨᠢᠭᠡᠳᠦᠭᠡᠷ ᠶᠡᠭᠡ ᠬᠤᠪᠢ ᠣᠷᠣᠭᠤᠯᠤᠭᠴᠢ ᠶᠢᠨ ᠥᠮᠴᠢ ᠶᠢᠨ ᠡᠷᠬᠡ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ | ᠰᠢᠯᠵᠢᠭᠦᠯᠦᠨ᠎ᠡ᠃ | ︵ᠭᠤᠷᠪᠠ︶ ᠰᠢᠯᠵᠢᠭᠦᠯᠬᠦ ᠬᠠᠷᠢᠴᠠᠯ᠃ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠨᠢ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢᠨ 10%︔ ᠰᠢᠯᠵᠢᠭᠦᠯᠬᠦ ᠡᠲᠡᠭᠡᠳ ᠨᠢ | ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠳᠤ ᠬᠤᠯᠪᠣᠭᠳᠠᠭᠰᠠᠨ ᠢ ᠲᠡᠭᠦᠨ ᠤ ᠡᠵᠡᠮᠳᠡᠵᠦ ᠪᠠᠶᠢᠭ᠎ᠠ | ᠬᠤᠪᠢᠴᠠᠭᠠᠨ ᠤ ᠡᠷᠬᠡ ᠠᠴᠠ ᠲᠤᠰᠪᠦᠷᠢ 10% ᠶᠢ ᠰᠢᠯᠵᠢᠭᠦᠯᠦᠨ᠎ᠡ᠃ | ︵ᠳᠥᠷᠪᠡ︶ ᠰᠢᠯᠵᠢᠭᠦᠯᠬᠦ ᠴᠠᠭ ᠬᠤᠭᠤᠴᠠᠭ᠎ᠠ᠃ 2019 ᠣᠨ ᠤ 12 ᠳ᠋ᠤᠭᠠᠷ ᠰᠠᠷ᠎ᠠ ᠶᠢᠨ 31 ᠤ | ᠡᠳᠦᠷ ᠢ ᠰᠢᠯᠵᠢᠭᠦᠯᠬᠦ ᠰᠠᠭᠤᠷᠢ ᠪᠠᠷᠢᠮᠵᠢᠶ᠎ᠠ ᠡᠳᠦᠷ ᠢᠶᠠᠷ ᠲᠣᠭᠲᠠᠭᠠᠨ᠎ᠠ᠃ | ᠭᠤᠷᠪᠠ᠂ ᠰᠢᠯᠵᠢᠭᠦᠯᠬᠦ ᠱᠠᠭᠠᠷᠳᠠᠯᠭ᠎ᠠ | ︵ᠨᠢᠭᠡ︶ ᠰᠢᠯᠵᠢᠭᠦᠯᠬᠦ ᠬᠦᠷᠢᠶ᠎ᠡ ᠬᠡᠪᠴᠢᠶ᠎ᠡ᠃ ᠪᠦᠬᠦ ᠬᠤᠲᠠ ᠶᠢᠨ ᠡᠯ᠎ᠡ ᠲᠡᠰ ᠤᠨ ᠤᠯᠤᠰ ᠤᠨ | ᠥᠮᠴᠢᠯᠡᠯᠲᠦ ᠵᠢᠴᠢ ᠤᠯᠤᠰ ᠠᠴᠠ ᠬᠤᠪᠢ ᠡᠵᠡᠮᠳᠡᠭᠰᠡᠨ ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ᠂ | ᠮᠥᠩᠭᠦᠨ ᠭᠦᠢᠯᠭᠡᠭᠡᠨ ᠤ ᠪᠠᠶᠢᠭᠤᠯᠤᠮᠵᠢ᠃ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ᠂ | ᠰᠣᠶᠣᠯ ᠤᠨ ᠠᠵᠤ ᠠᠬᠤᠶᠢᠯᠠᠯ ᠵᠢᠴᠢ ᠠᠰᠲᠠᠭᠠᠨ ᠲᠣᠭᠲᠠᠭᠠᠯ ᠲᠠᠢ ᠶᠢ ᠪᠠᠭᠲᠠᠭᠠᠬᠤ ᠦᠭᠡᠢ᠃ | ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠪᠠᠷᠢᠮᠵᠢᠶ᠎ᠠ ᠶᠢ ︽ ︿ | ᠪᠦᠷᠢᠳᠬᠡᠯ ᠳᠡᠭᠡᠷ᠎ᠡ ᠶᠡᠭᠡ ᠳᠤᠮᠳᠠ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠢ ᠠᠩᠭᠢᠯᠠᠬᠤ ᠠᠷᠭ᠎ᠠ ︵ | 2017︶ ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠳᠡᠯ︾ | ︵ᠤᠯᠤᠰ ᠪᠦᠷᠢᠳᠬᠡᠯ ᠦᠰᠦᠭ ﹇2017﹈ 213 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ︔ ᠲᠣᠮᠣ ᠳᠤᠮᠳᠠ ᠬᠡᠯᠪᠡᠷᠢ ᠶᠢᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ | ᠲᠣᠭᠲᠠᠭᠠᠬᠤ ᠪᠠᠷᠢᠮᠵᠢᠶ᠎ᠠ ᠶᠢ ᠳᠤᠮᠳᠠᠳᠤ ᠤᠯᠤᠰ ᠤᠨ ᠠᠷᠠᠳ ᠤᠨ ᠪᠠᠩᠬᠢ᠂ ᠤᠤᠯ ᠤᠨ ᠳᠤᠮᠳᠠᠳᠤ ᠤᠯᠤᠰ ᠤᠨ | ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ᠂ ᠤᠤᠯ ᠤᠨ ᠳᠤᠮᠳᠠᠳᠤ ᠤᠯᠤᠰ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ | ᠵᠥᠪᠯᠡᠯ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽︿ᠮᠥᠩᠭᠦᠨ ᠭᠦᠢᠯᠭᠡᠭᠡᠨ ᠤ ᠦᠢᠯᠡᠰ ᠤᠨ ᠠᠵᠤ | ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ | ᠪᠠᠩᠬᠢ ᠲᠠᠷᠬᠠᠭᠠᠭᠰᠠᠨ ﹇2015﹈ 309 ᠳ᠋ᠦ᠋ᠭᠡᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ | ᠬᠡᠷᠡᠭᠵᠢᠭᠦᠯᠦᠨ᠎ᠡ᠃ | ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ ᠢ ᠲᠣᠭᠲᠠᠭᠠᠬᠤ ᠳᠤ ᠬᠤᠲᠠ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ | ᠲᠣᠪᠴᠢᠶ᠎ᠠ᠂ ᠬᠤᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠤᠨ ︽︿ᠬᠥᠬᠡᠬᠤᠲᠠ ᠶᠢᠨ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠳᠠᠮᠵᠢ ᠶᠢ ᠵᠠᠭᠠᠭᠯᠠᠨ ᠲᠣᠭᠲᠠᠭᠠᠬᠤ ᠪᠠ ᠲᠥᠷᠥᠯ ᠬᠤᠪᠢᠶᠠᠬᠤ | ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠤᠯᠤᠰ ᠬᠥᠷᠥᠩᠭᠡ | ᠲᠠᠷᠬᠠᠭᠠᠭᠰᠠᠨ ﹇2016﹈ 56 ᠳ᠋ᠤᠭᠠᠷ ᠲᠣᠭᠠᠲᠤ︶ ᠢᠶᠠᠷ ᠲᠣᠳᠣᠷᠬᠠᠶᠢᠯᠠᠨ᠎ᠠ᠃ | ᠰᠣᠶᠣᠯ ᠤᠨ ᠠᠵᠤ ᠠᠬᠤᠶᠢᠯᠠᠯ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠪᠠ | ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠪᠡᠯᠡ ᠣᠷᠣᠭᠤᠯᠤᠨ ᠪᠠᠶᠢᠭᠤᠯᠤᠭᠰᠠᠨ ᠰᠣᠶᠣᠯ ᠤᠨ ᠠᠵᠤ ᠠᠬᠤᠶᠢᠯᠠᠯ ᠢ | ᠵᠢᠭᠠᠨ᠎ᠠ᠃ | ︵ᠬᠤᠶᠠᠷ︶ ᠰᠢᠯᠵᠢᠭᠦᠯᠬᠦ ᠡᠲᠡᠭᠡᠳ᠃ ᠬᠤᠲᠠ ᠶᠢᠨ ᠲᠤᠰ ᠱᠠᠲᠤ ᠪᠤᠶᠤ ᠬᠤᠰᠢᠭᠤ ᠰᠢᠶᠠᠨ ᠲᠣᠭᠤᠷᠢᠭ ᠲᠤ | ᠡᠵᠡᠮᠰᠢᠭᠳᠡᠬᠦ ᠮᠥᠷᠲᠡᠭᠡᠨ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠤᠯᠤᠰ ᠤᠨ ᠥᠮᠴᠢᠯᠡᠯᠲᠦ | ᠬᠤᠪᠢᠴᠠᠭᠠᠨ ᠤ ᠡᠷᠬᠡ᠃ | ᠠᠵᠤ ᠠᠬᠤᠶᠢᠯᠠᠯ ᠢ ᠨᠢᠭᠡᠨᠲᠡ ᠺᠣᠮᠫᠠᠨᠢ ᠶᠢᠨ ᠪᠠᠶᠢᠭᠤᠯᠤᠯ ᠢᠶᠠᠷ ᠥᠭᠡᠷᠡᠴᠢᠯᠡᠭᠰᠡᠨ ᠢ ᠠᠵᠤ ᠠᠬᠤᠶᠢᠯᠠᠯ ᠤᠨ | ᠪᠦᠯᠦᠭᠯᠡᠯ ᠤᠨ ᠬᠤᠪᠢᠴᠠᠭᠠᠨ ᠤ ᠡᠷᠬᠡ ᠶᠢ ᠰᠢᠭᠤᠳ ᠰᠢᠯᠵᠢᠭᠦᠯᠦᠨ᠎ᠡ︔ ᠺᠣᠮᠫᠠᠨᠢ ᠶᠢᠨ ᠪᠠᠶᠢᠭᠤᠯᠤᠯ ᠤᠨ | ᠥᠭᠡᠷᠡᠴᠢᠯᠡᠯᠲᠡ ᠶᠢ ᠪᠡᠶᠡᠯᠡᠭᠦᠯᠦᠭᠡᠳᠦᠢ ᠠᠵᠤ ᠠᠬᠤᠶᠢᠯᠠᠯ ᠤᠨ ᠪᠦᠯᠦᠭᠯᠡᠯ ᠳᠤ ᠬᠠᠷᠢᠶᠠᠯᠠᠭᠳᠠᠬᠤ ᠨᠢᠭᠡᠳᠦᠭᠡᠷ | ᠲᠡᠰ ᠤᠨ ᠬᠦᠦ ᠺᠣᠮᠫᠠᠨᠢ ᠶᠢᠨ ᠬᠤᠪᠢᠴᠠᠭᠠᠨ ᠤ ᠡᠷᠬᠡ ᠶᠢ ᠰᠢᠯᠵᠢᠭᠦᠯᠬᠦ ᠶᠢ ᠰᠦᠪᠡᠭᠴᠢᠯᠡᠨ᠎ᠡ᠃ ᠪᠦᠬᠦ ᠤᠯᠤᠰ ᠤᠨ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ | ᠰᠢᠯᠵᠢᠭᠦᠯᠬᠦ᠂ ᠪᠡᠯᠡ ᠣᠷᠣᠭᠤᠯᠬᠤ ᠵᠡᠷᠭᠡ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠪᠦᠷᠢᠯᠳᠦᠭᠰᠡᠨ | ᠬᠥᠷᠥᠩᠭᠡ ᠶᠢᠨ ᠵᠠᠬ᠎ᠠ ᠳᠤ ᠭᠠᠷᠤᠭᠰᠠᠨ ᠠᠵᠤ ᠠᠬᠤᠶᠢᠯᠠᠯ ᠪᠠ ᠬᠥᠷᠥᠩᠭᠡ ᠶᠢᠨ ᠵᠠᠬ᠎ᠠ ᠳᠤ ᠭᠠᠷᠤᠭᠰᠠᠨ ᠦᠭᠡᠢ ᠠᠵᠤ | ᠠᠬᠤᠶᠢᠯᠠᠯ ᠤᠨ ᠬᠤᠪᠢᠴᠠᠭᠠᠨ ᠤ ᠡᠷᠬᠡ ᠶᠢ ᠪᠠᠭᠲᠠᠭᠠᠬᠤ ᠦᠭᠡᠢ᠃ ᠰᠢᠯᠵᠢᠭᠦᠯᠬᠦ ᠡᠲᠡᠭᠡᠳ ᠨᠢ ᠣᠯᠠᠨ ᠤᠯᠤᠰ ᠤᠨ | ᠥᠮᠴᠢᠯᠡᠯᠲᠦ ᠬᠤᠪᠢ ᠣᠷᠣᠭᠤᠯᠤᠭᠴᠢ ᠳᠤ ᠬᠤᠯᠪᠣᠭᠳᠠᠭᠰᠠᠨ ᠢ ᠳᠠᠬᠢᠨ ᠳᠠᠪᠲᠠᠨ ᠰᠢᠯᠵᠢᠭᠦᠯᠬᠦ ᠦᠭᠡᠢ ᠵᠠᠷᠴᠢᠮ | ᠶᠣᠰᠣᠭᠠᠷ ᠰᠢᠯᠵᠢᠭᠦᠯᠦᠨ᠎ᠡ᠃ ᠲᠥᠪ ᠪᠠ ᠣᠷᠣᠨ ᠨᠤᠲᠤᠭ ᠬᠤᠯᠢᠯᠳᠤᠨ ᠬᠤᠪᠢ ᠡᠵᠡᠮᠳᠡᠭᠰᠡᠨᠠᠵᠤ ᠠᠬᠤᠶᠢᠯᠠᠯ ᠢ | ᠨᠢᠭᠡᠳᠦᠭᠡᠷ ᠶᠡᠭᠡ ᠬᠤᠪᠢ ᠣᠷᠣᠭᠤᠯᠤᠭᠴᠢ ᠶᠢᠨ ᠥᠮᠴᠢ ᠶᠢᠨ ᠡᠷᠬᠡ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ | ᠰᠢᠯᠵᠢᠭᠦᠯᠦᠨ᠎ᠡ᠃ | ︵ᠭᠤᠷᠪᠠ︶ ᠰᠢᠯᠵᠢᠭᠦᠯᠬᠦ ᠬᠠᠷᠢᠴᠠᠯ᠃ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠨᠢ ᠠᠵᠤ | ᠠᠬᠤᠶᠢᠯᠠᠯ ᠤᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢᠨ 10%︔ ᠰᠢᠯᠵᠢᠭᠦᠯᠬᠦ ᠡᠲᠡᠭᠡᠳ ᠨᠢ | ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠳᠤ ᠬᠤᠯᠪᠣᠭᠳᠠᠭᠰᠠᠨ ᠢ ᠲᠡᠭᠦᠨ ᠤ ᠡᠵᠡᠮᠳᠡᠵᠦ ᠪᠠᠶᠢᠭ᠎ᠠ | ᠬᠤᠪᠢᠴᠠᠭᠠᠨ ᠤ ᠡᠷᠬᠡ ᠠᠴᠠ ᠲᠤᠰᠪᠦᠷᠢ 10% ᠶᠢ ᠰᠢᠯᠵᠢᠭᠦᠯᠦᠨ᠎ᠡ᠃ | ︵ᠳᠥᠷᠪᠡ︶ ᠰᠢᠯᠵᠢᠭᠦᠯᠬᠦ ᠴᠠᠭ ᠬᠤᠭᠤᠴᠠᠭ᠎ᠠ᠃ 2019 ᠣᠨ ᠤ 12 ᠳ᠋ᠤᠭᠠᠷ ᠰᠠᠷ᠎ᠠ ᠶᠢᠨ 31 ᠤ | ᠡᠳᠦᠷ ᠢ ᠰᠢᠯᠵᠢᠭᠦᠯᠬᠦ ᠰᠠᠭᠤᠷᠢ ᠪᠠᠷᠢᠮᠵᠢᠶ᠎ᠠ ᠡᠳᠦᠷ ᠢᠶᠠᠷ ᠲᠣᠭᠲᠠᠭᠠᠨ᠎ᠠ᠃ | ︵ᠲᠠᠪᠤ︶ ᠰᠢᠯᠵᠢᠭᠦᠯᠬᠦ ᠴᠠᠭ ᠤᠨ ᠬᠢᠵᠠᠭᠠᠷᠯᠠᠯ᠃ 2020 ᠣᠨ ᠤ ᠵᠢᠯ ᠤᠨ ᠡᠴᠦᠰ ᠠᠴᠠ ᠡᠮᠦᠨ᠎ᠡ | ᠰᠢᠯᠵᠢᠭᠦᠯᠬᠦ ᠠᠵᠢᠯ ᠢ ᠪᠡᠶᠡᠯᠡᠭᠦᠯᠦᠨ᠎ᠡ᠃ | ︵ᠵᠢᠷᠭᠤᠭ᠎ᠠ︶ ᠬᠦᠯᠢᠶᠡᠨᠠᠪᠬᠤ ᠭᠤᠣᠯ ᠴᠣᠭᠴᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ | ᠲᠣᠬᠢᠷᠠᠭᠤᠯᠤᠯᠲᠠ ᠶᠣᠰᠣᠭᠠᠷ᠂ ᠲᠤᠰ ᠤᠳᠠᠭᠠᠨ ᠤ ᠰᠢᠯᠵᠢᠭᠦᠯᠦᠭᠰᠡᠨ ᠤᠯᠤᠰ ᠤᠨ ᠥᠮᠴᠢᠯᠡᠯᠲᠦ ᠬᠤᠪᠢᠴᠠᠭᠠᠨ ᠤ | ᠡᠷᠬᠡ ᠶᠢ ᠥᠪᠥᠷ ᠮᠣᠩᠭᠤᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ ᠠᠴᠠ | ᠬᠠᠷᠢᠭᠤᠴᠠᠨ ᠲᠥᠪᠯᠡᠷᠡᠭᠦᠯᠦᠨ ᠡᠵᠡᠮᠳᠡᠵᠦ᠂ ᠬᠠᠮᠢᠶᠠᠷᠬᠤ ᠪᠠ ᠡᠵᠡᠩᠨᠡᠨ᠎ᠡ᠃ | ᠳᠥᠷᠪᠡ᠃ ᠰᠢᠯᠵᠢᠭᠦᠯᠬᠦ ᠠᠯᠬᠤᠮ ᠳᠠᠷᠠᠭ᠎ᠠ | ︵ᠨᠢᠭᠡ︶ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ᠃ ᠬᠤᠲᠠ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠪᠣᠯᠣᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ | ᠰᠠᠯᠠᠭ᠎ᠠ ᠮᠥᠴᠢᠷ ᠲᠤ ᠨᠠᠶᠢᠳᠠᠨ ᠬᠢᠨᠠᠨ ᠬᠠᠮᠢᠶᠠᠷᠤᠭᠤᠯᠵᠤ ᠪᠠᠶᠢᠭ᠎ᠠ ᠠᠵᠤ ᠠᠬᠤᠶᠢᠯᠠᠯ ᠵᠢᠴᠢ ᠬᠤᠲᠠ ᠶᠢᠨ ᠲᠤᠰ | ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠵᠢᠴᠢ | ᠤᠯᠤᠰ ᠠᠴᠠ ᠬᠤᠪᠢ ᠡᠵᠡᠮᠳᠡᠭᠰᠡᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠪᠠᠶᠢᠳᠠᠯ ᠢ | ᠣᠶᠢᠯᠠᠭᠠᠬᠤ ᠪᠠᠶᠢᠴᠠᠭᠠᠯᠲᠠ ᠬᠢᠨ᠎ᠡ᠃ ᠡᠯ᠎ᠡ ᠠᠵᠤ ᠠᠬᠤᠶᠢᠯᠠᠯ ︽ᠬᠥᠬᠡᠬᠤᠲᠠ ᠶᠢᠨ ᠲᠤᠰ ᠱᠠᠲᠤᠨ ᠤ ᠰᠢᠭᠤᠳ | ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠨᠳᠦᠰᠦᠨ ᠪᠠᠶᠢᠳᠠᠯ ᠤᠨ ᠬᠦᠰᠦᠨᠦᠭᠲᠦ︾ ︵ | ᠳᠠᠭᠠᠯᠳᠤᠭᠤᠯᠤᠯ ᠨᠢᠭᠡ︶ ᠶᠢ ᠲᠣᠭᠲᠠᠭᠠᠯ ᠶᠣᠰᠣᠭᠠᠷ ᠲᠠᠭᠯᠠᠨ ᠳᠡᠭᠡᠭᠰᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ | ᠮᠡᠳᠡᠭᠦᠯᠵᠦ᠂ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠥᠪᠡᠷ ᠤᠨ ᠬᠠᠷᠢᠶᠠᠨ ᠳᠠᠬᠢ ᠠᠵᠤ ᠠᠬᠤᠶᠢᠯᠠᠯ ᠤᠨ | ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ᠂ ︽ᠬᠥᠬᠡᠬᠤᠲᠠ ᠶᠢᠨ ᠲᠤᠰ ᠱᠠᠲᠤᠨ ᠤ | ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠬᠤᠷᠢᠶᠠᠩᠭᠤᠶᠢᠯᠠᠭᠰᠠᠨ | ᠬᠦᠰᠦᠨᠦᠭᠲᠦ︾ ︵ᠳᠠᠭᠠᠯᠳᠤᠭᠤᠯᠤᠯ ᠬᠤᠶᠠᠷ︶ ᠢ ᠲᠠᠭᠯᠠᠨ᠂ 2020 ᠣᠨ ᠤ 7 ᠳ᠋ᠤᠭᠠᠷ ᠰᠠᠷ᠎ᠠ ᠶᠢᠨ 15 ᠤ | ᠡᠳᠦᠷ ᠠᠴᠠ ᠡᠮᠦᠨ᠎ᠡ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠳᠤ ᠮᠡᠳᠡᠭᠦᠯᠦᠨ ᠬᠦᠷᠭᠡᠨ᠎ᠡ᠃ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠤᠰ ᠲᠥᠰᠥᠯ ᠤᠨ ᠶᠣᠰᠣᠭᠠᠷ᠂ ᠲᠤᠰ ᠭᠠᠵᠠᠷ ᠣᠷᠣᠨ ᠳᠤ | ᠬᠠᠷᠢᠶᠠᠯᠠᠭᠳᠠᠬᠤ ᠠᠵᠤ ᠠᠬᠤᠶᠢᠯᠠᠯ ᠳᠤ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ | 2020 ᠣᠨ ᠤ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠨᠥᠬᠦᠴᠡᠯ ᠳᠤ ᠨᠡᠶᠢᠴᠡᠬᠦ ᠰᠢᠯᠵᠢᠭᠦᠯᠬᠦ ᠠᠵᠤ | ᠠᠬᠤᠶᠢᠯᠠᠯ ᠤᠨ ᠨᠡᠷᠡᠰ ᠢ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠳᠤ ᠮᠡᠳᠡᠭᠦᠯᠦᠨ ᠬᠦᠷᠭᠡᠨ᠎ᠡ᠃ | ︵ᠬᠤᠶᠠᠷ︶ ᠰᠢᠯᠵᠢᠭᠦᠯᠬᠦ ᠲᠥᠰᠥᠯ ᠢ ᠬᠢᠨᠠᠨ ᠲᠣᠭᠲᠠᠭᠠᠬᠤ᠃ ᠡᠯ᠎ᠡ ᠱᠠᠲᠤᠨ ᠤ ᠤᠯᠤᠰ ᠤᠨ ᠥᠮᠴᠢᠯᠡᠯᠲᠦ | ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠤᠰᠪᠦᠷᠢ ᠬᠢᠨᠠᠨ ᠬᠠᠮᠢᠶᠠᠷᠴᠤ ᠪᠠᠶᠢᠭ᠎ᠠ ᠠᠵᠤ | ᠠᠬᠤᠶᠢᠯᠠᠯ ᠤᠨ ᠬᠤᠪᠢᠴᠠᠭᠠᠨ ᠤ ᠡᠷᠬᠡ ᠶᠢ ᠰᠢᠯᠵᠢᠭᠦᠯᠬᠦ ᠲᠥᠰᠥᠯ ᠢᠶᠠᠨ ᠭᠠᠷᠭᠠᠨ᠎ᠠ᠃ ᠡᠯ᠎ᠡ ᠱᠠᠲᠤᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠯᠵᠢᠭᠦᠯᠬᠦ ᠲᠥᠰᠥᠯ ᠢ | ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠲᠤᠰ ᠲᠥᠰᠥᠯ ᠳᠤ ᠶᠠᠷᠢᠵᠤ ᠪᠠᠶᠢᠭ᠎ᠠ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠰᠠᠭ ᠤᠨ ᠣᠷᠳᠣᠨ ᠢ ᠲᠥᠯᠥᠭᠡᠯᠡᠨ ᠪᠡᠯᠡ | ᠭᠠᠷᠭᠠᠭᠴᠢ ᠶᠢᠨ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠰᠠᠯᠠᠭ᠎ᠠ ᠮᠥᠴᠢᠷ ︵ᠪᠠᠶᠢᠭᠤᠯᠤᠮᠵᠢ︶᠂ ᠵᠠᠰᠠᠭ | ᠵᠠᠬᠢᠷᠭ᠎ᠠ ᠠᠵᠢᠯ ᠦᠢᠯᠡᠰ ᠤᠨ ᠨᠢᠭᠡᠴᠡ ᠠᠴᠠ ᠪᠠᠶᠢᠭᠤᠯᠤᠭᠰᠠᠨ ᠠᠵᠤ ᠠᠬᠤᠶᠢᠯᠠᠯ ᠤᠨ ᠤᠯᠤᠰ ᠤᠨ ᠡᠳ᠋ ᠬᠥᠷᠥᠩᠭᠡ | ᠪᠠ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠤᠯᠤᠰ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠶᠢ | ᠬᠠᠷᠢᠭᠤᠴᠠᠬᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠵᠢᠭᠠᠨ᠎ᠠ᠃ | 1. ᠰᠢᠯᠵᠢᠭᠦᠯᠬᠦ ᠨᠥᠬᠦᠴᠡᠯ ᠳᠤ ᠨᠡᠶᠢᠴᠡᠬᠦ ᠬᠤᠲᠠ ᠶᠢᠨ ᠲᠤᠰ ᠱᠠᠲᠤᠨ ᠳᠤ ᠬᠠᠮᠢᠶᠠᠷᠤᠭᠳᠠᠬᠤ ᠠᠵᠤ | ᠠᠬᠤᠶᠢᠯᠠᠯ ᠢ ᠲᠡᠭᠦᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ | ᠪᠠᠶᠢᠭᠤᠯᠤᠮᠵᠢ ᠠᠴᠠ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡᠶᠢ | ᠰᠢᠯᠵᠢᠭᠦᠯᠬᠦ ᠲᠥᠰᠥᠯ ᠭᠠᠷᠭᠠᠨ᠎ᠠ᠃ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠤᠲᠠ ᠶᠢᠨ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠠᠩᠬ᠎ᠠ ᠠᠯᠬᠤᠮ ᠬᠢᠨᠠᠨ ᠲᠣᠭᠲᠠᠭᠠᠨ᠎ᠠ᠃ | 2. ᠰᠢᠯᠵᠢᠭᠦᠯᠬᠦ ᠨᠥᠬᠦᠴᠡᠯ ᠳᠤ ᠨᠡᠶᠢᠴᠡᠬᠦ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠲᠤ ᠬᠠᠮᠢᠶᠠᠷᠤᠭᠳᠠᠬᠤ ᠠᠵᠤ ᠠᠬᠤᠶᠢᠯᠠᠯ ᠢ ᠠᠳᠠᠯᠢ ᠱᠠᠲᠤᠨ ᠤ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠬᠢᠨᠠᠯᠲᠠ ᠬᠠᠮᠢᠶᠠᠷᠤᠯᠲᠠ ᠶᠢᠨ | ᠰᠠᠯᠠᠭ᠎ᠠ ᠮᠥᠴᠢᠷ ᠬᠠᠷᠢᠭᠤᠴᠠᠨ ᠲᠤᠰ ᠪᠠᠶᠢᠭᠤᠯᠤᠮᠵᠢ ᠶᠢᠨ ᠢᠶᠠᠨ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ | ᠬᠤᠪᠢᠴᠠᠭᠠᠨ ᠤ ᠡᠷᠬᠡ ᠶᠢ ᠰᠢᠯᠵᠢᠭᠦᠯᠬᠦ ᠲᠥᠰᠥᠯ ᠢ ᠭᠠᠷᠭᠠᠨ᠂ ᠲᠤᠰ ᠱᠠᠲᠤᠨ ᠤ ᠡᠳ᠋ ᠤᠨ ᠵᠠᠰᠠᠭ᠂ ᠬᠥᠮᠥᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠪᠣᠯᠣᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ | ᠰᠠᠯᠠᠭ᠎ᠠ ᠮᠥᠴᠢᠷ ᠲᠠᠢ ᠬᠠᠮᠲᠤᠷᠠᠨ ᠠᠩᠬ᠎ᠠ ᠠᠯᠬᠤᠮ ᠬᠢᠨᠠᠨ ᠲᠣᠭᠲᠠᠭᠠᠬᠤ ᠶᠢᠨ ᠬᠠᠮᠲᠤ ᠠᠳᠠᠯᠢ ᠱᠠᠲᠤᠨ ᠤ | ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠷᠢᠶᠠᠩᠭᠤᠶᠢᠯᠠᠵᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ | ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ᠎ᠡ᠃ | 3. ᠰᠢᠯᠵᠢᠭᠦᠯᠬᠦ ᠡᠲᠡᠭᠡᠳ ᠨᠢ ᠣᠯᠠᠨ ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠳᠤ | ᠬᠤᠯᠪᠣᠭᠳᠠᠭᠰᠠᠨ ᠢ ᠨᠢᠭᠡᠳᠦᠭᠡᠷ ᠶᠡᠭᠡ ᠬᠤᠪᠢ ᠣᠷᠣᠭᠤᠯᠤᠭᠴᠢ ᠶᠢᠨ ᠥᠮᠴᠢ ᠶᠢᠨ ᠡᠷᠬᠡ ᠶᠢᠨ ᠬᠠᠷᠢᠶᠠᠯᠠᠭᠳᠠᠬᠤ | ᠬᠠᠷᠢᠴᠠᠭ᠎ᠠ ᠶᠣᠰᠣᠭᠠᠷ ᠳᠡᠭᠡᠷ᠎ᠡ ᠳᠤᠷᠠᠳᠤᠭᠰᠠᠨ ᠵᠣᠷᠪᠣᠰ ᠤᠳ ᠢᠶᠠᠷ ᠯᠠᠪᠯᠠᠯᠲᠠ ᠪᠣᠯᠭᠠᠨ ᠬᠢᠨᠠᠨ ᠰᠢᠯᠭᠠᠬᠤ | ᠳᠠᠷᠠᠭᠠᠯᠠᠯ ᠢ ᠭᠦᠢᠴᠡᠳᠬᠡᠨ᠎ᠡ᠃ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠨᠢ ᠣᠯᠠᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠤᠯᠪᠣᠭᠳᠠᠭᠰᠠᠨ ᠢ ᠡᠷᠬᠡᠪᠰᠢ | ᠬᠠᠮᠢᠶ᠎ᠠ ᠪᠦᠬᠦᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ | ᠰᠠᠨᠠᠯ ᠢ ᠬᠤᠷᠢᠶᠠᠵᠤ᠂ ᠬᠠᠮᠢᠶ᠎ᠠ ᠪᠦᠬᠦᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠪᠠᠶᠢᠭᠤᠯᠤᠮᠵᠢ ᠨᠢ 15 ᠠᠵᠢᠯ ᠤᠨ ᠡᠳᠦᠷ ᠤᠨ ᠳᠣᠲᠣᠷ᠎ᠠ ᠬᠠᠷᠢᠭᠤ ᠥᠭᠬᠦ ᠬᠡᠷᠡᠭᠲᠡᠢ᠃ | ︵ᠭᠤᠷᠪᠠ︶ ᠰᠢᠯᠵᠢᠭᠦᠯᠬᠦ ᠲᠥᠰᠥᠯ ᠢ ᠳᠡᠭᠡᠭᠰᠢ ᠮᠡᠳᠡᠭᠦᠯᠬᠦ᠃ ᠪᠦᠬᠦ ᠬᠤᠲᠠ ᠶᠢᠨ ᠤᠯᠤᠰ ᠤᠨ | ᠥᠮᠴᠢᠯᠡᠯᠲᠦ ᠠᠵᠤ ᠠᠬᠤᠶᠢᠯᠠᠯ ᠢ ᠰᠢᠯᠵᠢᠭᠦᠯᠬᠦ ᠲᠥᠰᠥᠯ ᠢ ᠠᠩᠬ᠎ᠠ ᠠᠯᠬᠤᠮ ᠬᠢᠨᠠᠨ ᠲᠣᠭᠲᠠᠭᠠᠵᠤ ᠨᠤᠲᠠᠯᠠᠭᠰᠠᠨ ᠤ | ᠳᠠᠷᠠᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠣᠯᠣᠭᠠᠶᠢᠯᠠᠨ ᠬᠤᠷᠢᠶᠠᠩᠭᠤᠶᠢᠯᠠᠵᠤ ᠬᠤᠲᠠ ᠶᠢᠨ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠢᠨᠠᠨ | ᠬᠠᠷᠭᠤᠭᠤᠯᠵᠤ ᠵᠥᠪᠰᠢᠶᠡᠷᠡᠭᠦᠯᠦᠨ᠎ᠡ᠃ | ︵ᠳᠥᠷᠪᠡ︶ ᠰᠢᠯᠵᠢᠭᠦᠯᠬᠦ ᠭᠠᠷᠲᠠᠮ ᠭᠦᠢᠴᠡᠳᠬᠡᠬᠦ᠃ ᠥᠪᠡᠷᠲᠡᠭᠡᠨ ᠵᠠᠰᠠᠬᠤ ᠣᠷᠣᠨ ᠤ ᠡᠳ᠋ ᠤᠨ | ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠠᠭᠤᠯᠭᠠᠭᠰᠠᠨ | ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠮᠡᠳᠡᠭᠳᠡᠯ ᠢ ᠣᠯᠣᠭᠰᠠᠨ ᠤ ᠳᠠᠷᠠᠭ᠎ᠠ᠂ | ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ | ᠠᠬᠤᠶᠢᠯᠠᠯ ᠳᠤ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠮᠡᠳᠡᠭᠳᠡᠯ ᠪᠠᠭᠤᠯᠭᠠᠵᠤ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠯᠤᠰ ᠤᠨ | ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠪᠣᠳᠠᠲᠠᠢ ᠭᠠᠷᠲᠠᠮ ᠢ ᠭᠦᠢᠴᠡᠳᠬᠡᠵᠦ᠂ 2020 ᠣᠨ ᠤ 12 | ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠰᠢᠯᠵᠢᠭᠦᠯᠵᠦ ᠳᠠᠭᠤᠰᠬᠠᠨ᠎ᠠ᠃ ᠬᠥᠷᠥᠩᠭᠡ ᠶᠢᠨ ᠵᠠᠬ᠎ᠠ ᠳᠤ | ᠭᠠᠷᠤᠭᠠᠳᠤᠢ ᠺᠣᠮᠫᠠᠨᠢ ᠶᠢᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠳᠤ᠂ ᠰᠢᠯᠵᠢᠭᠦᠯᠬᠦ | ᠡᠲᠡᠭᠡᠳ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠮᠡᠳᠡᠭᠳᠡᠯ ᠢ ᠣᠯᠣᠭᠰᠠᠨ 20 | ᠠᠵᠢᠯ ᠤᠨ ᠡᠳᠦᠷ ᠤᠨ ᠳᠣᠲᠣᠷ᠎ᠠ ᠤᠯᠤᠰ ᠤᠨ ᠥᠮᠴᠢᠯᠡᠯ ᠤᠨ ᠡᠷᠬᠡ ᠵᠢᠴᠢ ᠠᠵᠤ ᠠᠬᠤᠶᠢᠯᠠᠯ ᠤᠨ ᠳᠠᠩᠰᠠᠯᠠᠯ ᠢ | ᠬᠤᠪᠢᠷᠠᠭᠤᠯᠬᠤ ᠪᠠᠷ ᠭᠤᠶᠤᠴᠢᠯᠠᠬᠤ ᠬᠡᠷᠡᠭᠲᠡᠢ᠃ ᠬᠤᠯᠪᠣᠭᠳᠠᠯ ᠪᠦᠬᠦᠢ ᠤᠯᠤᠰ ᠤᠨ ᠥᠮᠴᠢᠯᠡᠯ ᠤᠨ ᠡᠷᠬᠡ ᠶᠢ | ᠳᠠᠩᠰᠠᠯᠠᠬᠤ ᠪᠠᠶᠢᠭᠤᠯᠤᠮᠵᠢ ᠭᠤᠶᠤᠴᠢᠯᠠᠯ ᠢ ᠬᠦᠯᠢᠶᠡᠵᠦ ᠣᠯᠣᠭᠰᠠᠨ 10 ᠠᠵᠢᠯ ᠤᠨ ᠡᠳᠦᠷ ᠤᠨ ᠳᠣᠲᠣᠷ᠎ᠠ | ᠤᠯᠤᠰ ᠤᠨ ᠥᠮᠴᠢᠯᠡᠯ ᠤᠨ ᠡᠷᠬᠡ ᠶᠢᠨ ᠳᠠᠩᠰᠠᠯᠠᠯ ᠢ ᠬᠤᠪᠢᠷᠠᠭᠤᠯᠬᠤ ᠬᠡᠷᠡᠭᠲᠡᠢ᠃ ᠬᠥᠷᠥᠩᠭᠡ ᠶᠢᠨ ᠵᠠᠬ᠎ᠠ ᠳᠤ | ᠭᠠᠷᠤᠭᠰᠠᠨ ᠺᠣᠮᠫᠠᠨᠢ ᠶᠢᠨ ᠬᠤᠪᠢᠴᠠᠭᠠᠨ ᠤ ᠡᠷᠬᠡ ᠶᠢ ᠰᠢᠯᠵᠢᠭᠦᠯᠬᠦ ᠳᠤ᠂ ᠰᠢᠯᠵᠢᠭᠦᠯᠬᠦ ᠡᠲᠡᠭᠡᠳ ᠤᠯᠤᠰ ᠤᠨ | ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤᠨᠢ | ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢᠨ ᠬᠤᠪᠢᠷᠠᠯᠲᠠ ᠶᠢᠨ ᠪᠠᠶᠢᠳᠠᠯ ᠢ ᠮᠡᠳᠡᠭᠳᠡᠬᠦ ᠬᠡᠷᠡᠭᠲᠡᠢ᠃ | ᠰᠢᠯᠵᠢᠭᠦᠯᠦᠨ ᠭᠠᠷᠭᠠᠭᠰᠠᠨ ᠠᠵᠤ ᠠᠬᠤᠶᠢᠯᠠᠯ ᠳᠠᠩᠰᠠᠯᠠᠯ ᠢ ᠬᠤᠪᠢᠷᠠᠭᠤᠯᠤᠭᠰᠠᠨ ᠪᠠᠶᠢᠳᠠᠯ ᠢᠶᠠᠨ ᠬᠠᠮᠢᠶ᠎ᠠ ᠪᠦᠬᠦᠢ | ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠠᠷᠢᠭᠤ | ᠳᠤᠰᠬᠠᠬᠤ ᠶᠢᠨ ᠬᠠᠮᠲᠤ᠂ ᠡᠯ᠎ᠡ ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠶᠢᠨ ᠤᠯᠤᠰ ᠤᠨ | ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠡᠯ᠎ᠡ ᠤᠯᠤᠰ ᠤᠨ ᠥᠮᠴᠢᠯᠡᠯᠲᠦ | ᠬᠤᠪᠢ ᠣᠷᠣᠭᠤᠯᠤᠭᠴᠢ ᠵᠢᠴᠢ ᠰᠢᠯᠵᠢᠭᠦᠯᠬᠦ ᠶᠢ ᠬᠦᠯᠢᠶᠡᠨ ᠠᠪᠬᠤ ᠭᠤᠣᠯ ᠴᠣᠭᠴᠠ ᠳᠤ ᠬᠠᠭᠤᠯᠤᠨ ᠬᠦᠷᠭᠡᠬᠦ | ᠬᠡᠷᠡᠭᠲᠡᠢ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠵᠢᠭᠦᠯᠬᠦ ᠠᠵᠤ | ᠠᠬᠤᠶᠢᠯᠠᠯ ᠤᠨ ᠳᠠᠩᠰᠠᠯᠠᠯ ᠢᠶᠠᠨ ᠬᠤᠪᠢᠷᠠᠭᠤᠯᠬᠤ ᠭᠠᠷᠳᠠᠮ ᠬᠢᠬᠦ ᠶᠢ ᠬᠠᠷᠢᠭᠤᠴᠠᠨ ᠭᠦᠢᠴᠡᠳᠬᠡᠨ᠎ᠡ᠃ ᠬᠤᠲᠠ ᠶᠢᠨ | ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠪᠠ | ᠬᠦᠯᠢᠶᠡᠨ ᠠᠪᠬᠤ ᠶᠠᠪᠤᠴᠠ ᠳᠠᠬᠢ ᠠᠵᠤ ᠠᠬᠤᠶᠢᠯᠠᠯ ᠤᠨ ᠣᠷᠣᠯᠭ᠎ᠠ ᠶᠢᠨ ᠭᠠᠶᠢᠯᠢ ᠵᠢᠴᠢ ᠭᠡᠷ᠎ᠡ ᠶᠢᠨ ᠭᠠᠶᠢᠯᠢ᠂ | ᠭᠠᠵᠠᠷ ᠰᠢᠷᠤᠢ ᠶᠢᠨ ᠥᠷᠲᠡᠭ ᠤᠨ ᠨᠡᠮᠡᠭᠳᠡᠯ ᠤᠨ ᠭᠠᠶᠢᠯᠢ᠂ ᠲᠡᠮᠳᠡᠭᠲᠦ ᠶᠢᠨ ᠭᠠᠶᠢᠯᠢ ᠵᠡᠷᠭᠡ ᠬᠤᠯᠪᠣᠭᠳᠠᠯ ᠪᠦᠬᠦᠢ | ᠭᠠᠶᠢᠯᠢ ᠰᠦᠢᠳᠬᠡᠯ ᠢ ᠬᠤᠷᠢᠶᠠᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ | ᠬᠠᠷᠢᠭᠤᠴᠠᠨ᠎ᠠ᠃ | ᠠᠵᠤ ᠠᠬᠤᠶᠢᠯᠠᠯ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢᠨ ᠳᠠᠩᠰᠠᠯᠠᠯ ᠢᠶᠠᠨ | ᠬᠤᠪᠢᠷᠠᠭᠤᠯᠤᠭᠰᠠᠨ ᠤ ᠳᠠᠷᠠᠭ᠎ᠠ᠂ ᠬᠠᠮᠢᠶ᠎ᠠ ᠪᠦᠬᠦᠢ ᠠᠵᠤ ᠠᠬᠤᠶᠢᠯᠠᠯ ᠳᠠᠩᠰᠠ ᠬᠠᠷ᠎ᠠ ᠳᠠᠭᠠᠨ ᠴᠠᠭ ᠲᠤᠬᠠᠢ ᠳᠤᠨᠢ | ᠲᠣᠬᠢᠷᠠᠭᠤᠯᠤᠯᠲᠠ ᠬᠢᠬᠦ ᠬᠡᠷᠡᠭᠲᠡᠢ᠃ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠵᠦ | ᠭᠠᠷᠭᠠᠭᠰᠠᠨ ᠲᠠᠯ᠎ᠠ ᠠᠴᠠ ᠰᠢᠯᠵᠢᠭᠦᠯᠦᠭᠰᠡᠨ ᠤᠴᠢᠷ ᠢ ᠲᠤᠰ ᠠᠵᠤ ᠠᠬᠤᠶᠢᠯᠠᠯ ᠤᠨ ᠢᠶᠠᠨ ᠠᠪᠴᠠᠭᠠᠨ ᠤ ᠡᠵᠡᠨ ᠳᠤ | ᠮᠡᠳᠡᠭᠳᠡᠬᠦ ᠬᠡᠷᠡᠭᠲᠡᠢ᠃ | ᠲᠠᠪᠤ᠂ ᠵᠣᠬᠢᠶᠠᠨ ᠪᠠᠶᠢᠭᠤᠯᠤᠨ ᠤᠳᠤᠷᠢᠳᠬᠤ | ᠮᠠᠨ ᠤ ᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ | ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢᠨ ᠲᠤᠰᠠᠳᠠ᠂ ᠬᠥᠬᠡᠬᠤᠲᠠ ᠶᠢᠨ ᠬᠡᠰᠡᠭ ᠤᠯᠤᠰ ᠤᠨ ᠥᠮᠴᠢᠯᠡᠯᠲᠦ | ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠠᠵᠢᠯ ᠤᠨ | ᠤᠳᠤᠷᠢᠳᠬᠤ ᠳᠤᠭᠤᠶᠢᠯᠠᠩ ᠢ ᠪᠠᠶᠢᠭᠤᠯᠪᠠ᠃ | ᠳᠤᠭᠤᠶᠢᠯᠠᠩ ᠤᠨ ᠳᠠᠷᠤᠭ᠎ᠠ᠄ ᠯᠢᠦ ᠴᠧᠩ ᠮᠢᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠬᠠᠢ ᠶᠢᠩ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ | ᠡᠷᠬᠢᠯᠡᠭᠴᠢ | ᠵᠤᠤ ᠶᠢᠩ ᠵᠢᠶᠧ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ | ᠲᠣᠪᠴᠢᠶᠠᠨ ᠳᠠᠷᠤᠭ᠎ᠠ | ᠭᠡᠰᠢᠭᠦᠨ᠄ ᠯᠢ ᠳ᠋ᠦᠩ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ | ᠬᠠᠨ ᠵᠢᠩ ᠷᠦᠩ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ | ᠯᠢᠦᠢ ᠱᠢ ᠵᠦᠩ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ | ᠰᠦᠨ ᠲᠣᠣ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ | ᠲᠣᠪᠴᠢᠶᠠᠨ ᠳᠠᠷᠤᠭ᠎ᠠ | ᠵᠢᠶᠠᠨ ᠪᠣᠣ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠣᠬᠢᠷᠠᠭᠤᠯᠤᠨ᠂ ᠠᠯᠪᠠᠨ ᠭᠡᠷ ᠢ ᠬᠤᠲᠠ ᠶᠢᠨ | ᠡᠳ᠋ ᠤᠨ ᠵᠠᠰᠠᠭ ᠤᠨ ᠲᠣᠪᠴᠢᠶᠠᠨ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠤᠤ ᠶᠢᠩ | ᠵᠢᠶᠧ ᠬᠠᠪᠰᠤᠷᠭᠠᠨ ᠡᠭᠦᠷᠭᠡᠯᠡᠨ᠎ᠡ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠵᠣᠷᠢᠭᠲᠠᠢ ᠪᠠᠷ | ᠬᠠᠷᠢᠭᠤᠴᠠᠯᠭ᠎ᠠ ᠡᠭᠦᠷᠭᠡᠯᠡᠨ᠂ ᠨᠢᠭᠲᠠ ᠬᠠᠮᠵᠢᠯᠴᠠᠵᠤ᠂ ᠬᠦᠴᠦᠨ ᠢᠶᠠᠨ ᠨᠢᠭᠡᠳᠬᠡᠨ ᠰᠢᠯᠵᠢᠭᠦᠯᠬᠦ ᠬᠤᠯᠪᠣᠭᠳᠠᠯ | ᠪᠦᠬᠦᠢ ᠠᠵᠢᠯ ᠶᠢ ᠰᠠᠶᠢᠲᠤᠷ ᠬᠢᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ︵ᠨᠡᠭᠡᠭᠡᠯᠲᠡ ᠶᠢᠨ ᠲᠣᠭᠤᠷᠢᠭ︶ | ᠤᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠤᠯᠤᠰ ᠤᠨ ᠥᠮᠴᠢᠯᠡᠯᠲᠦ ᠬᠥᠷᠥᠩᠭᠡ ᠶᠢ | ᠰᠢᠯᠵᠢᠭᠦᠯᠬᠦ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ᠂ ᠡᠭᠦᠷᠭᠡ ᠲᠤᠰᠢᠶᠠᠯ ᠢᠶᠠᠨ ᠦᠨᠡᠨᠬᠦ ᠭᠦᠢᠴᠡᠳᠬᠡᠵᠦ᠂ | ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠲᠤᠰ ᠲᠥᠰᠥᠯ ᠢᠶᠠᠷ ᠯᠠᠪᠯᠠᠯᠲᠠ ᠪᠣᠯᠭᠠᠨ ᠪᠣᠳᠠᠲᠠᠢ ᠠᠵᠢᠯ ᠤᠨ | ᠲᠥᠰᠥᠯ ᠲᠣᠭᠲᠠᠭᠠᠵᠤ᠂ ᠰᠢᠯᠵᠢᠭᠦᠯᠬᠦ ᠠᠵᠢᠯ ᠤᠨ ᠡᠭᠦᠷᠭᠡ ᠬᠠᠷᠠᠯᠲᠠ ᠶᠢ ᠲᠣᠭᠲᠠᠭᠰᠠᠨ ᠴᠠᠭ ᠲᠠᠭᠠᠨ ᠴᠢᠨᠠᠷ ᠢ | ᠪᠠᠲᠤᠯᠠᠨ ᠪᠡᠶᠡᠯᠡᠭᠦᠯᠬᠦ ᠬᠡᠷᠡᠭᠲᠡᠢ᠃ |