ᠬᠤᠲᠠ ᠶᠢᠨ ᠲᠣᠰ ᠱᠠᠲᠤᠨ ᠤ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠤᠳᠠᠯ ᠢ ᠬᠠᠰᠤᠵᠤ ᠬᠡᠯᠲᠦᠷᠢᠭᠦᠯᠬᠦ ᠳᠤ ᠬᠤᠯᠪᠣᠭᠳᠠᠬᠤ ᠲᠥᠷᠦ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠭᠰᠠᠨ ᠦᠷ᠎ᠡ ᠳ᠋ᠦᠩ ᠤᠨ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/12/1
          ᠬᠦᠬᠡᠬᠤᠲᠠ ᠵᠠᠰᠠᠭ ᠲᠠᠷᠬᠠᠭᠠᠭᠰᠠᠨ ﹇2020﹈17 ᠳ᠋ᠤᠭᠠᠷ ᠲᠤᠭᠠᠲᠤ          2020ᠣᠨ ᠤ7 ᠳ᠋ᠤᠭᠠᠷ ᠰᠠᠷ᠎ᠠ ᠶᠢᠨ30 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ ᠳᠤ᠄      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠬᠢᠨᠠᠨ ᠪᠠᠶᠢᠴᠠᠭᠠᠬᠤ ᠵᠥᠪᠯᠡᠯ ᠤᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ ᠢᠯᠵᠠᠷᠠᠯ ᠤᠨ ᠠᠰᠠᠭᠤᠳᠠᠯ ᠢ ᠲᠤᠰᠬᠠᠢ ᠵᠠᠰᠠᠵᠤ ᠪᠠᠶᠢᠴᠠᠭᠠᠨ ᠴᠡᠭᠴᠡᠯᠡᠬᠦ ᠲᠤᠬᠠᠶ ᠪᠠᠶᠢᠷᠢᠯᠠᠭᠤᠯᠤᠯᠲᠠ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠬᠤ ᠶᠢᠨ ᠲᠣᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠪᠠ ᠳᠠᠩᠰᠠᠯᠠᠭᠤᠯᠬᠤ ᠳᠤ ᠬᠢᠨᠠᠯᠲᠠ ᠲᠠᠯᠪᠢᠬᠤ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ 191 ᠳ᠋ᠦ᠋ᠭᠡᠷ ᠲᠣᠭᠠᠲᠤ︶ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠯᠪᠠᠨ ᠭᠡᠷ ︽ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠤᠨ ᠬᠦᠴᠦᠨ ᠦᠭᠡᠶ ᠪᠣᠯᠭᠠᠬᠤ ᠲᠤᠬᠠᠶ ᠮᠡᠳᠡᠭᠳᠡᠯ︾ ︵ᠥᠪᠥᠷ ᠠᠷᠠᠳ ᠤᠨ ᠠᠭᠠᠷ ᠤᠨ ᠰᠡᠷᠭᠡᠶᠢᠯᠡᠯᠲᠡ ᠦᠰᠦᠭ ﹇2020﹈ 152 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ 2000 ᠣᠨ ᠠᠴᠠ ᠨᠠᠰᠢᠬᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠬᠢᠵᠠᠭᠠᠷᠯᠠᠵᠤ ᠪᠠᠶᠢᠭ᠎ᠠ 9 ᠬᠤᠪᠢ ᠬᠤᠲᠠ ᠶᠢᠨ ᠲᠣᠰ ᠱᠠᠲᠤᠨ ᠤ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠢᠯᠭᠠᠷᠠᠭᠤᠯᠪᠠ᠃ ᠨᠠᠷᠢᠨ ᠬᠢᠨᠠᠮᠠᠭᠠᠶ ᠢᠯᠭᠠᠷᠠᠭᠤᠯᠤᠨ ᠰᠣᠳᠣᠯᠬᠤ ᠪᠠᠷ ᠳᠠᠮᠵᠢᠵᠤ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠣᠳᠠᠯ ᠢ ᠬᠠᠰᠣᠵᠣ ᠬᠡᠯᠲᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ 1 ᠬᠤᠪᠢ ᠶᠢ ᠦᠷᠭᠦᠯᠵᠢᠯᠡᠨ ᠬᠦᠴᠦᠨ ᠲᠠᠢ ᠪᠠᠷ ᠲᠣᠭᠲᠠᠭᠠᠵᠣ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠣᠳᠠᠯ ᠢ ᠬᠠᠰᠣᠵᠣ ᠬᠡᠯᠲᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ 7 ᠬᠤᠪᠢ ᠶᠢ ᠬᠦᠴᠦᠨ ᠦᠭᠡᠶ ᠪᠣᠯᠭᠠᠵᠣ᠂ ᠲᠣᠳᠣᠷᠬᠠᠶᠢᠯᠠᠬᠤ ᠴᠢᠬᠤᠯᠠᠲᠠᠶ ᠨᠢᠭᠡ ᠪᠢᠴᠢᠭ ᠮᠠᠲ᠋ᠧᠷᠢᠶᠠᠯ ᠪᠣᠯ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2013 ᠣᠨ ᠤ 26 ᠳ᠋ᠤᠭᠠᠷ ᠤᠳᠠᠭ᠎ᠠ ᠶᠢᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠲᠣᠪᠴᠢ ᠲᠡᠮᠳᠡᠭᠯᠡᠯ︾ ᠪᠣᠯᠤᠨ᠎ᠠ᠂ ᠲᠤᠰ ᠬᠤᠷᠠᠯ ᠤᠨ ᠲᠣᠪᠴᠢ ᠲᠡᠮᠳᠡᠭᠯᠡᠯ ᠤᠨ ᠨᠢᠭᠡᠳᠦᠭᠡᠷ᠂ ︵ᠵᠢᠷᠭᠤᠭ᠎ᠠ︶ ︵ᠳᠣᠯᠤᠭ᠎ᠠ︶ ᠬᠤᠶᠠᠷ ᠬᠡᠰᠡᠭ ᠠᠭᠤᠯᠭ᠎ᠠ ᠨᠢ ᠠᠭᠠᠷ ᠤᠨ ᠰᠡᠷᠭᠡᠶᠢᠯᠡᠯᠲᠡ ᠶᠢᠨ ᠨᠦᠬᠡᠨ ᠭᠡᠷ ᠤᠨ ᠣᠨᠳᠣᠤ ᠭᠠᠵᠠᠷ ᠪᠠᠶᠢᠭᠤᠯᠬᠤ ᠵᠠᠷᠤᠳᠠᠯ ᠲᠠᠢ ᠬᠤᠯᠪᠣᠭᠳᠠᠵᠤ᠂ ᠦᠨᠳᠦᠰᠦᠯᠡᠭᠰᠡᠨ ᠪᠢᠴᠢᠭ ᠮᠠᠲ᠋ᠧᠷᠢᠶᠠᠯ ᠨᠢ ︽ᠬᠡᠲᠦ ᠥᠨᠳᠥᠷ ᠪᠠᠷᠢᠯᠭ᠎ᠠ ᠪᠣᠯᠤᠨ ᠲᠣᠮᠣ ᠬᠡᠯᠪᠡᠷᠢ ᠶᠢᠨ ᠬᠤᠳᠠᠯᠳᠤᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠬᠤᠯᠪᠣᠭᠳᠠᠯ ᠪᠦᠬᠦᠢ ᠶᠠᠪᠤᠳᠠᠯ ᠤᠨ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠬᠥᠬᠡᠬᠤᠲᠠ ᠵᠠᠰᠠᠭ ᠲᠠᠷᠬᠠᠭᠠᠭᠰᠠᠨ ﹇2012﹈ 112 ᠳ᠋ᠤᠭᠠᠷ ᠲᠣᠭᠠᠲᠤ︶ ᠪᠠᠶᠢᠵᠤ ᠂ 112 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠳᠥᠷᠪᠡᠳᠦᠭᠡᠷ ᠵᠦᠢᠯ ᠳᠤ ︽ᠲᠤᠰ ᠮᠡᠳᠡᠭᠳᠡᠯ ᠤᠨ ᠭᠦᠢᠴᠡᠳᠬᠡᠬᠦ ᠬᠤᠭᠤᠴᠠᠭ᠎ᠠ ᠨᠢ 2013 ᠣᠨ ᠤ 1 ᠳ᠋ᠦ᠋ᠭᠡᠷ ᠰᠠᠷ᠎ᠠ ᠠᠴᠠ 2013 ᠣᠨ ᠤ 12 ᠳ᠋ᠤᠭᠠᠷ ᠰᠠᠷ᠎ᠠ ᠪᠣᠯᠲᠠᠯ᠎ᠠ︾ ᠭᠡᠵᠦ ᠲᠣᠭᠲᠠᠭᠠᠵᠣ᠂ ᠲᠣᠭᠲᠠᠭᠠᠭᠰᠠᠨ ᠦᠨᠳᠦᠰᠦᠯᠡᠯ ᠪᠣᠯᠬᠤ 112 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠬᠦᠴᠦᠨ ᠦᠭᠡᠢ ᠪᠣᠯᠬᠤ ᠶᠢ ᠳᠠᠭᠠᠯᠳᠤᠨ᠂ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ 2013 ᠣᠨ ᠤ 26 ᠳ᠋ᠤᠭᠠᠷ ᠤᠳᠠᠭ᠎ᠠ ᠶᠢᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠤᠨ ᠲᠣᠪᠴᠢ ᠲᠡᠮᠳᠡᠭᠯᠡᠯ︾ ᠤᠨ ᠨᠢᠭᠡᠳᠦᠭᠡᠷ᠂ ︵ᠵᠢᠷᠭᠤᠭ᠎ᠠ︶ ︵ᠳᠣᠯᠤᠭ᠎ᠠ︶ ᠬᠤᠶᠠᠷ ᠬᠡᠰᠡᠭ ᠤᠨ ᠠᠭᠤᠯᠭ᠎ᠠ ᠨᠢ ᠳᠠᠭᠠᠯᠳᠤᠨ ᠬᠦᠴᠦᠨ ᠦᠭᠡᠶ ᠪᠣᠯᠤᠭᠰᠠᠨ ᠪᠣᠯᠪᠠᠴᠤ ᠲᠤᠰ ᠬᠤᠷᠠᠯ ᠤᠨ ᠲᠣᠪᠴᠢ ᠲᠡᠮᠳᠡᠭᠯᠡᠯ ᠤᠨ ᠪᠤᠰᠤᠳ ᠠᠭᠤᠯᠭ᠎ᠠ ᠨᠢ ᠦᠷᠭᠦᠯᠵᠢᠯᠡᠨ ᠬᠦᠴᠦᠨ ᠲᠠᠢ᠃      ᠣᠳᠣ ᠢᠯᠭᠠᠷᠠᠭᠤᠯᠤᠭᠰᠠᠨ ᠦᠷ᠎ᠡ ᠳ᠋ᠦᠩ ᠢ ᠨᠡᠶᠢᠲᠡᠯᠡᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠥᠲᠥᠭᠡᠨ ᠪᠠᠶᠢᠭᠤᠯᠬᠤ ᠵᠠᠷᠤᠳᠠᠯ ᠢ ᠬᠠᠰᠤᠵᠤ ᠬᠡᠯᠲᠦᠷᠢᠭᠦᠯᠬᠦ ᠳᠤ ᠬᠤᠯᠪᠣᠭᠳᠠᠭᠰᠠᠨ ᠲᠣᠰ ᠤᠳᠠᠭᠠᠨ ᠤ ᠢᠯᠭᠠᠷᠠᠭᠤᠯᠵᠤ ᠨᠤᠲᠠᠯᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠬᠦ ᠪᠠᠶᠢᠭᠤᠯᠭ᠎ᠠ ᠨᠢ ᠬᠢᠨᠠᠮᠠᠭᠠᠶ ᠲᠣᠭᠤᠰᠢᠯᠠᠭᠤᠯᠣᠨ ᠬᠡᠷᠡᠭᠵᠢᠭᠦᠯᠬᠦ ᠬᠡᠷᠡᠭᠲᠡᠶ︔ ᠬᠦᠴᠦᠨ ᠦᠭᠡᠶ ᠪᠣᠯᠭᠠᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠤᠳᠠᠯ ᠢ ᠬᠠᠰᠤᠵᠤ ᠬᠡᠯᠲᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠳᠤ ᠬᠡᠷᠡᠭᠵᠢᠭᠦᠯᠬᠦ ᠪᠠᠶᠢᠭᠤᠯᠭ᠎ᠠ ᠨᠢ ᠲᠤᠰ ᠮᠡᠳᠡᠭᠳᠡᠯ ᠢ ᠨᠡᠶᠢᠲᠡᠯᠡᠭᠰᠡᠨ ᠡᠳᠦᠷ ᠠᠴᠠ ᠡᠬᠢᠯᠡᠨ ᠭᠦᠢᠴᠡᠳᠬᠡᠬᠦ ᠶᠢ ᠵᠣᠭᠰᠣᠭᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠣᠨ ᠨᠢᠭᠡᠴᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦᠯᠡᠯ ᠪᠣᠯᠭᠠᠵᠤ ᠪᠣᠯᠬᠤ ᠦᠭᠡᠢ᠃      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠪᠣᠯᠤᠨ ᠨᠢᠭᠡᠴᠡ ᠲᠣᠰ ᠮᠡᠳᠡᠭᠳᠡᠯ ᠲᠠᠢ ᠬᠠᠷᠢᠴᠠᠭᠤᠯᠤᠨ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠪᠣᠯᠤᠨ ᠨᠢᠭᠡᠴᠡ ᠶᠢᠨ ᠨᠡᠶᠢᠲᠡᠯᠡᠭᠰᠡᠨ ᠬᠠᠮᠢᠶ᠎ᠠ ᠪᠦᠬᠦᠢ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠴᠠᠭ ᠲᠤᠬᠠᠶ ᠳᠤᠨᠢ ᠢᠯᠭᠠᠷᠠᠭᠤᠯᠬᠤ ᠬᠡᠷᠡᠭᠲᠡᠶ᠃      ᠳᠠᠭᠠᠯᠳᠤᠭᠤᠯᠤᠯ᠄ 1. ᠦᠷᠭᠦᠯᠵᠢᠯᠡᠨ ᠬᠦᠴᠦᠨ ᠲᠠᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠤᠳᠠᠯ ᠢ ᠬᠠᠰᠤᠵᠤ ᠭᠡᠯᠳᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ︵1 ᠬᠤᠪᠢ︶      2. ᠬᠦᠴᠦᠨ ᠥᠬᠡᠶ ᠪᠣᠯᠭᠠᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠥᠲᠥᠭᠡᠨ ᠪᠠᠶᠢᠭᠤᠯᠬᠤ ᠵᠠᠷᠤᠳᠠᠯ ᠢ ᠬᠠᠰᠤᠵᠤ ᠭᠡᠯᠳᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ︵7 ᠬᠤᠪᠢ︶     ᠳᠠᠭᠠᠯᠳᠤᠭᠤᠯᠤᠯ᠄ 1. ᠦᠷᠭᠦᠯᠵᠢᠯᠡᠨ ᠬᠦᠴᠦᠨ ᠲᠠᠢ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠦᠲᠦᠭᠡᠨ ᠪᠠᠶᠢᠭᠤᠯᠬᠤ ᠵᠠᠷᠤᠳᠠᠯ ᠢ ᠬᠠᠰᠤᠵᠤ ᠭᠡᠯᠳᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ︵1 ᠬᠤᠪᠢ︶
     2. ᠬᠦᠴᠦᠨ ᠥᠬᠡᠶ ᠪᠣᠯᠭᠠᠭᠰᠠᠨ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠣᠨᠳᠣᠤ ᠭᠠᠵᠠᠷ ᠪᠥᠲᠥᠭᠡᠨ ᠪᠠᠶᠢᠭᠤᠯᠬᠤ ᠵᠠᠷᠤᠳᠠᠯ ᠢ ᠬᠠᠰᠤᠵᠤ ᠭᠡᠯᠳᠦᠷᠢᠭᠦᠯᠬᠦ ᠳᠤ ᠬᠤᠯᠪᠣᠭᠳᠠᠭᠰᠠᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠪᠢᠴᠢᠭ ᠮᠠᠲ᠋ᠧᠷᠢᠶᠠᠯ ᠤᠨ ᠭᠠᠷᠴᠠᠭ ︵7 ᠬᠤᠪᠢ︶
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ