ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 16 ᠳ᠋ᠤᠭᠠᠷ ᠲᠣᠭᠠᠲᠤ | 2020 ᠣᠨ ᠤ 8 ᠳ᠋ᠤᠭᠠᠷ ᠰᠠᠷ᠎ᠠ ᠶᠢᠨ 31 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ | ᠠᠬᠤᠶᠢᠯᠠᠯ᠂ ᠠᠵᠢᠯ ᠦᠢᠯᠡᠰ ᠤᠨ ᠨᠢᠭᠡᠴᠡ᠄ | ︽2020 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠳ᠋ ᠤᠨ ᠵᠠᠰᠠᠭ ᠤᠨ ᠲᠢᠩᠬᠢᠮ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠮᠡᠳᠡᠭᠳᠡᠯ︾ ︵ᠥᠪᠥᠷ ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2020﹈ 12 ᠳ᠋ᠤᠭᠠᠷ ᠲᠣᠭᠠᠲᠤ︶ ᠤᠨ | ᠵᠣᠷᠢᠭ ᠰᠠᠨᠠᠭ᠎ᠠ ᠶᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠲᠦᠭᠡ 2021 ᠣᠨ ᠤ ᠮᠠᠨ ᠤ | ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠥᠨ ᠤ ᠲᠤᠰᠢᠶᠠᠬᠤ ᠰᠦᠢᠳᠬᠡᠯ ᠤᠨ | ᠪᠠᠷᠢᠮᠵᠢᠶ᠎ᠠ ᠳᠤ ᠲᠣᠬᠢᠷᠠᠭᠤᠯᠤᠯᠲᠠ ᠬᠢᠬᠦ ᠬᠠᠮᠢᠶ᠎ᠠ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠪᠦᠬᠦᠯᠢ 18 ᠨᠠᠰᠤ ᠬᠦᠷᠦᠭᠰᠡᠨ ᠰᠤᠷᠭᠠᠭᠤᠯᠢ ᠳᠤ ᠦᠭᠡᠢ ᠬᠤᠲᠠ ᠬᠥᠳᠡᠭᠡ ᠶᠢᠨ ᠰᠠᠭᠤᠭᠠᠯᠢ ᠠᠷᠠᠳ ᠪᠦᠷᠢ ᠵᠢᠯ ᠪᠦᠷᠢ 340 | ᠲᠥᠭᠦᠷᠢᠭ᠃ ᠲᠤᠰ ᠬᠥᠮᠥᠨ ᠤ ᠲᠥᠷᠥᠭᠰᠡᠨ ᠡᠳᠦᠷ ᠰᠠᠷ᠎ᠠ ᠠᠴᠠ ᠬᠠᠷᠭᠤᠭᠤᠯᠤᠨ ᠲᠣᠭᠲᠠᠭᠠᠬᠤ ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ︵ᠪᠠᠭᠲᠠᠨ᠎ᠠ︶ | ᠢᠶᠠᠷ ᠲᠣᠭᠲᠠᠭᠠᠨ᠎ᠠ᠃ | ᠬᠤᠶᠠᠷ᠂ ᠲᠤᠰ ᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷᠠᠬᠢ ᠰᠤᠷᠭᠠᠭᠤᠯᠢ ᠳᠤ ᠪᠠᠶᠢᠭ᠎ᠠ ᠶᠡᠭᠡ ᠳᠡᠭᠡᠳᠦ ᠰᠣᠷᠭᠠᠭᠤᠯᠢ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠤᠭᠴᠢ᠂ ᠴᠡᠴᠡᠷᠯᠢᠭ ᠤᠨ ᠬᠡᠦᠬᠡᠳ᠂ ᠪᠦᠬᠦᠯᠢ 18 ᠨᠠᠰᠤ ᠬᠦᠷᠦᠭᠡᠳᠦᠢ ᠰᠤᠷᠭᠠᠭᠤᠯᠢ ᠳᠤ ᠰᠠᠭᠤᠵᠤ ᠦᠭᠡᠢ ᠪᠠᠭᠠᠴᠤᠳ ᠬᠡᠦᠬᠡᠳ᠂ | ᠰᠠᠶ᠋ᠢ ᠲᠥᠷᠥᠭᠰᠡᠨ ᠬᠡᠦᠬᠡᠳ ︵ᠬᠡᠪᠡᠯᠢ ᠳᠠᠬᠢ ᠬᠡᠦᠬᠡᠳ ᠪᠠᠭᠲᠠᠨ᠎ᠠ︶ ᠬᠥᠮᠥᠨ ᠪᠦᠷᠢ ᠵᠢᠯ ᠪᠦᠷᠢ 280 ᠲᠥᠭᠦᠷᠢᠭ᠃ | ᠭᠤᠷᠪᠠ᠂ ᠳᠣᠣᠷᠠᠬᠢ ᠨᠥᠬᠦᠴᠡᠯ ᠳᠤ ᠨᠡᠶᠢᠴᠡᠬᠦ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠪᠦᠷᠢ ᠵᠢᠯ ᠪᠦᠷᠢ 180 ᠲᠥᠭᠦᠷᠢᠭ᠂ ᠵᠥᠷᠢᠬᠦ | ᠬᠡᠰᠡᠭ ᠢ ᠬᠤᠲᠠ ᠪᠠ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ 1:1 ᠶᠢᠨ ᠬᠠᠷᠢᠴᠠᠯ ᠢᠶᠠᠷ ᠨᠥᠬᠦᠨ ᠲᠤᠰᠢᠶᠠᠨ᠎ᠠ᠄ | ︵ᠨᠢᠭᠡ︶ ᠪᠦᠬᠦᠯᠢ 60 ᠨᠠᠰᠤ ᠬᠦᠷᠦᠭᠰᠡᠨ ᠳᠠᠭᠠᠳᠬᠠᠯ ᠳᠤ ᠣᠷᠣᠯᠴᠠᠭᠰᠠᠨ ᠰᠠᠭᠤᠭᠠᠯᠢ ᠠᠷᠠᠳ ᠤᠨ ᠳᠣᠲᠣᠷ᠎ᠠ ᠠᠴᠠ ᠳᠣᠣᠷ᠎ᠠ ᠪᠠᠲᠤᠯᠠᠭᠠᠲᠤ᠂ | ᠬᠤᠲᠠ ᠬᠥᠳᠡᠭᠡ ᠶᠢᠨ ︽ᠭᠤᠷᠪᠠ ᠦᠭᠡᠢ︾ ᠬᠥᠮᠥᠨ᠂ ᠬᠥᠳᠡᠭᠡ ᠲᠣᠰᠬᠤᠨ ᠤ ︽ᠲᠠᠪᠤᠨ ᠪᠠᠲᠤᠯᠠᠭᠠᠲᠤ︾ ᠶᠢᠨ ᠡᠲᠡᠭᠡᠳ᠂ ᠦᠷᠡᠭᠳᠡᠭᠰᠡᠨ ᠪᠠᠭᠠᠲᠤᠷ ᠤᠨ | ᠭᠡᠷ ᠪᠦᠯᠢ ᠶᠢᠨ ᠬᠢᠨ ᠳᠤ ᠪᠠᠭᠲᠠᠬᠤ︔ | ︵ᠬᠤᠶᠠᠷ︶ ᠬᠦᠨᠳᠦ ᠵᠡᠮᠳᠡᠭ ︵ᠨᠢᠭᠡ᠂ ᠬᠤᠶᠠᠳᠤᠭᠠᠷ ᠲᠡᠰ︶ ᠰᠠᠭᠤᠭᠠᠯᠢ ᠠᠷᠠᠳ︔ | ︵ᠭᠤᠷᠪᠠ︶ ᠰᠤᠷᠭᠠᠭᠤᠯᠢ ︵ᠴᠡᠴᠡᠷᠯᠢᠭ︶ ᠶᠢᠨ ᠰᠤᠷᠤᠭᠴᠢ ᠬᠡᠦᠬᠡᠳ ᠵᠢᠴᠢ 18 ᠪᠦᠬᠦᠯᠢ ᠨᠠᠰᠤ ᠬᠦᠷᠦᠭᠡᠳᠦᠢ ᠰᠤᠷᠭᠠᠭᠤᠯᠢ ᠳᠤ ᠰᠠᠭᠤᠵᠤ | ᠦᠭᠡᠢ ᠪᠠᠭᠠᠴᠤᠳ ᠬᠡᠦᠬᠡᠳ ᠤᠨ ᠳᠣᠲᠣᠷ᠎ᠠ ᠠᠴᠠ ᠳᠣᠣᠷ᠎ᠠ ᠪᠠᠲᠤᠯᠠᠭᠠᠲᠤ᠂ ᠬᠤᠲᠠ ᠬᠥᠳᠡᠭᠡ ᠶᠢᠨ ︽ᠭᠤᠷᠪᠠ ᠦᠭᠡᠢ︾ ᠬᠥᠮᠥᠨ᠂ ᠬᠥᠳᠡᠭᠡ | ᠲᠣᠰᠬᠤᠨ ᠤ ︽ᠲᠠᠪᠤᠨ ᠪᠠᠲᠤᠯᠠᠭᠠᠲᠤ︾ ᠶᠢᠨ ᠡᠲᠡᠭᠡᠳ᠂ ᠦᠷᠡᠭᠳᠡᠭᠰᠡᠨ ᠪᠠᠭᠠᠲᠤᠷ ᠤᠨ ᠭᠡᠷ ᠪᠦᠯᠢ ᠶᠢᠨ ᠬᠢᠨ᠂ ᠥᠨᠥᠴᠢᠨ ᠬᠡᠦᠬᠡᠳ ᠲᠤ ᠪᠠᠭᠲᠠᠬᠤ᠃ | ᠳᠥᠷᠪᠡ᠂ ᠶᠡᠭᠡ ᠳᠡᠭᠡᠳᠦ ᠰᠤᠷᠭᠠᠭᠤᠯᠢ ᠠᠴᠠ ᠰᠦᠢᠳᠬᠡᠯ ᠲᠤᠰᠢᠶᠠᠬᠤ ᠳᠤ ᠦᠨᠡᠨ ᠬᠦᠴᠢᠷ ᠲᠠᠢ ᠬᠡᠮᠡᠨ ᠲᠣᠭᠲᠠᠭᠰᠠᠨ ᠣᠶᠣᠲᠠᠨ ᠤ ᠬᠤᠪᠢ | ᠬᠥᠮᠥᠨ ᠤ ᠲᠤᠰᠢᠶᠠᠬᠤ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠢ ᠪᠠᠶᠢᠭ᠎ᠠ ᠶᠡᠭᠡ ᠳᠡᠭᠡᠳᠦ ᠰᠤᠷᠭᠠᠭᠤᠯᠢ ᠠᠴᠠ ᠡᠭᠦᠷᠭᠡᠯᠡᠨ᠎ᠡ᠃ | ᠲᠠᠪᠤ᠂ ᠺᠠᠷᠲᠯᠠᠵᠤ ᠳᠠᠩᠰᠠᠯᠠᠭᠤᠯᠤᠭᠰᠠᠨ ᠶᠠᠳᠠᠭᠤ ᠬᠦᠴᠢᠷᠳᠡᠯᠲᠡᠢ ᠬᠥᠮᠥᠰ ᠢ ᠪᠦᠬᠦᠨ ᠢ ᠳᠠᠭᠠᠳᠬᠠᠯ ᠳᠤ ᠣᠷᠣᠯᠴᠠᠭᠤᠯᠵᠤ᠂ ᠬᠤᠲᠠ ᠬᠥᠳᠡᠭᠡ ᠶᠢᠨ | ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠤᠷᠤᠯᠴᠠᠬᠤ ᠬᠤᠪᠢ ᠬᠥᠮᠥᠨ ᠤ ᠲᠤᠰᠢᠶᠠᠬᠤ ᠰᠦᠢᠳᠬᠡᠯ ᠢ ᠲᠤᠬᠠᠢ ᠶᠢᠨ ᠭᠠᠵᠠᠷ ᠤᠨ ᠡᠳ᠋ ᠤᠨ ᠵᠠᠰᠠᠭ ᠠᠴᠠ | ᠨᠥᠬᠦᠪᠦᠷᠢᠯᠡᠨ᠎ᠡ᠃ | ᠵᠢᠷᠭᠤᠭ᠎ᠠ᠂ ᠰᠤᠷᠭᠠᠭᠤᠯᠢ ︵ᠴᠡᠴᠡᠷᠯᠢᠭ︶ ᠤᠨ ᠰᠤᠷᠤᠭᠴᠢ ᠬᠡᠦᠬᠡᠳ ᠠᠴᠠ ᠭᠠᠳᠠᠨ᠎ᠠ᠂ ᠲᠤᠰ ᠬᠤᠲᠠ ᠳᠤ ᠰᠠᠭᠤᠬᠤ ᠦᠨᠡᠮᠯᠡᠯ ᠲᠠᠢ ᠲᠤᠰ | ᠬᠤᠲᠠ ᠶᠢᠨ ᠡᠷᠦᠬᠡ ᠠᠮᠠ ᠦᠭᠡᠢ ᠰᠠᠭᠤᠭᠠᠯᠢ ᠠᠷᠠᠳ ᠳᠡᠭᠡᠷᠡᠬᠢ ᠪᠠᠷᠢᠮᠵᠢᠶ᠎ᠠ ᠶᠣᠰᠣᠭᠠᠷ ᠬᠤᠪᠢ ᠶᠢᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢᠶᠠᠨ | ᠲᠤᠰᠢᠶᠠᠵᠤ᠂ ᠲᠤᠰ ᠬᠤᠲᠠ ᠳᠤ ᠰᠠᠭᠤᠬᠤ ᠦᠨᠡᠮᠯᠡᠯ ᠦᠭᠡᠢ ᠲᠤᠰ ᠬᠤᠲᠠ ᠶᠢᠨ ᠡᠷᠦᠬᠡ ᠠᠮᠠ ᠦᠭᠡᠢ ᠰᠠᠭᠤᠭᠠᠯᠢ ᠠᠷᠠᠳ ᠳᠡᠭᠡᠷᠡᠬᠢ ᠪᠠᠷᠢᠮᠵᠢᠶ᠎ᠠ ᠶᠣᠰᠣᠭᠠᠷ | ᠬᠤᠪᠢ ᠶᠢᠨ ᠡᠮᠴᠢᠯᠡᠭᠡᠨ ᠤ ᠳᠠᠭᠠᠳᠬᠠᠯ ᠤᠨ ᠰᠦᠢᠳᠬᠡᠯ ᠢᠶᠠᠨ ᠲᠤᠰᠢᠶᠠᠬᠤ ᠠᠴᠠ ᠭᠠᠳᠠᠨ᠎ᠠ ᠪᠠᠰᠠ ᠡᠯ᠎ᠡ ᠱᠠᠲᠤᠨ ᠤ ᠡᠳ᠋ ᠤᠨ ᠵᠠᠰᠠᠭ ᠠᠴᠠ ᠨᠥᠬᠦᠪᠦᠷᠢᠯᠡᠬᠦ | ᠬᠡᠰᠡᠭ ᠢ ᠬᠤᠪᠢ ᠬᠥᠮᠥᠨ ᠠᠴᠠ ᠲᠤᠭ᠎ᠠ ᠶᠣᠰᠣᠭᠠᠷ ᠲᠤᠰᠢᠶᠠᠵᠤ᠂ 2021 ᠣᠨ ᠤ ᠡᠳ᠋ ᠤᠨ ᠵᠠᠰᠠᠭ ᠠᠴᠠ ᠨᠥᠬᠦᠪᠦᠷᠢᠯᠡᠬᠦ ᠬᠡᠰᠡᠭ ᠢ ᠬᠥᠮᠥᠨ ᠪᠦᠷᠢ 550 | ᠲᠥᠭᠦᠷᠢᠭ ᠲᠤᠰᠢᠶᠠᠨ᠎ᠠ᠃ | ᠳᠣᠯᠤᠭ᠎ᠠ᠂ ᠲᠤᠰ ᠪᠠᠷᠢᠮᠵᠢᠶ᠎ᠠ ᠶᠢ 2020 ᠣᠨ ᠤ 9 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ |