ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠦᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠶᠠᠪᠤᠭᠤᠯᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/12/1
             ᠬᠦᠬᠡᠬᠤᠲᠠ ᠵᠠᠰᠠᠭ ᠲᠠᠷᠬᠠᠭᠠᠭᠰᠠᠨ〔2020〕15 ᠳ᠋ᠤᠭᠠᠷ ᠲᠤᠭᠠᠳᠤ                   2020 ᠣᠨ ᠤ 7 ᠳ᠋ᠤᠭᠠᠷ ᠰᠠᠷ᠎ᠠ ᠶᠢᠨ 16 ᠤ ᠡᠳᠦᠷ                                       ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠨᠢᠭᠡᠴᠡ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ ᠭᠡᠷᠡᠭᠵᠢᠬᠦᠯᠬᠦ ᠨᠠᠷᠢᠨ ᠲᠦᠷᠢᠮ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠪᠣᠳᠠᠳᠠᠢ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠶ ᠨᠠᠶᠢᠳᠠᠪᠤᠷᠢᠵᠢᠭᠤᠯᠳᠤᠭᠠᠢ᠃      ᠬᠥᠬᠡᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ  ᠮᠦᠴᠢᠷ ᠤᠳ ᠬᠠᠮᠲᠤᠷᠠᠨ ︽ ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾  ᠬᠢᠨᠠᠯᠲᠠ ᠬᠠᠮᠢᠶᠠᠷᠤᠯᠲᠠ ᠶᠢᠨ ᠬᠡᠷᠡᠭᠵᠢᠬᠦᠯᠬᠦ ᠨᠠᠷᠢᠨ ᠲᠦᠷᠢᠮ ᠨᠢ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠠᠬᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ〔 2019 〕5 ᠳ᠋ᠤᠭᠠᠷ ᠲᠣᠭᠠᠲᠤ︶᠂ ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︿ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ﹀ ᠬᠢᠨᠠᠯᠲᠠ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ︹ 2019 ︺10 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠵᠢᠯ ᠢ ᠦᠨᠡᠨᠬᠦ ᠰᠠᠶᠢᠳᠤᠷ ᠬᠢᠬᠦ ᠶᠢᠨ ᠲᠦᠯᠦᠭᠡ᠂ ᠲᠣᠰᠬᠠᠶᠢᠯᠠᠨ ᠲᠤᠰ ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠪᠠ᠃      ᠨᠢᠭᠡ᠂ ᠶᠡᠷᠦᠩᠬᠡᠶ ᠳᠦᠷᠢᠮ      ︵ᠨᠢᠭᠡ︶ ᠲᠣᠰ ᠨᠠᠷᠢᠨ ᠳᠦᠷᠢᠮ ᠳᠤ ᠬᠡᠯᠡᠵᠦ ᠪᠠᠶᠢᠭ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ  ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠭᠡᠳᠡᠭ ᠨᠢ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠤᠯᠪᠤᠭᠳᠠᠯ ᠪᠦᠬᠦᠢ ᠰᠠᠯᠠᠭ᠎ᠠ ᠮᠥᠴᠢᠷ ᠬᠠᠤᠯᠢ ᠶᠣᠰᠣᠭᠠᠷ ᠨᠡᠶᠢᠲᠡᠯᠡᠭᠰᠡᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠣᠯᠤᠨ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠦᠨᠳᠦᠰᠦᠯᠡᠨ᠂  ᠪᠠᠶᠢᠴᠠᠭᠠᠭᠳᠠᠬᠤ ᠡᠲᠡᠭᠡᠳ᠂ ᠲᠣᠬᠢᠷᠠᠬᠤ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠢ ᠲᠠᠰᠢᠷᠠᠮ ᠢᠶᠠᠷ ᠰᠤᠭᠤᠴᠢᠵᠤ᠂ ᠰᠤᠭᠤᠴᠢᠨ ᠪᠠᠶᠢᠴᠠᠭᠠᠬᠤ ᠬᠤᠯᠪᠤᠭᠳᠠᠯ ᠪᠦᠬᠦᠢ ᠲᠤᠬᠠᠶᠢᠯᠠᠭᠰᠠᠨ ᠠᠵᠢᠯ ᠤᠨ ᠪᠠᠷᠢᠮᠵᠢᠶ᠎ᠠ ᠶᠣᠰᠣᠭᠠᠷ ᠬᠠᠮᠲᠤᠷᠠᠨ ᠰᠤᠭᠤᠴᠢᠨ ᠪᠠᠶᠢᠴᠠᠭᠠᠬᠤ ᠪᠠᠶᠢᠴᠠᠭᠠᠯᠲᠠ ᠥᠷᠨᠢᠭᠦᠯᠬᠦ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠬᠠᠤᠯᠢ ᠶᠣᠰᠣᠭᠠᠷ ᠨᠡᠶᠢᠲᠡᠯᠡᠬᠦ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠵᠢᠭᠠᠨ᠎ᠠ᠃      ︵ᠬᠤᠶᠠᠷ︶ ᠲᠤᠰ ᠨᠠᠷᠢᠨ ᠳᠦᠷᠢᠮ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠵᠢᠴᠢ ᠪᠤᠶ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠳᠤ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠠᠷᠭ᠎ᠠ ᠮᠠᠶ᠋ᠢᠭ ᠢᠶᠠᠷ ᠥᠷᠨᠢᠭᠦᠯᠦᠭᠰᠡᠨ ᠰᠠᠯᠠᠭ᠎ᠠ ᠮᠥᠴᠢᠷ ᠬᠠᠮᠲᠤᠷᠠᠨ ᠬᠢᠨᠠᠨ ᠬᠠᠮᠢᠶᠠᠷᠬᠤ ᠠᠵᠢᠯ ᠳᠤ ᠬᠡᠷᠡᠭᠯᠡᠨ᠎ᠡ᠃ ᠴᠢᠬᠤᠯᠠ ᠶᠡᠭᠡ ᠠᠮᠤᠷ ᠲᠦᠪᠰᠢᠨ ᠪᠠ ᠣᠯᠠᠨ ᠨᠡᠶᠢᠲᠡ ᠶᠢᠨ ᠠᠰᠢᠭ ᠲᠤᠰᠠ ᠳᠤ ᠬᠤᠯᠪᠣᠭᠳᠠᠭᠰᠠᠨ᠂ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠳᠤ ᠵᠢᠭᠰᠠᠭᠠᠨ ᠣᠷᠣᠭᠤᠯᠤᠭᠰᠠᠨ ᠦᠭᠡᠢ ᠬᠢᠨᠠᠨ ᠬᠠᠮᠢᠶᠠᠷᠬᠤ ᠵᠦᠢᠯᠡᠰ ᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠠᠷᠭ᠎ᠠ ᠮᠠᠶ᠋ᠢᠭ ᠢᠶᠠᠷ ᠴᠢᠩᠭ᠎ᠠ ᠬᠢᠨᠠᠨ ᠬᠠᠮᠢᠶᠠᠷᠬᠤ ᠬᠡᠷᠡᠭᠳᠡᠢ᠃ ᠢᠯᠡᠴᠢᠯᠡᠨ ᠵᠠᠭᠠᠯᠳᠤᠬᠤ᠂ ᠰᠢᠯᠵᠢᠭᠦᠯᠦᠨ ᠰᠢᠢᠳᠪᠦᠷᠢᠯᠡᠭᠦᠯᠬᠦ ᠲᠤᠰᠢᠶᠠᠨ ᠰᠢᠢᠳᠪᠦᠷᠢᠯᠡᠭᠦᠯᠬᠦ᠂ ᠲᠤᠭ᠎ᠠ ᠪᠠᠷᠢᠮᠲᠠ ᠶᠢ ᠬᠢᠨᠠᠨ ᠬᠡᠮᠵᠢᠬᠦ ᠵᠡᠷᠭᠡ ᠪᠠᠷ ᠳᠠᠮᠵᠢᠨ ᠢᠯᠡᠷᠡᠭᠦᠯᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠣᠨᠴᠠᠭᠠᠢ ᠬᠡᠷᠡᠭ ᠤᠨ ᠰᠦᠪᠡᠭᠴᠢ ᠶᠢ ᠴᠠᠭ ᠲᠤᠬᠠᠶ ᠳᠤᠨᠢ ᠪᠠᠶᠢᠴᠠᠭᠠᠵᠤ ᠰᠢᠢᠳᠪᠦᠷᠢᠯᠡᠬᠦ ᠬᠡᠷᠡᠭᠲᠡᠶ᠃ ᠳᠡᠭᠡᠷ᠎ᠡ ᠳᠤᠷᠠᠳᠤᠭᠰᠠᠨ ᠠᠷᠭ᠎ᠠ ᠵᠠᠮ ᠢᠶᠠᠷ ᠳᠠᠮᠵᠢᠨ ᠢᠯᠡᠷᠡᠭᠦᠯᠦᠭᠰᠡᠨ ᠨᠡᠶᠢᠳᠡᠮ ᠤᠨ ᠴᠢᠨᠠᠷᠲᠠᠶ ᠠᠰᠠᠭᠤᠳᠠᠯ ᠪᠠ ᠵᠠᠬ᠎ᠠ ᠳᠡᠯᠭᠡᠭᠦᠷ ᠤᠨ ᠡᠮᠬᠢ ᠵᠢᠷᠦᠮ ᠳᠤ ᠣᠷᠣᠰᠢᠵᠤ ᠪᠠᠶᠢᠭ᠎ᠠ ᠲᠣᠪᠤᠶᠢᠮ᠎ᠠ ᠠᠶᠤᠯ ᠲᠦᠭᠰᠢᠭᠦᠷᠢ ᠳᠤ ᠂ ᠬᠤᠶᠠᠷ ᠢ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠯᠪᠤᠭᠳᠠᠭᠰᠠᠨ ᠰᠤᠭᠤᠴᠢᠨ ᠪᠠᠶᠢᠴᠠᠭᠠᠬᠤ ᠵᠦᠢᠯᠡᠰ ᠲᠤ ᠬᠠᠨᠳᠤᠯᠭᠠᠲᠤ ᠴᠢᠨᠠᠷᠲᠠᠶ ᠲᠤᠰᠬᠠᠶ ᠪᠠᠶᠢᠴᠠᠭᠠᠯᠲᠠ ᠥᠷᠨᠢᠭᠦᠯᠬᠦ ᠬᠡᠷᠡᠭᠲᠡᠶ᠃      ︵ᠭᠤᠷᠪᠠ︶ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠨᠢ ᠬᠤᠲᠠ ᠶᠢᠨ ᠨᠠᠮ ᠤᠨ ᠬᠤᠷᠢᠶ᠎ᠠ ᠂ ᠬᠤᠲᠠ ᠶᠢᠨ ᠵᠠᠰᠠᠭ ᠤᠨ ᠣᠷᠳᠣᠨ ᠤ ᠤᠳᠤᠷᠢᠳᠤᠯᠭ᠎ᠠ ᠳᠣᠤᠷ᠎ᠠ᠂ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠳᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ᠃      ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠠᠮᠲᠤᠷᠠᠭᠰᠠᠨ ᠬᠤᠷᠠᠯ ᠤᠨ ᠲᠦᠷᠦᠭᠦᠯᠡᠬᠦ ᠨᠢᠭᠡᠴᠡ ᠪᠣᠯᠵᠤ᠂ ᠠᠵᠢᠯ ᠤᠨ ᠨᠠᠷᠢᠨ ᠳᠦᠷᠢᠮ ᠢ ᠨᠢᠭᠡᠳᠦᠯᠲᠡᠶ ᠲᠥᠯᠥᠪᠯᠡᠨ ᠲᠣᠭᠲᠠᠭᠠᠬᠤ ᠪᠠ ᠰᠠᠨᠠᠭᠠᠴᠢᠯᠠᠬᠤ ᠰᠠᠯᠠᠭ᠎ᠠ ᠮᠥᠴᠢᠷ ᠢ ᠰᠢᠮᠳᠠᠭᠤᠯᠵᠤ ᠣᠨ ᠤ ᠲᠥᠯᠥᠪᠯᠡᠭᠡ ᠲᠣᠭᠲᠠᠭᠠᠯᠭᠠᠬᠤ᠂ ᠬᠢᠨᠠᠨ ᠰᠢᠯᠭᠠᠵᠤ ᠦᠨᠡᠯᠡᠬᠦ ᠵᠡᠷᠭᠡ ᠲᠠᠯ᠎ᠠ ᠪᠠᠷ ᠲᠦᠷᠦᠭᠦᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠬᠡᠷᠡᠭᠲᠡᠶ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠬᠦᠭᠵᠢᠬᠦᠯᠦᠯᠲᠡ ᠥᠭᠡᠷᠡᠴᠢᠯᠡᠯᠲᠡ᠂ ᠰᠤᠷᠭᠠᠨ ᠬᠥᠮᠦᠵᠢᠯ᠂ ᠳᠣᠲᠤᠭᠠᠳᠤ ᠶᠢ ᠬᠠᠮᠠᠭᠠᠯᠠᠬᠤ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠠᠮᠢ ᠠᠬᠤᠶ ᠣᠷᠴᠢᠨ ᠲᠣᠭᠤᠷᠢᠨ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠲᠠᠷᠢᠶᠠᠯᠠᠩ ᠮᠠᠯ ᠠᠵᠤ ᠠᠬᠤᠶ᠂ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠷᠠᠳᠢᠣ᠋ ᠲᠧᠯᠸᠢᠰ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠪᠣᠭᠤᠮᠲᠠ᠂ ᠭᠠᠶᠢᠯᠢ ᠶᠢᠨ ᠶᠠᠪᠤᠳᠠᠯ᠂ ᠲᠤᠭ᠎ᠠ ᠪᠦᠷᠢᠳᠬᠡᠯ᠂ ᠡᠳ᠋ ᠤᠨ ᠵᠠᠰᠠᠭ᠂ ᠬᠠᠤᠯᠢ ᠴᠠᠭᠠᠵᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ᠂ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ ᠵᠡᠷᠭᠡ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠤ ᠬᠤᠯᠪᠤᠭᠳᠠᠯ ᠪᠦᠬᠦᠢ ᠰᠠᠯᠠᠭ᠎ᠠ ᠮᠥᠴᠢᠷ ᠵᠢᠴᠢ ᠪᠤᠰᠤᠳ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠨᠢ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ  ᠰᠤᠭᠤᠴᠢᠬᠤ︾ ᠪᠠᠶᠢᠴᠠᠭᠠᠯᠲᠠ ᠶᠢᠨ ᠡᠭᠦᠷᠭᠡ ᠶᠢ ᠰᠠᠨᠠᠭᠠᠴᠢᠯᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠦᠷ᠎ᠡ ᠳ᠋ᠦᠩ ᠢ ᠨᠡᠶᠢᠲᠡᠯᠡᠬᠦ᠂ ᠳ᠋ᠦᠩᠨᠡᠨ ᠵᠠᠳᠠᠯᠬᠤ ᠵᠡᠷᠭᠡ ᠠᠵᠢᠯ ᠢ ᠬᠠᠷᠢᠭᠤᠴᠠᠵᠤ᠂ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠬᠤ︾ ᠪᠠᠶᠢᠴᠠᠭᠠᠯᠲᠠ ᠳᠤ ᠣᠷᠣᠯᠴᠠᠭᠰᠠᠨ ᠬᠠᠮᠵᠢᠯᠴᠠᠬᠤ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ᠂ ᠬᠠᠮᠳᠤᠷᠠᠭᠰᠠᠨ ᠪᠠᠶᠢᠴᠠᠭᠠᠯᠲᠠ ᠳᠤ ᠬᠠᠮᠵᠢᠯᠴᠠᠬᠤ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢᠶᠠᠨ ᠵᠠᠷᠯᠠᠨ ᠨᠡᠶᠢᠲᠡᠯᠡᠵᠦ᠂ ᠲᠣᠰ ᠰᠠᠯᠠᠭ᠎ᠠ ᠮᠥᠴᠢᠷ ᠤᠨ ᠰᠤᠭᠤᠴᠢᠨ ᠪᠠᠶᠢᠴᠠᠭᠠᠭᠰᠠᠨ ᠠᠵᠢᠯ ᠤᠨ ᠵᠠᠳᠠᠯᠤᠯᠲᠠ ᠶᠢᠨ ᠮᠡᠳᠡᠭᠦᠯᠦᠯᠲᠡ ᠪᠠᠨ ᠮᠡᠳᠡᠭᠦᠯᠦᠨ ᠬᠦᠷᠭᠡᠬᠦ ᠬᠡᠷᠡᠭᠲᠡᠶ᠃      ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠲᠤᠰ ᠭᠠᠵᠠᠷ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠵᠤ ᠂ ᠬᠤᠲᠠ ᠶᠢᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠤᠨ ᠡᠬᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠢ᠃      ᠬᠤᠶᠠᠷ᠂ ᠲᠠᠪᠴᠠᠩ ᠤᠨ ᠬᠡᠷᠡᠭᠯᠡᠯᠲᠡ      ︵ᠳᠥᠷᠪᠡ︶ ᠪᠥᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠳᠤ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠤᠨ ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ︵ᠦᠪᠦᠷ ᠮᠤᠩᠭᠤᠯ︶ ︵ᠳᠣᠷᠣᠭᠰᠢ ︽ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠭᠡᠵᠦ ᠲᠣᠪᠴᠢᠯᠠᠨ᠎ᠠ︶ ᠤᠨ ᠬᠤᠶᠠᠷ ᠢ ᠰᠤᠭᠤᠴᠢᠨ ᠪᠠᠶᠢᠴᠠᠭᠠᠬᠤ ᠬᠡᠪ ᠢ ᠨᠢᠭᠡᠳᠦᠯᠲᠡᠶ ᠬᠡᠷᠡᠭᠯᠡᠵᠦ᠂ ᠪᠥᠬᠦ ᠴᠤᠪᠤᠷᠠᠯ ᠢ ᠡᠯᠧᠺᠲᠷᠤᠨᠴᠢᠯᠠᠨ ᠬᠠᠮᠢᠶᠠᠷᠬᠤ ᠪᠠ ᠰᠤᠭᠤᠴᠢᠨ ᠪᠠᠶᠢᠴᠠᠭᠠᠭᠰᠠᠨ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ ᠬᠡᠷᠡᠭᠯᠡᠬᠦ ᠶᠢ ᠪᠡᠶᠡᠯᠡᠭᠦᠯᠦᠨ᠎ᠡ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ  ᠥᠪᠡᠷᠲᠡᠭᠡᠨ ︽ᠬᠤᠶᠠᠷ ᠢ ᠰᠤᠭᠤᠴᠢᠨ︾ ᠪᠠᠶᠢᠴᠠᠭᠠᠬᠤ ᠲᠤᠬᠠᠶᠢᠯᠠᠭᠰᠠᠨ ᠠᠵᠢᠯ ᠤᠨ ᠰᠢᠰᠲ᠋ᠧᠮ ᠢ ᠪᠠᠶᠢᠭᠤᠯᠤᠭᠰᠠᠨ ᠪᠠᠶᠢᠪᠠᠯ᠂ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠯᠤᠭ᠎ᠠ ᠨᠡᠶᠢᠯᠡᠭᠦᠯᠦᠨ ᠠᠭᠤᠰᠤᠯᠴᠠᠭᠤᠯᠵᠤ᠂ ᠵᠠᠷᠴᠢᠮ ᠳᠡᠭᠡᠷ᠎ᠡ ᠪᠠᠨ ᠤᠤᠯ ᠤᠨ ᠰᠢᠰᠲ᠋ᠧᠮ ᠢ ᠬᠡᠷᠡᠭᠯᠡᠬᠦ ᠶᠢ ᠵᠣᠭᠰᠣᠭᠠᠬᠤ ᠬᠡᠷᠡᠭᠲᠡᠶ᠃      ︵ᠲᠠᠪᠤ︶ ᠰᠠᠯᠠᠭ᠎ᠠ ᠮᠥᠴᠢᠷ ᠤᠳ ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠳᠤᠮᠳᠠᠬᠢ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠵᠠᠷᠯᠠᠬᠤ᠂ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠲᠣᠭᠲᠠᠭᠠᠨ ᠨᠡᠶᠢᠲᠡᠯᠡᠬᠦ᠂ ᠪᠠᠶᠢᠴᠠᠭᠠᠬᠤ ᠡᠲᠡᠭᠡᠳ ᠤᠨ ᠨᠡᠷᠡᠰ ᠤᠨ ᠬᠥᠮᠥᠷᠭᠡ ᠬᠢᠭᠡᠳ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ ᠬᠥᠮᠥᠷᠭᠡ ᠶᠢ ᠪᠠᠶᠢᠭᠤᠯᠬᠤ᠂ ᠪᠠᠶᠢᠴᠠᠭᠠᠠᠬᠤ ᠡᠲᠡᠭᠡᠳ ᠤᠨ ᠨᠡᠷᠡᠰ ᠢ ᠰᠤᠭᠤᠯᠬᠤ᠂ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠢ ᠰᠣᠩᠭᠤᠵᠤ ᠲᠣᠮᠢᠯᠠᠬᠤ ᠶᠢ ᠰᠤᠭᠤᠯᠬᠤ᠂ ᠪᠣᠳᠠᠲᠠᠶ ᠪᠠᠶᠢᠴᠠᠭᠠᠬᠤ ᠡᠭᠦᠷᠭᠡ ᠶᠢ ᠪᠠᠭᠤᠯᠭᠠᠬᠤ᠂ ᠪᠠᠶᠢᠴᠠᠭᠠᠭᠰᠠᠨ ᠦᠷ᠎ᠡ ᠳ᠋ᠦᠩ ᠢ ᠺᠣᠮᠫᠢᠦ᠋ᠲ᠋ᠧᠷ ᠲᠤ ᠣᠷᠣᠭᠤᠯᠬᠤ ᠵᠢᠴᠢ ᠨᠡᠶᠢᠲᠡᠯᠡᠬᠦ᠂ ᠲᠤᠭ᠎ᠠ ᠪᠠᠷᠢᠮᠲᠠ ᠶᠢ ᠳᠠᠩᠰᠠ ᠡᠪᠬᠡᠮᠡᠯ ᠳᠤ ᠣᠷᠣᠭᠤᠯᠬᠤ ᠵᠡᠷᠭᠡ ᠡᠯ᠎ᠡ ᠠᠵᠢᠯ ᠤᠨ ᠭᠤᠭᠴᠤᠭ᠎ᠠ ᠶᠢ ᠴᠥᠮ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠡᠭᠡᠷ᠎ᠡ ᠬᠢᠵᠦ ᠬᠡᠷᠡᠭᠵᠢᠬᠦᠯᠦᠨ᠂ ᠥᠨᠳᠥᠷ ᠪᠦᠲᠦᠮᠵᠢᠲᠡᠶ ᠳᠥᠭᠦᠮ ᠳᠥᠲᠡ᠂ ᠪᠥᠬᠦ ᠶᠠᠪᠤᠴᠠ ᠳᠤ ᠣᠷᠣ ᠮᠥᠷ ᠦᠯᠡᠳᠡᠭᠡᠵᠦ᠂ ᠬᠠᠷᠢᠭᠤᠴᠠᠯᠭ᠎ᠠ ᠶᠢ ᠨᠡᠬᠡᠮᠵᠢᠯᠡᠵᠦ ᠪᠣᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠵᠢᠷᠭᠤᠭ᠎ᠠ︶ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠪᠦᠷᠢᠯᠳᠦᠭᠰᠡᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ᠂ ᠰᠤᠭᠤᠴᠢᠨ ᠪᠠᠶᠢᠴᠠᠭᠠᠬᠤ ᠲᠥᠯᠥᠪᠯᠡᠭᠡ ᠪᠠ ᠪᠠᠶᠢᠴᠠᠭᠠᠭᠰᠠᠨ ᠦᠷ᠎ᠡ ᠳ᠋ᠦᠩ ᠤᠨ ᠮᠡᠳᠡᠭᠡ ᠵᠠᠩᠭᠢ ᠶᠢ ᠥᠪᠡᠷ ᠢᠶᠠᠨ ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠥᠪᠥᠷ ᠮᠤᠩᠭᠤᠯ︶ ︵ᠳᠣᠷᠣᠭᠰᠢ ︽ᠢᠯᠡ ᠨᠡᠶᠢᠲᠡᠯᠡᠬᠦ ᠰᠢᠰᠲ᠋ᠧᠮ︾ ᠭᠡᠵᠦ ᠲᠣᠪᠴᠢᠯᠠᠨ᠎ᠠ︶ ᠳᠤ ᠬᠠᠮᠳᠤᠪᠡᠷ ᠡᠳ᠋ᠯᠡᠨ ᠰᠣᠯᠢᠯᠴᠠᠵᠤ ᠨᠡᠶᠢᠭᠡᠮ ᠳᠤ ᠢᠯᠡ ᠪᠠᠷ ᠨᠡᠶᠢᠳᠡᠯᠡᠬᠦ ᠬᠡᠷᠡᠭᠲᠡᠢ᠃      ︵ᠳᠣᠯᠤᠭ᠎ᠠ︶ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠬᠢᠨᠠᠨ ᠰᠢᠯᠭᠠᠵᠤ ᠦᠨᠡᠯᠡᠬᠦ ᠳᠤ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠬᠦᠢᠴᠡᠳᠭᠡᠯ ᠲᠤᠭ᠎ᠠ ᠳᠤ ᠵᠠᠳᠠᠯᠤᠯᠲᠠ ᠬᠢᠵᠦ᠂ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠠᠴᠠ ᠪᠠᠶᠢᠴᠠᠭᠠᠬᠤ ᠡᠲᠡᠭᠡᠳ ᠪᠠ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ ᠬᠥᠮᠥᠷᠭᠡ ᠶᠢ ᠪᠠᠶᠢᠭᠤᠯᠬᠤ᠂ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠶᠢ ᠬᠦᠢᠴᠡᠳᠭᠡᠬᠦ᠂ ᠪᠣᠳᠠᠲᠠᠶ ᠡᠭᠦᠷᠭᠡ ᠶᠢ ᠬᠡᠷᠡᠭᠵᠢᠬᠦᠯᠬᠦ᠂ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠨᠡᠶᠢᠲᠡᠯᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠢ ᠥᠪᠡᠷ ᠢᠶᠠᠨ ᠪᠦᠷᠢᠳᠬᠡᠬᠦ ᠶᠢᠨ ᠬᠠᠮᠲᠤ  ᠪᠦᠷᠢᠯᠳᠦᠭᠦᠯᠵᠦ ᠪᠣᠯᠤᠨ᠎ᠠ᠃      ᠭᠤᠷᠪᠠ᠂ ︽ᠨᠢᠭᠡ ᠬᠠᠭᠤᠳᠠᠰᠤ ᠬᠤᠶᠠᠷ ᠬᠥᠮᠥᠷᠭᠡ︾      ︵ᠨᠠᠢᠮᠠ︶ ᠬᠤᠲᠠ ᠶᠢᠨ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠢᠨᠠᠯᠲᠠ ᠬᠠᠮᠢᠶᠠᠷᠤᠯᠲᠠ ᠶᠢᠨ ᠪᠠᠶᠢᠳᠠᠯ ᠡᠭᠦᠷᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠭᠲᠠᠭᠠᠨ ᠨᠡᠶᠢᠲᠡᠯᠡᠭᠰᠡᠨ ᠰᠠᠯᠠ᠊ ‍ᠭ᠎ᠠ ᠮᠥᠴᠢᠷ ᠤᠳ ᠬᠠᠮᠲᠤᠷᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠠᠷ ᠰᠠᠭᠤᠷᠢ ᠪᠣᠯᠭᠠᠵᠤ᠂ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠵᠦ ᠪᠣᠯᠤᠨ᠎ᠠ᠃ ᠨᠡᠮᠡᠬᠦ ᠴᠢᠬᠤᠯᠠᠲᠠᠶ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠢ ᠰᠠᠨᠠᠭᠠᠴᠢᠯᠠᠭᠰᠠᠨ ᠰᠠᠯᠠᠭ᠎ᠠ ᠮᠥᠴᠢᠷ ᠠᠴᠠ ᠬᠢᠨᠠᠨ ᠬᠠᠮᠢᠶᠠᠷᠬᠤ ᠱᠠᠭᠠᠷᠳᠠᠯᠭ᠎ᠠ ᠪᠠ ᠬᠠᠮᠲᠤᠷᠠᠨ ᠪᠠᠶᠢᠴᠠᠭᠠᠬᠤ ᠪᠣᠳᠠᠲᠤ ᠨᠦᠬᠦᠴᠡᠯ ᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ  ᠲᠣᠭᠲᠠᠭᠠᠯᠭᠠᠵᠤ᠂ ᠪᠦᠬᠦ ᠬᠤᠲᠠ ᠶᠢᠨ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠢᠭᠡᠳᠦᠯᠲᠡᠢ ᠨᠠᠷᠢᠨ ᠬᠠᠭᠤᠳᠠᠰᠤ ᠶᠢ ᠪᠦᠷᠢᠯᠳᠦᠭᠦᠯᠦᠨ᠎ᠡ᠃ ᠨᠠᠷᠢᠨ ᠬᠠᠭᠤᠳᠠᠰᠤᠨ ᠳᠤ ᠰᠤᠭᠤᠴᠢᠨ ᠪᠠᠶᠢᠴᠠᠭᠠᠬᠤ ᠵᠦᠢᠯᠡᠰ᠂ ᠰᠠᠨᠠᠭᠠᠴᠢᠯᠠᠬᠤ ᠰᠠᠯᠠᠭ᠎ᠠ ᠮᠥᠴᠢᠷ᠂ ᠣᠷᠣᠯᠴᠠᠬᠤ ᠰᠠᠯᠠᠭ᠎ᠠ ᠮᠥᠴᠢᠷ᠂ ᠪᠠᠶᠢᠴᠠᠭᠠᠬᠤ ᠡᠲᠡᠭᠡᠳ᠂ ᠵᠦᠢᠯᠡᠰ ᠤᠨ ᠲᠥᠷᠥᠯ ᠠᠩᠭᠢᠯᠠᠯ᠂ ᠪᠠᠶᠢᠴᠠᠭᠠᠬᠤ ᠠᠷᠭ᠎ᠠ ᠮᠠᠶ᠋ᠢᠭ᠂ ᠪᠠᠶᠢᠴᠠᠭᠠᠬᠤ ᠭᠤᠤᠯ ᠴᠣᠭᠴᠠ ᠪᠠ ᠪᠠᠶᠢᠴᠠᠭᠠᠬᠤ ᠦᠨᠳᠦᠰᠦᠯᠡᠯ ᠵᠡᠷᠭᠡ ᠶᠢ ᠲᠣᠳᠣᠷᠬᠠᠶᠢᠯᠠᠨ᠎ᠠ᠃      ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠳᠤ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠢ ᠲᠣᠭᠲᠠᠭᠠᠬᠤ ᠵᠠᠰᠠᠪᠤᠷᠢ ᠣᠷᠣᠭᠤᠯᠬᠤ ᠬᠦᠴᠦᠨ ᠦᠭᠡᠢ ᠪᠣᠯᠭᠠᠬᠤ ᠲᠠᠶᠢᠯᠪᠤᠷᠢᠯᠠᠬᠤ ᠪᠠ ᠠᠵᠢᠯ ᠤᠨ ᠪᠣᠳᠠᠳᠤ ᠪᠠᠶᠢᠳᠠᠯ ᠵᠡᠷᠭᠡ ᠶᠢ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠬᠦ ᠶᠢᠨ ᠬᠠᠮᠳᠤ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ ᠬᠡᠷᠡᠭᠲᠡᠶ᠃      ︵ᠶᠢᠰᠦ︶ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠵᠦᠢᠯᠡᠰ ᠢ ᠡᠩ ᠤᠨ ᠪᠠᠶᠢᠴᠠᠭᠠᠬᠤ ᠵᠦᠢᠯᠡᠰ ᠪᠠ ᠭᠤᠣᠯᠳᠠᠯᠭ᠎ᠠ ᠲᠠᠢ ᠪᠠᠶᠢᠴᠠᠭᠠᠬᠤ ᠵᠦᠢᠯᠡᠰ ᠭᠡᠵᠦ ᠬᠤᠪᠢᠶᠠᠨ᠎ᠠ᠃ ᠭᠤᠤᠯᠳᠠᠯᠭ᠎ᠠ ᠲᠠᠢ ᠪᠠᠶᠢᠴᠠᠭᠠᠬᠤ ᠵᠦᠢᠯᠡᠰ ᠢ ᠠᠮᠤᠷ ᠲᠦᠪᠰᠢᠨ᠂ ᠶᠠᠰᠤ ᠴᠢᠨᠠᠷ᠂ ᠣᠯᠠᠨ ᠨᠡᠶᠢᠲᠡ ᠶᠢᠨ ᠠᠰᠢᠭ ᠲᠤᠰᠠ ᠵᠡᠷᠭᠡ ᠴᠢᠬᠤᠯᠠ ᠬᠦᠷᠢᠶ᠎ᠡ ᠴᠠᠷᠠᠭ᠎ᠠ ᠳᠤ ᠴᠢᠭᠯᠡᠭᠦᠯᠦᠨ᠂ ᠰᠤᠭᠤᠴᠢᠨ ᠪᠠᠶᠢᠴᠠᠭᠠᠬᠤ ᠬᠠᠷᠢᠴᠠᠯ ᠳᠤ ᠳᠡᠭᠡᠷ᠎ᠡ ᠵᠠᠬ᠎ᠠ ᠬᠢᠵᠠᠭᠠᠷ ᠲᠣᠭᠲᠠᠭᠠᠬᠤ ᠥᠬᠡᠶ᠃ ᠡᠩ ᠤᠨ ᠪᠠᠶᠢᠴᠠᠭᠠᠬᠤ ᠵᠦᠢᠯᠡᠰ ᠢ ᠡᠩ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ ᠴᠢᠭᠯᠡᠭᠦᠯᠵᠦ᠂ ᠰᠤᠭᠤᠴᠢᠨ ᠪᠠᠶᠢᠴᠠᠭᠠᠬᠤ ᠬᠠᠷᠢᠴᠠᠯ ᠢ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠢ ᠦᠨᠳᠦᠰᠦᠯᠡᠨ ᠴᠢᠩᠭ᠎ᠠ ᠬᠢᠵᠠᠭᠠᠷᠯᠠᠬᠤ ᠬᠡᠷᠡᠭᠲᠡᠶ᠃      ︵ᠠᠷᠪᠠ︶ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠳᠠᠬᠢ ᠡᠯ᠎ᠡ ᠲᠥᠷᠥᠯ ᠤᠨ  ᠰᠤᠭᠤᠴᠢᠨ ᠪᠠᠶᠢᠴᠠᠭᠠᠬᠤ ᠵᠦᠢᠯᠡᠰ ᠲᠠᠢ ᠬᠠᠷᠢᠯᠴᠠᠨ ᠵᠣᠬᠢᠴᠠᠯᠳᠤᠭᠰᠠᠨ ᠪᠠᠶᠢᠴᠠᠭᠠᠬᠤ ᠡᠲᠡᠭᠡᠳ ᠤᠨ ᠨᠡᠷᠡᠰ ᠤᠨ ᠬᠥᠮᠥᠷᠭᠡ ᠶᠢ ᠬᠠᠮᠲᠤᠷᠠᠨ ᠰᠤᠭᠤᠴᠢᠨ ᠪᠠᠶᠢᠴᠠᠭᠠᠬᠤ ᠡᠭᠦᠷᠭᠡ ᠶᠢ ᠰᠠᠨᠠᠭᠠᠴᠢᠯᠠᠬᠤ ᠰᠠᠯᠠᠭ᠎ᠠ ᠮᠥᠴᠢᠷ ᠰᠤᠭᠤᠴᠢᠨ ᠪᠠᠶᠢᠴᠠᠭᠠᠬᠤ ᠡᠭᠦᠷᠭᠡ ᠶᠢ ᠬᠡᠷᠡᠭᠵᠢᠭᠦᠯᠬᠦ ᠠᠴᠠ ᠡᠮᠦᠨ᠎ᠡ᠂ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠪᠥᠭᠡᠮ ᠢᠶᠠᠷ ᠣᠷᠣᠭᠤᠯᠬᠤ᠂ ᠲᠠᠩ ᠭᠠᠭᠴᠠ ᠪᠠᠷ ᠨᠡᠮᠡᠬᠦ ᠵᠡᠷᠭᠡ ᠠᠷᠭ᠎ᠠ ᠮᠠᠶ᠋ᠢᠭ ᠢ ᠠᠪᠴᠤ  ᠪᠠᠶᠢᠴᠠᠭᠠᠬᠤ ᠡᠲᠡᠭᠡᠳ ᠢᠶᠠᠨ ᠲᠠᠨᠢᠵᠤ ᠠᠪᠴᠤ᠂ ᠬᠠᠷᠠᠭᠠᠯᠵᠠᠭᠰᠠᠨ ᠪᠠᠶᠢᠴᠠᠭᠠᠬᠤ ᠡᠲᠡᠭᠡᠳ ᠤᠨ ᠨᠡᠷᠡᠰ ᠤᠨ ᠬᠥᠮᠥᠷᠭᠡ ᠶᠢᠨ ᠲᠡᠳ᠋ ᠬᠥᠮᠥᠷᠭᠡ ᠶᠢ ᠪᠠᠶᠢᠭᠤᠯᠤᠨ᠎ᠠ᠃ ᠪᠠᠶᠢᠴᠠᠭᠠᠬᠤ ᠡᠲᠡᠭᠡᠳ ᠤᠨ ᠨᠡᠷᠡᠰ ᠤᠨ ᠬᠦᠮᠦᠷᠭᠡ ᠶᠢᠨ ᠲᠡᠳ᠋ ᠬᠥᠮᠥᠷᠭᠡ ᠶᠢ ᠬᠥᠳᠡᠯᠦᠩᠭᠦᠶ  ᠬᠠᠮᠠᠭᠠᠯᠠᠵᠤ᠂ ᠪᠥᠬᠦ ᠲᠠᠯ᠎ᠠ ᠶᠢᠨ᠂ ᠴᠠᠭ ᠲᠤᠬᠠᠶ ᠶᠢᠨ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠪᠠᠶᠢᠴᠠᠭᠠᠬᠤ ᠡᠲᠡᠭᠡᠳ ᠤᠨ ᠨᠡᠷᠡᠰ ᠤᠨ ᠬᠥᠮᠥᠷᠭᠡ ᠳᠤ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠬᠤᠷᠰᠢᠶ᠎ᠠ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠤᠯ ᠴᠣᠭᠴᠠ ᠪᠠᠭᠲᠠᠬᠤ ᠮᠥᠷᠲᠡᠭᠡᠨ ᠪᠠᠰᠠ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠤᠨ ᠬᠠᠤᠯᠢ ᠶᠢᠨ ᠡᠷᠭᠡᠳᠡᠨ᠂ ᠲᠦᠷᠦᠯ ᠵᠦᠢᠯ ᠤᠨ ᠢᠨᠵᠧᠨᠧᠷᠢᠩ᠂ ᠪᠡᠯᠡᠳᠭᠡᠮᠵᠢ ᠲᠥᠬᠦᠭᠡᠷᠦᠮᠵᠢ᠂ ᠲᠠᠯᠠᠪᠤᠷ ᠭᠠᠵᠠᠷ᠂ ᠪᠦᠳᠦᠭᠡᠭᠳᠡᠭᠦᠨ᠂ ᠦᠢᠯᠡ ᠠᠵᠢᠯᠯᠠᠭ᠎ᠠ ᠵᠡᠷᠭᠡ ᠶᠢ ᠴᠤ ᠪᠠᠭᠲᠠᠭᠠᠵᠤ ᠪᠣᠯᠤᠨ᠎ᠠ᠃      ︵ᠠᠷᠪᠠᠨ ᠨᠢᠭᠡ︶ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠰᠠᠯᠠᠭ᠎ᠠ ᠮᠥᠴᠢᠷ ᠪᠣᠯᠤᠨ ᠤᠷᠤᠯᠴᠠᠬᠤ ᠰᠠᠯᠠᠭ᠎ᠠ ᠮᠥᠴᠢᠷ ᠤᠳ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠡᠭᠡᠷ᠎ᠡ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠳᠠᠬᠢ ᠰᠤᠭᠤᠴᠢᠨ ᠪᠠᠶᠢᠴᠠᠭᠠᠬᠤ ᠵᠦᠢᠯᠡᠰ ᠯᠦᠭᠡ ᠬᠠᠷᠠᠭᠠᠯᠵᠠᠭᠰᠠᠨ ᠲᠣᠰ ᠰᠠᠯᠠᠭ᠎ᠠ ᠮᠥᠴᠢᠷ ᠤᠨ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ ᠬᠥᠮᠥᠷᠭᠡ ᠪᠠᠶᠢᠭᠤᠯᠬᠤ ᠶᠢ ᠲᠣᠰ ᠲᠣᠰ ᠬᠠᠷᠢᠭᠤᠴᠠᠨ᠎ᠠ᠃ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ ᠬᠥᠮᠥᠷᠭᠡ ᠶᠢ ᠪᠥᠭᠡᠮ ᠢᠶᠠᠷ ᠣᠷᠣᠭᠤᠯᠬᠤ᠂ ᠲᠠᠩ ᠭᠠᠭᠴᠠ ᠪᠠᠷ ᠨᠡᠮᠡᠬᠦ ᠵᠡᠷᠭᠡ ᠠᠷᠭ᠎ᠠ ᠮᠠᠶ᠋ᠢᠭ ᠢᠶᠠᠷ ᠪᠠᠶᠢᠭᠤᠯᠬᠤ ᠶᠢᠨ ᠬᠠᠮᠲᠤ ᠬᠠᠤᠯᠢ ᠬᠡᠷᠡᠭᠵᠢᠭᠦᠯᠬᠦ ᠬᠢᠷᠢ ᠬᠡᠮ᠂ ᠲᠤᠬᠠᠶᠢᠯᠠᠭᠰᠠᠨ ᠠᠵᠢᠯ ᠤᠨ ᠠᠪᠢᠶᠠᠰ ᠢᠶᠠᠷ ᠨᠢ ᠲᠥᠷᠥᠯ ᠬᠤᠪᠢᠶᠠᠨ ᠲᠣᠳᠣᠷᠬᠠᠶᠢᠯᠠᠬᠤ ᠪᠦᠭᠡᠳ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠦᠨ᠎ᠡ᠃      ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠨᠡᠷᠡᠰ ᠤᠨ ᠬᠥᠮᠥᠷᠭᠡ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠤᠨ ᠪᠤᠢ ᠪᠦᠬᠦᠢ ᠠᠯᠪᠠᠲᠠᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠢᠷᠢ ᠬᠡᠮ ᠪᠦᠬᠦᠢ ᠠᠵᠢᠯᠲᠠᠨ ᠪᠣᠯᠤᠨ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠠᠵᠢᠯ ᠬᠢᠵᠦ ᠪᠠᠶᠢᠭ᠎ᠠ ᠠᠵᠢᠯᠲᠠᠨ ᠪᠠᠭᠲᠠᠨ᠎ᠠ᠃      ᠣᠨᠴᠠᠭᠠᠢ ᠬᠦᠷᠢᠶ᠎ᠡ ᠴᠠᠷᠠᠭ᠎ᠠ ᠳᠤ ᠰᠤᠭᠤᠴᠢᠨ ᠪᠠᠶᠢᠴᠠᠭᠠᠬᠤ ᠳᠤ ᠰᠢᠯᠭᠠᠨ ᠪᠠᠶᠢᠴᠠᠭᠠᠬᠤ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ ᠵᠡᠷᠭᠡ ᠲᠤᠰᠬᠠᠢ ᠪᠠᠶᠢᠭᠤᠯᠤᠮᠵᠢ ᠣᠷᠣᠯᠴᠠᠬᠤ ᠶᠢ ᠰᠢᠩᠭᠡᠭᠡᠨ ᠠᠪᠴᠤ᠂ ᠲᠤᠰᠬᠠᠶ ᠮᠡᠷᠭᠡᠵᠢᠯ ᠤᠨ ᠴᠢᠨᠠᠷᠲᠠᠶ ᠰᠤᠭᠤᠴᠢᠨ ᠪᠠᠶᠢᠴᠠᠭᠠᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠤᠯᠤᠨ᠎ᠠ᠃      ᠳᠦᠷᠪᠡ᠂ ᠲᠥᠯᠥᠪᠯᠡᠭᠡ ᠲᠣᠭᠲᠠᠭᠠᠬᠤ      ︵ᠠᠷᠪᠠᠨ ᠬᠤᠶᠠᠷ︶ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠰᠠᠯᠠᠭ᠎ᠠ ᠮᠥᠴᠢᠷ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠦᠨᠳᠦᠰᠦᠯᠡᠨ᠂ ᠲᠤᠰ ᠰᠠᠯᠠᠭ᠎ᠠ ᠮᠥᠴᠢᠷ ᠤᠨ ᠰᠠᠨᠠᠭᠠᠴᠢᠯᠠᠨ ᠬᠡᠷᠡᠭᠵᠢᠬᠦᠯᠬᠦ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠶᠢ ᠳᠤᠷᠠᠳᠴᠤ᠂ ᠡᠯ᠎ᠡ ᠪᠦᠯᠦᠭ ᠤᠳᠠᠭ᠎ᠠ ᠶᠢᠨ ᠰᠤᠭᠤᠴᠢᠨ ᠪᠠᠶᠢᠴᠠᠭᠠᠬᠤ ᠬᠦᠷᠢᠶ᠎ᠡ ᠬᠡᠪᠴᠢᠶ᠎ᠡ᠂ ᠰᠤᠭᠤᠴᠢᠨ ᠪᠠᠶᠢᠴᠠᠭᠠᠬᠤ ᠬᠠᠷᠢᠴᠠᠯ᠂ ᠲᠤᠭ᠎ᠠ ᠬᠡᠮᠵᠢᠶ᠎ᠡ᠂ ᠣᠷᠣᠯᠴᠠᠬᠤ ᠰᠠᠯᠠᠭ᠎ᠠ ᠮᠥᠴᠢᠷ᠂ ᠴᠠᠭ ᠤᠨ ᠲᠣᠬᠢᠷᠠᠭᠤᠯᠤᠯᠲᠠ ᠵᠡᠷᠭᠡ ᠠᠭᠤᠯᠭ᠎ᠠ ᠶᠢ ᠲᠣᠳᠤᠷᠬᠠᠶᠢᠯᠠᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠷᠢᠶᠠᠩᠭᠤᠶᠢᠯᠠᠭᠰᠠᠨ ᠤ ᠳᠠᠷᠠᠭ᠎ᠠ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠲᠣᠭᠲᠠᠭᠠᠯᠭᠠᠭᠠᠳ ᠬᠤᠲᠠ ᠶᠢᠨ ᠱᠠᠲᠤᠨ ᠤ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠶᠢ ᠪᠤᠢ ᠪᠣᠯᠭᠠᠬᠤ ᠬᠡᠷᠡᠭᠲᠡᠶ᠃      ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠯᠤᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠤᠰᠪᠦᠷᠢ ᠲᠤᠰ ᠭᠠᠵᠠᠷ ᠣᠷᠣᠨ ᠤ ᠪᠠᠨ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠨᠢᠭᠡᠳᠦᠯᠲᠡᠶ ᠲᠥᠯᠥᠪᠯᠡᠨ ᠵᠣᠬᠢᠶᠠᠨ ᠪᠠᠶᠢᠭᠤᠯᠵᠤ᠂ ᠲᠤᠰ ᠭᠠᠵᠠᠷ ᠤᠨ ᠢᠶᠠᠨ ᠪᠣᠳᠠᠲᠤ ᠪᠠᠶᠢᠳᠠᠯ ᠪᠠ ᠳᠡᠭᠡᠳᠦ ᠱᠠᠲᠤᠨ ᠤ ᠠᠵᠢᠯ ᠲᠥᠷᠥᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠱᠠᠭᠠᠷᠳᠠᠯᠭ᠎ᠠ ᠲᠠᠢ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠶᠢ ᠲᠣᠭᠲᠠᠭᠠᠬᠤ ᠶᠢᠨ ᠬᠠᠮᠲᠤ ᠳᠡᠭᠡᠳᠦ ᠱᠠᠲᠤᠨ ᠤ ᠵᠠᠰᠠᠭ ᠤᠨ ᠣᠷᠳᠣᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ︵ᠠᠷᠪᠠᠨ ᠭᠤᠷᠪᠠ︶ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠲᠣᠭᠲᠠᠭᠠᠬᠤ ᠳᠤ ᠪᠠᠶᠢᠴᠠᠭᠠᠬᠤ ᠡᠲᠡᠭᠡᠳ ᠪᠠ ᠪᠠᠶᠢᠴᠠᠭᠠᠬᠤ ᠠᠷᠭ᠎ᠠ ᠮᠠᠶ᠋ᠢᠭ ᠨᠢ ᠠᠳᠠᠯᠢᠪᠲᠤᠷ ᠵᠦᠢᠯᠡᠰ ᠢ ᠵᠣᠬᠢᠰᠲᠠᠶ ᠡᠮᠬᠢᠯᠡᠨ ᠨᠡᠶᠢᠯᠡᠭᠦᠯᠵᠦ᠂ ᠳᠠᠬᠢᠨ ᠳᠠᠪᠲᠠᠨ ᠪᠠᠶᠢᠴᠠᠭᠠᠬᠤ ᠠᠴᠠ ᠵᠠᠶᠢᠯᠠᠰᠬᠢᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠦᠩᠭᠡᠯᠡᠬᠦ ᠬᠡᠷᠡᠭᠲᠡᠢ᠃ ᠡᠭᠦᠨ ᠤ ᠬᠠᠮᠲᠤ᠂ ᠪᠠᠶᠢᠴᠠᠭᠠᠬᠤ ᠡᠲᠡᠭᠡᠳ ᠤᠨ ᠬᠠᠮᠤᠷᠬᠤ ᠬᠡᠪᠴᠢᠶ᠎ᠡ᠂ ᠬᠢᠨᠠᠯᠲᠠ ᠬᠠᠮᠢᠶᠠᠷᠤᠯᠲᠠ ᠶᠢᠨ ᠡᠷᠴᠢᠮ ᠪᠣᠯᠤᠨ ᠬᠠᠤᠯᠢ ᠬᠡᠷᠡᠭᠵᠢᠬᠦᠯᠬᠦ ᠬᠦᠴᠦᠨ ᠤ ᠲᠣᠬᠢᠷᠠᠯᠴᠠᠬᠤ ᠬᠠᠷᠢᠴᠠᠯ ᠵᠡᠷᠭᠡ ᠪᠠᠶᠢᠳᠠᠯ ᠢ ᠬᠦᠢᠴᠡᠳ ᠪᠣᠳᠣᠯᠬᠢᠯᠠᠵᠤ᠂ ᠬᠠᠮᠢᠶᠠᠷᠤᠯᠲᠠ ᠠᠯᠳᠠᠵᠤ ᠲᠡᠩᠴᠡᠭᠦᠷᠢ ᠪᠠᠨ ᠠᠯᠳᠠᠬᠤ ᠶᠢ ᠰᠡᠷᠭᠡᠶᠢᠯᠡᠬᠦ ᠪᠦᠭᠡᠳ ᠬᠡᠳᠦᠷᠬᠡᠢ ᠪᠠᠶᠢᠴᠠᠭᠠᠬᠤ ᠶᠢ ᠪᠠᠰᠠ ᠰᠡᠷᠭᠡᠶᠢᠯᠡᠬᠦ ᠬᠡᠷᠡᠭᠲᠡᠶ᠃      ︵ᠠᠷᠪᠠᠨ ᠲᠥᠷᠪᠡ︶ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠰᠠᠯᠠᠭ᠎ᠠ ᠮᠥᠴᠢᠷ ᠠᠵᠤ ᠠᠬᠤᠶᠢᠯᠠᠯ ᠤᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦᠩ ᠤᠨ ᠮᠡᠳᠡᠭᠡ ᠵᠠᠩᠭᠢ ᠪᠠᠷ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠲᠣᠭᠲᠠᠭᠠᠬᠤ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠠᠳᠠᠯᠢ ᠪᠤᠰᠤ ᠢᠲᠡᠭᠡᠮᠵᠢ ᠶᠢᠨ ᠲᠦᠭᠰᠢᠭᠦᠷᠢ᠂ ᠢᠲᠡᠭᠡᠮᠵᠢ ᠶᠢᠨ ᠬᠢᠷᠢ ᠲᠦᠪᠰᠢᠨ ᠤ ᠪᠠᠶᠢᠴᠠᠭᠠᠬᠤ ᠡᠲᠡᠭᠡᠳ ᠲᠤ ᠴᠢᠭᠯᠡᠭᠦᠯᠦᠨ ᠵᠦᠷᠢᠶᠡᠴᠢᠯᠡᠭᠰᠡᠨ ᠲᠥᠷᠥᠯ ᠬᠤᠪᠢᠶᠠᠨ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠴᠤ᠂ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠬᠠᠷᠢᠴᠠᠯ᠂ ᠤᠳᠠᠭ᠎ᠠ ᠪᠠ ᠰᠤᠭᠤᠴᠢᠨ ᠪᠠᠶᠢᠴᠠᠭᠠᠭᠳᠠᠬᠤ ᠲᠣᠬᠢᠶᠠᠯᠳᠤᠮᠵᠢ ᠶᠢ ᠵᠦᠶ ᠵᠣᠬᠢᠰᠲᠠᠶ ᠲᠣᠭᠲᠠᠭᠠᠵᠤ᠂ ᠬᠥᠳᠡᠯᠦᠩᠭᠦᠶ ᠪᠠᠷ ᠲᠣᠬᠢᠷᠠᠭᠤᠯᠬᠤ ᠬᠡᠷᠡᠭᠲᠡᠶ᠃      ︵ᠠᠷᠪᠠᠨ ᠲᠠᠪᠤ︶ ᠰᠠᠯᠠᠭ᠎ᠠ ᠮᠥᠴᠢᠷ ᠤᠨ ᠬᠠᠮᠲᠤᠷᠠᠭᠰᠠᠨ ᠰᠤᠭᠤᠴᠢᠨ ᠪᠠᠶᠢᠴᠠᠭᠠᠬᠤ ᠣᠨ ᠤ ᠲᠥᠯᠥᠪᠯᠡᠭᠡ ᠳᠤ ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠬᠥᠳᠡᠯᠦᠩᠭᠦᠶ ᠲᠣᠬᠢᠷᠠᠭᠤᠯᠤᠯᠲᠠ ᠬᠢᠵᠦ ᠪᠣᠯᠤᠨ᠎ᠠ᠃ ᠲᠥᠯᠥᠪᠯᠡᠭᠡ ᠲᠣᠭᠲᠠᠭᠠᠬᠤ ᠪᠠ ᠲᠣᠬᠢᠷᠠᠭᠤᠯᠤᠯᠲᠠ ᠬᠢᠭᠰᠡᠨ ᠪᠠᠶᠢᠳᠠᠯ ᠢ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠨᠢᠭᠡᠳᠦᠯᠲᠡᠶ ᠣᠷᠣᠭᠤᠯᠬᠤ ᠶᠢᠨ ᠬᠠᠮᠲᠤ ᠢᠯᠡ ᠨᠡᠶᠢᠲᠡᠯᠡᠬᠦ ᠰᠢᠰᠲ᠋ᠧᠮ ᠪᠣᠯᠤᠨ ᠡᠯ᠎ᠡ ᠱᠠᠲᠤᠨ ᠤ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠪᠠᠷ ᠳᠠᠮᠵᠢᠭᠤᠯᠤᠨ ᠨᠡᠶᠢᠭᠡᠮ ᠳᠤ ᠨᠡᠶᠢᠳᠡᠯᠡᠬᠦ ᠬᠡᠷᠡᠭᠲᠡᠢ᠃      ᠲᠠᠪᠤ᠂ ᠡᠭᠦᠷᠭᠡ ᠪᠦᠷᠢᠯᠳᠦᠭᠦᠯᠬᠦ      ︵ᠠᠷᠪᠠᠨ ᠵᠢᠷᠭᠤᠭ᠎ᠠ︶ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠶᠢ ᠣᠨ ᠤ ᠲᠥᠯᠥᠪᠯᠡᠭᠡ ᠳᠤ ᠲᠤᠳᠤᠷᠬᠠᠶᠢᠯᠠᠭᠰᠠᠨ ᠰᠠᠨᠠᠭᠠᠴᠢᠯᠠᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠰᠡᠳᠦᠬᠦ ᠬᠡᠷᠡᠭᠲᠡᠶ᠃ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠭᠰᠠᠨ ᠰᠠᠯᠠᠭ᠎ᠠ ᠮᠥᠴᠢᠷ ᠨᠢ ᠬᠠᠷᠠᠭᠠᠯᠵᠠᠭᠰᠠᠨ ᠰᠠᠯᠠᠭ᠎ᠠ ᠮᠦᠴᠢᠷ ᠤᠨ ᠬᠠᠮᠲᠤᠷᠠᠭᠰᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠤᠨ ᠲᠥᠰᠦᠯ ᠢ ᠲᠣᠭᠲᠠᠭᠠᠭᠰᠠᠨ ᠰᠠᠭᠤᠷᠢᠨ ᠳᠡᠭᠡᠷ᠎ᠡ᠂ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠲᠥᠯᠥᠪᠯᠡᠭᠡ ᠳᠤ ᠬᠠᠷᠠᠭᠠᠯᠵᠠᠬᠤ ᠡᠭᠦᠷᠭᠡ ᠲᠣᠬᠢᠷᠠᠭᠤᠯᠬᠤ ᠶᠢᠨ ᠬᠠᠮᠲᠤ ᠵᠣᠬᠢᠴᠠᠬᠤ ᠪᠠᠶᠢᠴᠠᠭᠠᠬᠤ ᠵᠦᠢᠯᠡᠰ ᠢ ᠰᠣᠩᠭᠤᠵᠤ᠂ ᠠᠳᠠᠯᠢ ᠱᠠᠲᠤᠨ ᠤ ᠣᠷᠣᠯᠴᠠᠬᠤ ᠰᠠᠯᠠᠭ᠎ᠠ ᠮᠦᠴᠢᠷ ᠲᠤ ᠤᠷᠢᠯᠭ᠎ᠠ ᠶᠠᠪᠤᠭᠤᠯᠤᠨ᠎ᠠ᠃ ᠬᠤᠯᠪᠣᠭᠳᠠᠯ ᠪᠦᠬᠦᠢ ᠪᠠᠶᠢᠴᠠᠭᠠᠬᠤ ᠵᠦᠢᠯᠡᠰ ᠲᠤ ᠬᠤᠯᠪᠣᠭᠳᠠᠬᠤ ᠣᠷᠣᠯᠴᠠᠬᠤ ᠰᠠᠯᠠᠭ᠎ᠠ ᠮᠥᠴᠢᠷ ᠡᠷᠬᠡᠪᠰᠢ ᠰᠠᠯᠠᠭ᠎ᠠ ᠮᠥᠴᠢᠷ ᠤᠳ ᠬᠠᠮᠲᠤᠷᠠᠨ ᠰᠤᠭᠤᠴᠢᠨ ᠪᠠᠶᠢᠴᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢᠨ ᠬᠠᠮᠲᠤ ᠰᠠᠨᠠᠭᠠᠴᠢᠯᠠᠭᠰᠠᠨ ᠰᠠᠯᠠᠭ᠎ᠠ ᠮᠥᠴᠢᠷ ᠲᠠᠢ ᠬᠠᠮᠵᠢᠯᠴᠠᠨ ᠪᠠᠶᠢᠴᠠᠭᠠᠬᠤ ᠵᠦᠢᠯᠡᠰ ᠢ ᠨᠤᠳᠠᠯᠠᠵᠤ᠂ ᠡᠭᠦᠷᠭᠡ ᠶᠢ ᠪᠠᠶᠢᠷᠢᠯᠠᠭᠤᠯᠬᠤ ᠬᠡᠷᠡᠭᠳᠡᠢ᠃      ᠣᠨ ᠤ ᠲᠥᠯᠥᠪᠯᠡᠭᠡ ᠳᠤ ᠲᠣᠳᠣᠷᠬᠠᠶᠢᠯᠠᠭᠰᠠᠨ ᠰᠤᠭᠤᠴᠢᠨ ᠪᠠᠶᠢᠴᠠᠭᠠᠬᠤ ᠡᠭᠦᠷᠭᠡ ᠠᠴᠠ ᠭᠠᠳᠠᠨ᠎ᠠ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠲᠦᠷ ᠴᠠᠭ ᠤᠨ ᠰᠠᠯᠠᠭ᠎ᠠ ᠮᠥᠴᠢᠷ ᠤᠨ ᠬᠠᠮᠳᠤᠷᠠᠭᠰᠠᠨ ᠰᠤᠭᠤᠴᠢᠨ ᠪᠠᠶᠢᠴᠠᠭᠠᠯᠳᠠ ᠶᠢ ᠵᠣᠬᠢᠶᠠᠨ ᠪᠠᠶᠢᠭᠤᠯᠤᠨ ᠥᠷᠨᠢᠭᠦᠯᠵᠦ ᠪᠣᠯᠤᠨ᠎ᠠ᠃ ᠲᠦᠷ ᠴᠠᠭ ᠤᠨ ᠬᠠᠮᠲᠤᠷᠠᠨ ᠰᠤᠭᠤᠴᠢᠨ ᠪᠠᠶᠢᠴᠠᠭᠠᠬᠤ ᠡᠭᠦᠷᠭᠡ ᠶᠢ ᠣᠨ ᠤ ᠲᠥᠯᠥᠪᠯᠡᠭᠡ ᠶᠢᠨ ᠡᠭᠦᠷᠭᠡ ᠪᠠᠷ ᠯᠠᠪᠯᠠᠯᠲᠠ ᠪᠣᠯᠭᠠᠨ ᠭᠦᠢᠴᠡᠳᠭᠡᠵᠦ᠂ ᠬᠡᠷᠡᠭᠵᠢᠭᠦᠯᠦᠭᠰᠡᠨ ᠪᠠᠶᠢᠳᠠᠯ ᠢᠶᠠᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠲᠡᠮᠳᠡᠭᠯᠡᠬᠦ ᠶᠢᠨ ᠬᠠᠮᠲᠤ ᠨᠡᠶᠢᠲᠡᠯᠡᠨ᠎ᠡ᠃      ︵ᠠᠷᠪᠠᠨ ᠳᠣᠯᠤᠭ᠎ᠠ︶ ᠡᠭᠦᠷᠭᠡ ᠶᠢ ᠪᠠᠶᠢᠷᠢᠯᠠᠭᠤᠯᠤᠭᠰᠠᠨ ᠤ ᠳᠠᠷᠠᠭ᠎ᠠ᠂ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠭᠰᠠᠨ ᠰᠠᠯᠠᠭ᠎ᠠ ᠮᠥᠴᠢᠷ ᠠᠴᠠ ᠲᠠᠰᠢᠷᠠᠮ ᠤᠨ ᠠᠷᠭ᠎ᠠ ᠮᠠᠶ᠋ᠢᠭ ᠢ ᠠᠪᠴᠤ᠂ ᠪᠠᠶᠢᠴᠠᠭᠠᠬᠤ ᠡᠲᠡᠭᠡᠳ ᠢ ᠨᠢᠭᠡᠳᠦᠯᠲᠡᠶ ᠰᠤᠭᠤᠯᠵᠤ ᠭᠠᠷᠭᠠᠨ᠎ᠠ᠃ ᠪᠠᠶᠢᠴᠠᠭᠠᠬᠤ ᠡᠲᠡᠭᠡᠳ ᠢ ᠲᠠᠰᠢᠷᠠᠮ ᠢᠶᠠᠷ ᠰᠤᠭᠤᠯᠵᠤ ᠭᠠᠷᠭᠠᠬᠤ ᠳᠤ᠂ ᠬᠢᠨᠠᠯᠲᠠ ᠬᠠᠮᠢᠶᠠᠷᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠱᠠᠭᠠᠷᠳᠠᠯᠭ᠎ᠠ ᠳᠤ ᠨᠡᠶᠢᠴᠡᠭᠰᠡᠨ ᠪᠠᠶᠢᠴᠠᠭᠠᠬᠤ ᠡᠲᠡᠭᠡᠳ ᠤᠨ ᠨᠡᠷᠡᠰ ᠤᠨ ᠬᠥᠮᠥᠷᠭᠡ ᠶᠢᠨ ᠲᠡᠳ᠋ ᠬᠥᠮᠥᠷᠭᠡ ᠶᠢ ᠰᠣᠩᠭᠤᠨ᠎ᠠ᠃ ᠡᠭᠦᠨ ᠤ ᠰᠠᠭᠤᠷᠢᠨ ᠳᠡᠭᠡᠷ᠎ᠡ᠂ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠬᠠᠩᠭᠠᠭᠰᠠᠨ ᠢᠲᠡᠭᠡᠮᠵᠢ ᠪᠠᠷ ᠰᠤᠭᠤᠯᠤᠨ ᠭᠠᠷᠭᠠᠬᠤ ᠳᠦᠷᠢᠮ ᠢ ᠬᠦᠢᠴᠡᠳ ᠠᠰᠢᠭᠯᠠᠨ᠂ ᠠᠳᠠᠯᠢ ᠪᠤᠰᠤ ᠢᠲᠡᠭᠡᠮᠵᠢ ᠶᠢᠨ ᠲᠦᠭᠰᠢᠭᠦᠷᠢ᠂ ᠢᠲᠡᠭᠡᠮᠵᠢ ᠶᠢᠨ ᠬᠢᠷᠢ ᠲᠦᠪᠰᠢᠨ ᠤ ᠪᠠᠶᠢᠴᠠᠭᠠᠬᠤ ᠡᠲᠡᠭᠡᠳ ᠤᠨ ᠰᠤᠭᠤᠴᠢᠨ ᠪᠠᠶᠢᠴᠠᠭᠠᠬᠤ ᠬᠠᠷᠢᠴᠠᠯ ᠪᠣᠯᠤᠨ ᠰᠤᠭᠤᠴᠢᠨ ᠪᠠᠶᠢᠴᠠᠭᠠᠭᠳᠠᠬᠤ ᠲᠣᠬᠢᠶᠠᠯᠳᠤᠮᠵᠢ ᠶᠢ ᠵᠦᠶ ᠵᠣᠬᠢᠰᠲᠠᠶ ᠲᠣᠭᠲᠠᠭᠠᠬᠤ ᠬᠡᠷᠡᠭᠲᠡᠶ᠃ ᠢᠲᠡᠭᠡᠮᠵᠢ ᠶᠢᠨ ᠲᠦᠭᠰᠢᠭᠦᠷᠢ ᠳᠣᠤᠷ᠎ᠠ᠂ ᠢᠲᠡᠭᠡᠮᠵᠢ ᠶᠢᠨ ᠬᠢᠷᠢ ᠲᠦᠪᠰᠢᠨ ᠥᠨᠳᠥᠷ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠰᠤᠭᠤᠯᠵᠤ ᠠᠪᠬᠤ ᠬᠠᠷᠢᠴᠠᠯ ᠢ ᠪᠠᠭᠤᠷᠠᠭᠤᠯᠤᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠠᠶᠢᠬᠤ ᠶᠢ ᠭᠠᠷᠭᠠᠪᠠᠯ᠂ ᠠᠳᠠᠯᠢ ᠨᠢᠭᠡ ᠵᠢᠯ ᠤᠨ ᠳᠣᠲᠣᠷ᠎ᠠ ᠢᠲᠡᠭᠡᠮᠵᠢ ᠶᠢᠨ ᠲᠦᠭᠰᠢᠭᠦᠷᠢ ᠳᠣᠤᠷ᠎ᠠ᠂ ᠢᠲᠡᠭᠡᠮᠵᠢ ᠶᠢᠨ ᠬᠢᠷᠢ ᠲᠥᠪᠰᠢᠨ ᠥᠨᠳᠥᠷ ᠠᠳᠠᠯᠢ ᠨᠢᠭᠡ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠰᠤᠭᠤᠴᠢᠨ ᠪᠠᠶᠢᠴᠠᠭᠠᠬᠤ ᠶᠢ ᠵᠠᠷᠴᠢᠮ ᠳᠡᠭᠡᠷ᠎ᠡ ᠪᠠᠨ 2 ᠤᠳᠠᠭ᠎ᠠ ᠠᠴᠠ ᠬᠡᠲᠦᠷᠡᠭᠦᠯᠵᠦ ᠪᠣᠯᠬᠤ ᠥᠬᠡᠶ᠃ ᠣᠯᠠᠨ ᠨᠡᠶᠢᠲᠡ ᠶᠢᠨ ᠢᠲᠡᠭᠡᠮᠵᠢ ᠶᠢᠨ ᠦᠨᠡᠯᠡᠯᠲᠡ ᠶᠢᠨ ᠳᠡᠰ ᠳᠣᠤᠷ᠎ᠠ᠂ ᠡᠵᠡᠩᠨᠡᠯᠲᠡ ᠬᠡᠪ ᠤᠨ ᠪᠤᠰᠤ ᠨᠡᠷᠡᠰ᠂ ᠬᠠᠤᠯᠢ ᠶᠢ ᠬᠦᠨᠳᠦ ᠨᠣᠴᠢᠲᠠᠶ ᠵᠥᠷᠢᠴᠡᠵᠦ ᠢᠲᠡᠭᠡᠯ ᠢᠶᠠᠨ ᠠᠯᠳᠠᠭᠰᠠᠨ ᠠᠵᠤ ᠠᠬᠤᠶᠢᠯᠠᠯ ᠤᠨ ᠨᠡᠷᠡᠰ ᠤᠨ ᠵᠢᠭᠰᠠᠭᠠᠯᠲᠠ ᠪᠣᠯᠤᠨ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠦᠷᠢᠶᠡᠨ ᠳᠠᠬᠢ ᠬᠠᠷ᠎ᠠ ᠲᠠᠩᠰᠠᠨ ᠳᠤ ᠤᠷᠤᠵᠤ᠂ ᠢᠲᠡᠭᠡᠮᠵᠢ ᠶᠢᠨ ᠲᠦᠭᠰᠢᠭᠦᠷᠢ ᠶᠢᠨ ᠬᠢᠷᠢ ᠲᠦᠪᠰᠢᠨ ᠨᠡᠯᠢᠶᠡᠳ ᠥᠨᠳᠥᠷ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠭᠤᠤᠯᠳᠠᠯᠭ᠎ᠠ ᠲᠠᠢ ᠪᠠᠶᠢᠴᠠᠭᠠᠬᠤ ᠡᠲᠡᠭᠡᠳ ᠲᠤ ᠣᠷᠣᠭᠤᠯᠵᠤ᠂ ᠰᠤᠭᠤᠯᠵᠤ ᠠᠪᠬᠤ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠶ      ︵ᠠᠷᠪᠠᠨ ᠨᠠᠢᠮᠠ︶ ᠡᠭᠦᠷᠭᠡ ᠬᠦᠢᠴᠡᠳᠭᠡᠬᠦ ᠠᠳᠠᠯᠢ ᠨᠢᠭᠡᠨ ᠴᠠᠭ ᠬᠤᠭᠤᠴᠠᠭᠠᠨ ᠳᠤ᠂ ᠠᠳᠠᠯᠢ ᠪᠤᠰᠤ ᠰᠤᠭᠤᠴᠢᠨ ᠪᠠᠶᠢᠴᠠᠭᠠᠬᠤ ᠲᠥᠯᠥᠪᠯᠡᠭᠡ ᠳᠤ ᠲᠣᠬᠢᠷᠠᠭᠤᠯᠤᠭᠰᠠᠨ ᠡᠭᠦᠷᠭᠡ ᠨᠢ ᠠᠳᠠᠯᠢ ᠨᠢᠭᠡᠨ ᠪᠠᠶᠢᠴᠠᠭᠠᠬᠤ ᠡᠲᠡᠭᠡᠳ ᠢ ᠰᠣᠩᠭᠤᠨ ᠠᠪᠤᠭᠰᠠᠨ ᠪᠠᠶᠢᠪᠠᠯ᠂ ᠠᠳᠠᠯᠢ ᠪᠤᠰᠤ ᠡᠭᠦᠷᠭᠡ ᠶᠢ ᠨᠡᠶᠢᠯᠡᠭᠦᠯᠵᠦ᠂ ᠡᠭᠦᠷᠭᠡ ᠬᠦᠢᠴᠡᠳᠭᠡᠬᠦ ᠰᠠᠯᠠᠭ᠎ᠠ ᠮᠥᠴᠢᠷ ᠠᠴᠠ ᠬᠠᠮᠲᠤ ᠳᠤᠨᠢ ᠬᠡᠷᠡᠭᠵᠢᠭᠦᠯᠵᠦ᠂ ︽ᠨᠢᠭᠡ ᠤᠳᠠᠭ᠎ᠠ ᠤᠷᠤᠵᠤ᠂ ᠣᠯᠠᠨ ᠵᠦᠢᠯ ᠢ ᠪᠠᠶᠢᠴᠠᠭᠠᠬᠤ︾ ᠬᠡᠷᠡᠭᠲᠡᠢ᠃      ︵ᠠᠷᠪᠠ ᠶᠢᠰᠦ︶ ᠪᠠᠶᠢᠴᠠᠭᠠᠬᠤ ᠡᠲᠡᠭᠡᠳ ᠢ ᠰᠤᠭᠤᠯᠤᠨ ᠲᠣᠭᠲᠠᠭᠠᠬᠤ ᠶᠢᠨ ᠵᠡᠷᠭᠡᠪᠡᠷ ᠰᠤᠭᠤᠴᠢᠨ ᠪᠠᠶᠢᠴᠠᠭᠠᠬᠤ ᠡᠭᠦᠷᠭᠡ ᠳᠤ ᠬᠤᠯᠪᠣᠭᠳᠠᠬᠤ ᠡᠯ᠎ᠡ ᠪᠠᠶᠢᠴᠠᠭᠠᠬᠤ ᠰᠠᠯᠠᠭ᠎ᠠ ᠮᠥᠴᠢᠷ ᠤᠳ ᠲᠣᠰ ᠰᠠᠯᠠᠭ᠎ᠠ ᠮᠦᠴᠢᠷ ᠤᠨ ᠢᠶᠠᠨ ᠬᠠᠤᠯᠢ ᠬᠡᠷᠡᠭᠵᠢᠭᠦᠯᠬᠦ ᠠᠵᠢᠯᠲᠠᠨ ᠤ ᠨᠡᠷᠡᠰ ᠤᠨ ᠬᠥᠮᠥᠷᠭᠡ ᠶᠢ ᠵᠡᠷᠭᠡᠪᠡᠷ ᠰᠢᠨᠡᠳᠬᠡᠵᠦ᠂ ᠪᠠᠶᠢᠴᠠᠭᠠᠯᠲᠠ ᠳᠤ ᠣᠷᠣᠯᠴᠠᠬᠤ ᠠᠷᠭ᠎ᠠ ᠦᠭᠡᠢ ᠠᠵᠢᠯᠲᠠᠨ ᠢ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ︽ᠡᠯᠭᠦᠵᠦ ᠲᠠᠯᠪᠢᠨ︾᠂ ᠰᠠᠯᠠᠭ᠎ᠠ ᠮᠥᠴᠢᠷ ᠤᠳ ᠤᠨ ᠬᠠᠮᠲᠤᠷᠠᠨ ᠰᠤᠭᠤᠴᠢᠨ ᠪᠠᠶᠢᠴᠠᠭᠠᠬᠤ ᠡᠭᠦᠷᠭᠡ ᠳᠤ ᠪᠦᠷᠢᠯᠳᠦᠭᠰᠡᠨ ᠬᠥᠮᠦᠰ ᠤᠨ ᠵᠤᠬᠢᠴᠠᠯ ᠨᠢ ᠵᠦᠶ ᠵᠣᠬᠢᠰᠲᠠᠶ ᠪᠠᠶᠢᠬᠤ ᠶᠢ ᠦᠨᠡᠨᠬᠦ ᠪᠠᠲᠤᠯᠠᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ ᠳᠤ ᠲᠥᠬᠦᠮ ᠪᠣᠯᠭᠠᠨ᠎ᠠ᠃      ︵ᠬᠤᠷᠢ︶ ᠡᠯ᠎ᠡ ᠣᠷᠣᠯᠴᠠᠬᠤ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠤ ᠨᠡᠷᠡᠰ ᠤᠨ ᠬᠥᠮᠥᠷᠭᠡ ᠶᠢ ᠰᠢᠨᠡᠳᠬᠡᠵᠦ ᠲᠣᠬᠢᠷᠠᠭᠤᠯᠤᠭᠰᠠᠨ ᠤ ᠳᠠᠷᠠᠭ᠎ᠠ᠂ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠭᠰᠠᠨ ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠪᠠᠶᠢᠴᠠᠭᠠᠬᠤ ᠠᠵᠢᠯᠲᠠᠨ ᠢ ᠨᠢᠭᠡᠳᠦᠯᠲᠡᠶ ᠰᠤᠭᠤᠯᠤᠨ ᠠᠪᠴᠤ᠂ ᠬᠠᠮᠲᠤᠷᠠᠨ ᠪᠠᠶᠢᠴᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ᠎ᠠ᠃ ᠬᠠᠮᠲᠤᠷᠠᠨ ᠪᠠᠶᠢᠴᠠᠭᠠᠬᠤ ᠳᠤᠭᠤᠶᠢᠯᠠᠩ ᠤᠨ ᠬᠠᠤᠯᠢ ᠬᠡᠷᠡᠭᠵᠢᠭᠦᠯᠬᠦ ᠠᠵᠢᠯᠲᠠᠨ 2 ᠠᠴᠠ ᠴᠥᠭᠡᠨ ᠪᠠᠶᠢᠵᠤ ᠪᠣᠯᠬᠤ ᠦᠭᠡᠢ ᠪᠦᠭᠡᠳ ᠡᠯ᠎ᠡ ᠣᠷᠤᠯᠴᠠᠬᠤ ᠰᠠᠯᠠᠭ᠎ᠠ ᠮᠥᠴᠢᠷ ᠤᠨ ᠬᠥᠮᠦᠨ1 ᠠᠴᠠ ᠴᠦᠭᠡᠨ ᠪᠠᠶᠢᠵᠤ ᠪᠣᠯᠬᠤ ᠦᠭᠡᠢ᠂ ᠰᠠᠨᠠᠭᠠᠴᠢᠯᠠᠭᠰᠠᠨ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠬᠦ ᠠᠵᠢᠯᠲᠠᠨ ᠢᠶᠠᠷ ᠳᠤᠭᠤᠶᠢᠯᠠᠩ ᠤᠨ ᠳᠠᠷᠤᠭ᠎ᠠ ᠪᠣᠯᠭᠠᠨ᠎ᠠ᠃ ᠵᠠᠷᠢᠮ ᠪᠠᠶᠢᠴᠠᠭᠠᠬᠤ ᠵᠦᠢᠯᠡᠰ ᠲᠤ ᠤᠨᠴᠠ ᠲᠤᠭᠲᠠᠭᠰᠠᠨ ᠲᠤᠰᠬᠠᠶ ᠮᠡᠷᠭᠡᠵᠢᠯᠲᠡᠨ ᠣᠷᠣᠯᠴᠠᠬᠤ ᠴᠢᠬᠤᠯᠠ ᠲᠠᠢ ᠪᠣᠯ᠂ ᠲᠤᠰᠬᠠᠶ ᠮᠡᠷᠭᠡᠵᠢᠯᠲᠡᠨ ᠤ ᠲᠤᠬᠢᠷᠠᠮᠵᠢᠳᠠᠢ ᠬᠦᠮᠦᠨ ᠢ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠲᠤᠭᠲᠠᠭᠠᠨ᠎ᠠ᠃ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠬᠢᠵᠠᠭᠠᠷ ᠲᠠᠢ ᠪᠠᠶᠢᠵᠤ᠂ ᠲᠤᠰ ᠣᠷᠣᠨ ᠪᠦᠰᠡ ᠶᠢᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠦᠨᠳᠦᠰᠦᠨ ᠨᠥᠬᠦᠴᠡᠯ ᠢ ᠬᠠᠩᠭᠠᠵᠤ ᠳᠡᠶᠢᠯᠬᠦ ᠦᠭᠡᠢ ᠪᠠᠶᠢᠪᠠᠯ᠂ ᠰᠢᠭᠤᠳ ᠲᠣᠮᠢᠯᠠᠬᠤ ᠠᠷᠭ᠎ᠠ ᠮᠠᠶ᠋ᠢᠭ ᠢ ᠠᠪᠬᠤ ᠪᠤᠶᠤ ᠬᠥᠷᠰᠢ ᠵᠡᠷᠭᠡᠯᠡᠳᠡᠭᠡ ᠣᠷᠣᠨ ᠤ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠲᠠᠢ ᠬᠠᠮᠲᠤᠷᠠᠨ ᠲᠠᠰᠢᠷᠠᠮ ᠢᠶᠠᠷ ᠲᠣᠬᠢᠷᠠᠭᠤᠯᠵᠤ ᠪᠣᠯᠤᠨ᠎ᠠ᠃      ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠰᠠᠯᠠᠭ᠎ᠠ ᠮᠥᠴᠢᠷ ᠤᠳ ᠬᠠᠮᠲᠤᠷᠠᠨ ᠬᠢᠨᠠᠨ ᠬᠠᠮᠢᠶᠠᠷᠬᠤ ᠠᠵᠢᠯ ᠳᠤ ᠣᠷᠣᠯᠴᠠᠭᠰᠠᠨ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠬᠠᠤᠯᠢ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠰᠤᠭᠤᠴᠢᠨ ᠪᠠᠶᠢᠴᠠᠭᠠᠬᠤ ᠡᠭᠦᠷᠭᠡ ᠶᠢ ᠦᠨᠳᠦᠰᠦᠯᠡᠨ ᠲᠣᠭᠲᠠᠭᠠᠵᠤ᠂ ᠬᠠᠤᠯᠢ ᠬᠡᠷᠡᠭᠵᠢᠭᠦᠯᠬᠦ ᠦᠨᠡᠮᠯᠡᠯ ᠳᠡᠭᠡᠷ᠎ᠡ ᠲᠡᠮᠳᠡᠭᠯᠡᠨ ᠲᠣᠳᠣᠷᠬᠠᠶᠢᠯᠠᠭᠰᠠᠨ ᠣᠷᠣᠨ ᠪᠦᠰᠡ ᠶᠢᠨ ᠬᠦᠷᠢᠶ᠎ᠡ ᠬᠡᠪᠴᠢᠶᠡᠨ ᠳᠤ ᠬᠢᠵᠠᠭᠠᠷᠯᠠᠭᠳᠠᠬᠤ ᠥᠬᠡᠶ᠂ ᠭᠡᠪᠡᠴᠦ ᠤᠷᠢᠳᠠᠪᠠᠷ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠤᠯᠪᠤᠭᠳᠠᠯ ᠪᠥᠬᠦᠶ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠬᠦᠯᠢᠶᠡᠬᠦ ᠬᠡᠷᠡᠭᠲᠡᠶ᠃      ︵ᠬᠤᠷᠢᠨ ᠨᠢᠭᠡ︶ ᠰᠤᠭᠤᠯᠵᠤ ᠠᠪᠤᠭᠰᠠᠨ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠢ ᠵᠠᠷᠴᠢᠮ ᠳᠡᠭᠡᠷ᠎ᠡ ᠪᠠᠨ ᠰᠣᠯᠢᠵᠤ ᠪᠣᠯᠬᠤ ᠦᠭᠡᠢ᠂ ᠭᠡᠪᠡᠴᠦ ᠠᠵᠢᠯ ᠤᠨ ᠪᠠᠶᠢᠷᠢ ᠶᠢᠨ ᠲᠣᠬᠢᠷᠠᠭᠤᠯᠤᠯᠲᠠ᠂ ᠠᠵᠢᠯ ᠤᠨ ᠮᠥᠷᠭᠦᠯᠳᠦᠭᠡᠨ᠂ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠵᠡᠷᠭᠡ ᠣᠨᠴᠠᠭᠠᠢ ᠪᠠᠶᠢᠳᠠᠯ ᠠᠴᠠ ᠪᠣᠯᠵᠤ ᠪᠠᠶᠢᠴᠠᠭᠠᠬᠤ ᠡᠭᠦᠷᠭᠡ ᠪᠠᠨ ᠦᠷᠭᠦᠯᠵᠢᠯᠡᠨ ᠬᠦᠢᠴᠡᠳᠭᠡᠬᠦ ᠶᠢᠨ ᠠᠷᠭ᠎ᠠ ᠦᠭᠡᠢ ᠪᠣᠯ ᠲᠣᠬᠢᠷᠠᠭᠤᠯᠤᠯᠲᠠ ᠬᠢᠵᠦ ᠰᠣᠯᠢᠬᠤ ᠶᠢ ᠵᠥᠪᠰᠢᠶᠡᠷᠡᠨ᠎ᠡ᠃ ᠲᠣᠬᠢᠷᠠᠭᠤᠯᠤᠯᠲᠠ ᠬᠢᠵᠦ ᠰᠣᠯᠢᠬᠤ ᠬᠥᠮᠦᠰ ᠢ ᠡᠭᠦᠷᠭᠡ ᠬᠦᠢᠴᠡᠳᠭᠡᠬᠦ ᠰᠠᠯᠠᠭ᠎ᠠ ᠮᠥᠴᠢᠷ ᠤᠨ ᠤᠳᠤᠷᠢᠳᠤᠯᠭ᠎ᠠ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠤᠯᠢ ᠬᠡᠷᠡᠭᠵᠢᠭᠦᠯᠬᠦ ᠬᠢᠷᠢ ᠬᠡᠮ ᠲᠠᠢ ᠪᠤᠰᠤᠳ ᠬᠥᠮᠦᠰ ᠤᠨ ᠳᠤᠲᠤᠷ᠎ᠠ ᠠᠴᠠ ᠠᠰᠲᠠᠭᠠᠨ ᠢ ᠲᠣᠮᠢᠯᠠᠬᠤ ᠬᠡᠷᠡᠭᠲᠡᠶ᠃      ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠨᠢ ᠪᠠᠶᠢᠴᠠᠭᠠᠬᠤ ᠡᠲᠡᠭᠡᠳ ᠯᠦᠭᠡ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠵᠠᠶᠢᠯᠠᠰᠬᠢᠬᠦ ᠪᠠᠷ ᠭᠤᠶᠤᠴᠢᠯᠠᠬᠤ ᠬᠡᠷᠡᠭᠲᠡᠶ᠃ ᠵᠠᠶᠢᠯᠠᠰᠬᠢᠬᠦ ᠳᠤ ᠪᠤᠰᠤᠳ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠲᠠᠢ ᠪᠠᠶᠢᠴᠠᠭᠠᠬᠤ ᠡᠲᠡᠭᠡᠳ ᠢᠶᠠᠨ ᠰᠣᠯᠢᠯᠴᠠᠬᠤ ᠠᠷᠭ᠎ᠠ ᠮᠠᠶ᠋ᠢᠭ ᠢ ᠠᠪᠴᠤ ᠪᠣᠯᠤᠨ᠎ᠠ᠂ ᠪᠠᠰᠠ ᠲᠤᠰ ᠤᠳᠠᠭᠠᠨ ᠤ ᠪᠠᠶᠢᠴᠠᠭᠠᠬᠤ ᠡᠭᠦᠷᠭᠡ ᠳᠤ ᠣᠷᠣᠯᠴᠠᠬᠤ ᠦᠭᠡᠶ ᠪᠠᠶᠢᠬᠤ ᠠᠷᠭ᠎ᠠ ᠮᠠᠶ᠋ᠢᠭ ᠢ ᠠᠪᠴᠤ ᠪᠣᠯᠤᠨ᠎ᠠ᠃ ᠲᠣᠰ ᠤᠳᠠᠭᠠᠨ ᠤ ᠪᠠᠶᠢᠴᠠᠭᠠᠬᠤ ᠡᠭᠦᠷᠭᠡ ᠳᠤ ᠣᠷᠣᠯᠴᠠᠬᠤ ᠦᠭᠡᠢ ᠪᠠᠷ ᠲᠣᠭᠲᠠᠭᠰᠠᠨ ᠪᠣᠯ᠂ ᠬᠠᠤᠯᠢ ᠬᠡᠷᠡᠭᠵᠢᠬᠦᠯᠬᠦ ᠬᠢᠷᠢ ᠬᠡᠮ ᠲᠠᠢ ᠪᠤᠰᠤᠳ ᠬᠥᠮᠦᠰ ᠤᠨ ᠳᠣᠲᠣᠷ᠎ᠠ ᠠᠴᠠ ᠠᠰᠲᠠᠭᠠᠨ ᠢ ᠲᠣᠮᠢᠯᠠᠬᠤ ᠬᠡᠷᠡᠭᠲᠡᠶ᠃      ︵ᠬᠤᠷᠢᠨ ᠬᠤᠶᠠᠷ︶ ᠪᠠᠶᠢᠴᠠᠭᠠᠬᠤ ᠡᠲᠡᠭᠡᠳ ᠪᠠ ᠪᠠᠶᠢᠴᠠᠭᠠᠬᠤ ᠠᠵᠢᠯᠲᠠᠨ ᠢ ᠰᠤᠭᠤᠯᠵᠤ ᠭᠠᠷᠭᠠᠭᠰᠠᠨ ᠤ ᠳᠠᠷᠠᠭ᠎ᠠ᠂ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠰᠠᠯᠠᠭ᠎ᠠ ᠮᠥᠴᠢᠷ ᠬᠠᠮᠵᠢᠯᠴᠠᠨ ᠬᠢᠨᠠᠨ  ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠪᠠᠶᠢᠴᠠᠭᠠᠬᠤ ᠡᠲᠡᠭᠡᠳ ᠪᠠ ᠪᠠᠶᠢᠴᠠᠭᠠᠬᠤ ᠠᠵᠢᠯᠲᠠᠨ ᠢ ᠬᠠᠷᠠᠭᠠᠯᠵᠠᠭᠤᠯᠵᠤ᠂ ᠰᠠᠯᠠᠭ᠎ᠠ ᠮᠥᠴᠢᠷ ᠤᠳ ᠤᠨ ᠬᠠᠮᠲᠤᠷᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠡᠭᠦᠷᠭᠡ ᠶᠢ ᠨᠢᠭᠡᠳᠦᠯᠲᠡᠶ ᠪᠣᠶ ᠪᠣᠯᠭᠠᠬᠤ ᠬᠡᠷᠡᠭᠲᠡᠶ᠃ ᠪᠠᠶᠢᠴᠠᠭᠠᠯᠲᠠ ᠳᠤ ᠤᠷᠤᠯᠴᠠᠬᠤ ᠡᠯ᠎ᠡ ᠰᠠᠯᠠᠭ᠎ᠠ ᠮᠥᠴᠢᠷ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠲᠠᠮᠵᠢᠭᠤᠯᠤᠨ ᠪᠠᠶᠢᠴᠠᠭᠠᠬᠤ ᠡᠭᠦᠷᠭᠡ ᠶᠢᠨ ᠬᠦᠰᠦᠨᠦᠭᠲᠦ ᠶᠢ ᠥᠪᠡᠷᠲᠡᠭᠡᠨ  ᠪᠠᠭᠤᠯᠭᠠᠵᠤ ᠳᠠᠷᠤᠮᠠᠯᠯᠠᠵᠤ ᠠᠪᠬᠤ ᠶᠢᠨ ᠬᠠᠮᠳᠤ ᠪᠠᠶᠢᠴᠠᠭᠠᠬᠤ ᠡᠭᠦᠷᠭᠡ ᠶᠢ ᠬᠠᠷᠠᠭᠠᠯᠵᠠᠭᠰᠠᠨ ᠪᠠᠶᠢᠴᠠᠭᠠᠬᠤ ᠠᠵᠢᠯᠲᠠᠨ ᠳᠤ ᠲᠦᠭᠡᠭᠡᠵᠦ ᠦᠭᠭᠦᠨ᠎ᠡ᠃      ︵ᠬᠤᠷᠢᠨ ᠭᠤᠷᠪᠠ︶ ᠳᠡᠭᠡᠳᠦ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠨᠢ ᠰᠠᠯᠠᠭ᠎ᠠ ᠮᠦᠴᠢᠷ ᠤᠳ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠬᠤ ᠳᠠᠭᠠᠨ ᠲᠣᠰ ᠱᠠᠲᠤᠨ ᠤ ᠬᠡᠪᠴᠢᠶᠡᠨ ᠳᠣᠲᠣᠷ᠎ᠠ ᠥᠪᠡᠰᠦᠪᠡᠨ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠣᠯᠤᠨ᠎ᠠ᠂ ᠪᠠᠰᠠ ᠰᠤᠭᠤᠯᠵᠤ ᠭᠠᠷᠭᠠᠭᠰᠠᠨ ᠪᠠᠶᠢᠴᠠᠭᠠᠬᠤ ᠡᠲᠡᠭᠡᠳ ᠢ ᠳᠣᠣᠷᠠᠳᠤ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠠᠭᠤᠯᠭᠠᠵᠤ ᠪᠠᠶᠢᠴᠠᠭᠠᠯᠭᠠᠭᠰᠠᠨ ᠴᠦ ᠪᠣᠯᠤᠨ᠎ᠠ᠃ ᠳᠣᠣᠷᠠᠳᠤ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠡᠭᠡᠳᠦ ᠱᠠᠲᠤᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠭᠤᠯᠭᠠᠭᠰᠠᠨ ᠬᠠᠮᠲᠤᠷᠠᠨ ᠰᠤᠭᠤᠴᠢᠨ ᠪᠠᠶᠢᠴᠠᠭᠠᠬᠤ ᠡᠭᠦᠷᠭᠡ ᠶᠢ ᠬᠦᠯᠢᠶᠡᠨ ᠠᠪᠤᠭᠰᠠᠨ ᠤ ᠳᠠᠷᠠᠭ᠎ᠠ᠂ ᠳᠣᠣᠷᠠᠳᠤ ᠱᠠᠲᠤᠨ ᠤ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠬᠠᠮᠲᠤᠷᠠᠨ ᠪᠠᠶᠢᠴᠠᠭᠠᠬᠤ ᠨᠡᠷᠡᠰ ᠢ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ᠠᠳᠠᠯᠢ ᠱᠠᠲᠤᠨ ᠤ ᠬᠡᠷᠡᠭᠵᠢᠬᠦᠯᠦᠯᠲᠡ ᠳᠤ ᠤᠷᠤᠯᠴᠠᠬᠤ ᠰᠠᠯᠠᠭ᠎ᠠ ᠮᠥᠴᠢᠷ ᠲᠠᠢ ᠬᠤᠪᠢᠶᠠᠯᠴᠠᠵᠤ᠂ ᠪᠠᠶᠢᠴᠠᠭᠠᠬᠤ ᠠᠵᠢᠯᠲᠠᠨ ᠢ ᠨᠢᠭᠡᠳᠦᠯᠲᠡᠶ ᠵᠣᠬᠢᠴᠠᠭᠤᠯᠵᠤ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠭᠤᠯᠤᠨ᠂ ᠰᠤᠭᠤᠴᠢᠨ ᠪᠠᠶᠢᠴᠠᠭᠠᠬᠤ ᠡᠭᠦᠷᠭᠡ ᠶᠢ ᠪᠦᠷᠢᠯᠳᠦᠬᠦᠯᠵᠦ᠂ ᠰᠤᠭᠤᠴᠢᠨ ᠪᠠᠶᠢᠴᠠᠭᠠᠬᠤ ᠪᠠᠶᠢᠴᠠᠭᠠᠯᠲᠠ ᠶᠢ ᠬᠡᠷᠡᠭᠵᠢᠬᠦᠯᠦᠨ᠎ᠡ᠃      ᠵᠢᠷᠭᠤᠭ᠎ᠠ᠂ ᠪᠠᠶᠢᠴᠠᠭᠠᠬᠤ ᠪᠡᠯᠡᠳᠬᠡᠯ      ︵ᠬᠤᠷᠢᠨ ᠳᠥᠷᠪᠡ︶ ᠰᠠᠯᠠᠭ᠎ᠠ ᠮᠥᠴᠢᠷ ᠤᠳ ᠬᠠᠮᠲᠤᠷᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠡᠭᠦᠷᠭᠡ ᠪᠦᠷᠢᠯᠳᠦᠭᠰᠡᠨ ᠤ ᠳᠠᠷᠠᠭ᠎ᠠ᠂ ᠡᠯ᠎ᠡ ᠣᠷᠣᠯᠴᠠᠬᠤ ᠰᠠᠯᠠᠭ᠎ᠠ ᠮᠥᠴᠢᠷ ᠨᠢ ᠲᠤᠰ ᠲᠤᠰ ᠨᠢᠭᠡ ᠠᠵᠢᠯᠲᠠᠨ ᠲᠣᠭᠲᠠᠭᠠᠨ  ᠰᠠᠨᠠᠭᠠᠴᠢᠯᠠᠭᠰᠠᠨ ᠰᠠᠯᠠᠭ᠎ᠠ ᠮᠦᠴᠢᠷ ᠯᠦᠭᠡ ᠬᠠᠷᠢᠯᠴᠠᠬᠤ ᠶᠢ ᠬᠠᠷᠢᠭᠤᠴᠠᠭᠤᠯᠵᠤ᠂ ᠰᠠᠨᠠᠭᠠᠴᠢᠯᠠᠭᠰᠠᠨ ᠰᠠᠯᠠᠭ᠎ᠠ ᠮᠥᠴᠢᠷ ᠲᠠᠢ ᠪᠣᠳᠠᠲᠠᠶ ᠵᠣᠯᠭᠠᠭᠤᠯᠵᠤ᠂ ᠰᠠᠨᠠᠭᠠᠴᠢᠯᠠᠭᠰᠠᠨ ᠰᠠᠯᠠᠭ᠎ᠠ ᠮᠥᠴᠢᠷ ᠤᠨ ᠲᠣᠭᠲᠠᠭᠠᠭᠰᠠᠨ ᠪᠠᠶᠢᠴᠠᠭᠠᠬᠤ ᠴᠠᠭ ᠪᠣᠯᠤᠨ ᠳᠡᠰ ᠳᠠᠷᠠᠭᠠᠯᠠᠯ ᠤᠨ ᠲᠣᠬᠢᠷᠠᠭᠤᠯᠤᠯᠲᠠ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠠᠵᠢᠯᠲᠠᠨ ᠢ ᠵᠣᠬᠢᠶᠠᠨ ᠪᠠᠶᠢᠭᠤᠯᠤᠨ ᠪᠠᠶᠢᠴᠠᠭᠠᠯᠲᠠ ᠳᠤ ᠣᠷᠣᠯᠴᠠᠭᠤᠯᠬᠤ ᠬᠡᠷᠡᠭᠲᠡᠶ᠃        ︵ᠬᠤᠷᠢᠨ ᠲᠠᠪᠤ︶ ᠬᠠᠮᠲᠤᠷᠠᠨ ᠰᠤᠭᠤᠴᠢᠨ ᠪᠠᠶᠢᠴᠠᠭᠠᠬᠤ ᠶᠢ ᠰᠠᠨᠠᠭᠠᠴᠢᠯᠠᠭᠰᠠᠨ ᠰᠠᠯᠠᠭ᠎ᠠ ᠮᠥᠴᠢᠷ  ᠪᠠᠶᠢᠴᠠᠭᠠᠬᠤ ᠡᠭᠦᠷᠭᠡ ᠶᠢ ᠬᠦᠢᠴᠡᠳᠭᠡᠬᠦ ᠠᠴᠠ ᠡᠮᠦᠨ᠎ᠡ ᠪᠦᠬᠦ ᠬᠠᠮᠲᠤᠷᠠᠨ ᠰᠤᠭᠤᠴᠢᠨ ᠪᠠᠶᠢᠴᠠᠭᠠᠬᠤ ᠳᠤᠭᠤᠶᠢᠯᠠᠩ ᠤᠨ ᠬᠥᠮᠦᠰ ᠣᠷᠣᠯᠴᠠᠭᠰᠠᠨ ᠲᠦᠪᠯᠡᠷᠡᠭᠦᠯᠦᠭᠰᠡᠨ ᠪᠣᠯᠪᠠᠰᠤᠷᠠᠭᠤᠯᠤᠯ ᠢ ᠡᠷᠬᠢᠯᠡᠵᠦ᠂ ᠪᠠᠶᠢᠴᠠᠭᠠᠬᠤ ᠵᠦᠢᠯᠡᠰ ᠤᠨ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ᠂ ᠪᠠᠶᠢᠴᠠᠭᠠᠯᠲᠠ ᠶᠢᠨ ᠳᠡᠰ ᠳᠠᠷᠠᠭᠠᠯᠠᠯ ᠠᠷᠭ᠎ᠠ ᠪᠠᠷᠢᠯ᠂ ᠭᠡᠷᠡᠴᠢ ᠠᠪᠬᠤ ᠭᠤᠤᠯᠳᠠᠯᠭ᠎ᠠ ᠶᠢ ᠦᠯᠡᠳᠡᠭᠡᠨ ᠬᠠᠳᠠᠭᠠᠯᠠᠬᠤ ᠵᠡᠷᠭᠡ ᠠᠭᠤᠯᠭ᠎ᠠ ᠶᠢ ᠲᠥᠷᠥᠯ ᠬᠤᠪᠢᠶᠠᠨ ᠲᠠᠶᠢᠯᠪᠤᠷᠢᠯᠠᠵᠤ᠂ ᠬᠤᠯᠪᠤᠭᠳᠠᠯ ᠪᠥᠬᠦᠶ ᠬᠥᠮᠦᠰ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠪᠠᠶᠢᠴᠠᠭᠠᠬᠤ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠥᠨᠳᠥᠷ ᠪᠦᠲᠦᠮᠵᠢᠲᠡᠶ ᠪᠠᠷ ᠬᠦᠢᠴᠡᠳᠭᠡᠬᠦ ᠶᠢ ᠦᠨᠡᠨᠬᠦ ᠪᠠᠳᠤᠯᠠᠬᠤ ᠬᠡᠷᠡᠭᠳᠡᠢ᠃      ᠲᠦᠪᠯᠡᠷᠡᠭᠦᠯᠦᠨ ᠪᠣᠯᠪᠠᠰᠤᠷᠠᠭᠤᠯᠬᠤ ᠳᠤ ᠦᠨᠡᠨᠬᠦ ᠬᠦᠴᠢᠷᠳᠡᠢ ᠪᠣᠯ᠂ ᠡᠯ᠎ᠡ ᠣᠷᠣᠯᠴᠠᠭᠰᠠᠨ ᠰᠠᠯᠠᠭ᠎ᠠ ᠮᠥᠴᠢᠷ ᠨᠢ ᠪᠠᠰᠠ ᠲᠣᠰ ᠰᠠᠯᠠᠭ᠎ᠠ ᠮᠥᠴᠢᠷ ᠤᠨ ᠢᠶᠠᠨ ᠪᠣᠯᠪᠠᠰᠤᠷᠠᠭᠤᠯᠤᠯ ᠢ ᠥᠪᠡᠰᠦᠪᠡᠨ ᠵᠣᠬᠢᠶᠠᠨ ᠪᠠᠶᠢᠭᠤᠯᠵᠤ ᠪᠣᠯᠤᠨ᠎ᠠ᠃      ᠳᠣᠯᠤᠭ᠎ᠠ᠂ ᠪᠠᠶᠢᠴᠠᠭᠠᠯᠳᠠ ᠶᠢ ᠬᠡᠷᠡᠭᠵᠢᠭᠦᠯᠬᠦ      ︵ᠬᠤᠷᠢᠨ ᠵᠢᠷᠭᠤᠭ᠎ᠠ︶ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠳᠠ ᠳᠤ ᠬᠠᠤᠯᠢ ᠶᠣᠰᠣᠭᠠᠷ ᠪᠢᠴᠢᠭ ᠢᠶᠠᠷ ᠪᠠᠶᠢᠴᠠᠭᠠᠬᠤ᠂ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠰᠦᠯᠵᠢᠶ᠎ᠡ ᠪᠠᠷ ᠬᠢᠨᠠᠨ ᠰᠢᠯᠭᠠᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠴᠠᠭᠠᠯᠲᠠ ᠥᠷᠨᠢᠭᠦᠯᠵᠦ ᠪᠣᠯᠤᠨ᠎ᠠ᠃ ᠲᠤᠰᠬᠠᠶ ᠮᠡᠷᠭᠡᠵᠢᠯ ᠤᠨ ᠬᠦᠷᠢᠶᠡᠨ ᠳᠤ ᠬᠤᠯᠪᠣᠭᠳᠠᠭᠰᠠᠨ ᠳᠤ ᠬᠢᠷᠢ ᠬᠡᠮ ᠲᠠᠢ ᠲᠤᠰᠬᠠᠶ ᠮᠡᠷᠭᠡᠵᠢᠯ ᠤᠨ ᠪᠠᠶᠢᠭᠤᠯᠤᠮᠵᠢ ᠳᠤ ᠨᠠᠶᠢᠳᠠᠵᠤ ᠰᠢᠯᠭᠠᠨ ᠪᠠᠶᠢᠴᠠᠭᠠᠬᠤ᠂ ᠡᠳ᠋ ᠤᠨ ᠶᠠᠪᠤᠳᠠᠯ ᠤᠨ ᠬᠢᠨᠠᠨ ᠪᠣᠳᠣᠬᠤ᠂ ᠪᠠᠶᠢᠴᠠᠭᠠᠯᠲᠠ ᠬᠢᠵᠦ ᠯᠠᠪᠯᠠᠯᠭ᠎ᠠ ᠥᠭᠬᠦ ᠵᠡᠷᠭᠡ ᠠᠵᠢᠯ ᠢ ᠥᠷᠨᠢᠭᠦᠯᠬᠦ ᠪᠤᠶᠤ ᠬᠠᠤᠯᠢ ᠶᠤᠰᠤᠭᠠᠷ ᠪᠤᠰᠤᠳ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠪᠠᠶᠢᠴᠠᠭᠠᠯᠲᠠ ᠶᠢᠨ ᠳ᠋ᠦᠩ᠂ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠦᠴᠦᠨ ᠲᠠᠢ ᠪᠣᠯᠤᠭᠰᠠᠨ ᠪᠢᠴᠢᠭ ᠬᠠᠷ᠎ᠠ ᠪᠣᠯᠤᠨ ᠲᠤᠰᠬᠠᠶ ᠪᠠᠶᠢᠭᠤᠯᠤᠮᠵᠢ ᠶᠢᠨ ᠭᠠᠷᠭᠠᠭᠰᠠᠨ ᠲᠤᠰᠬᠠᠶ ᠮᠡᠷᠭᠡᠵᠢᠯ ᠤᠨ ᠳ᠋ᠦᠩᠨᠡᠯᠲᠡ ᠶᠢ ᠠᠰᠢᠭᠯᠠᠵᠤ ᠪᠣᠯᠤᠨ᠎ᠠ᠃ ᠲᠤᠰᠬᠠᠶ ᠪᠠᠶᠢᠭᠤᠯᠤᠮᠵᠢ ᠳᠤ ᠨᠠᠶᠢᠳᠠᠵᠤ ᠰᠤᠭᠤᠴᠢᠨ ᠪᠠᠶᠢᠴᠠᠭᠠᠯᠲᠠ ᠬᠢᠯᠭᠡᠭᠰᠡᠨ ᠪᠣᠯ᠂ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠲᠤᠬᠠᠶᠢᠯᠠᠭᠰᠠᠨ ᠠᠵᠢᠯ ᠤᠨ ᠵᠢᠯᠣᠭᠤᠳᠤᠯᠭ᠎ᠠ ᠪᠠ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠶ᠃       ︵ᠬᠤᠷᠢᠨ ᠳᠣᠯᠤᠭ᠎ᠠ︶ ᠬᠠᠮᠳᠤᠷᠠᠨ ᠪᠠᠶᠢᠴᠠᠭᠠᠬᠤ ᠳᠤᠭᠤᠶᠢᠯᠠᠩ ᠳᠤ ᠳᠤᠭᠤᠶᠢᠯᠠᠩ ᠤᠨ ᠳᠠᠷᠤᠭ᠎ᠠ ᠠᠴᠠ  ᠰᠤᠭᠤᠴᠢᠨ ᠪᠠᠶᠢᠴᠠᠭᠠᠬᠤ ᠡᠭᠦᠷᠭᠡ ᠶᠢ ᠬᠡᠷᠡᠭᠵᠢᠭᠦᠯᠬᠦ ᠬᠤᠭᠤᠴᠠᠭᠠᠨ ᠳᠠᠬᠢ ᠵᠣᠬᠢᠶᠠᠨ ᠪᠠᠶᠢᠭᠤᠯᠬᠤ ᠪᠠ ᠵᠣᠬᠢᠴᠠᠭᠤᠯᠤᠨ ᠬᠠᠮᠢᠶᠠᠷᠬᠤ ᠶᠢ ᠬᠠᠷᠢᠭᠤᠴᠠᠨ᠎ᠠ᠃ ᠪᠤᠰᠤᠳ ᠳᠤᠭᠤᠶᠢᠯᠠᠩ ᠤᠨ ᠭᠡᠰᠢᠭᠦᠳ ᠳᠤᠭᠤᠶᠢᠯᠠᠩ ᠤᠨ ᠳᠠᠷᠤᠭ᠎ᠠ ᠶᠢᠨ ᠲᠣᠬᠢᠷᠠᠭᠤᠯᠤᠯᠲᠠ ᠳᠤ ᠬᠠᠮᠵᠢᠯᠴᠠᠨ ᠲᠠᠭᠠᠵᠤ᠂ ᠬᠢᠨᠠᠯᠲᠠ ᠲᠠᠯᠪᠢᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠭᠡᠵᠦ᠂ ᠠᠵᠢᠯ ᠬᠤᠪᠢᠶᠠᠨ ᠬᠠᠮᠵᠢᠯᠴᠠᠨ ᠰᠤᠭᠤᠴᠢᠨ ᠪᠠᠶᠢᠴᠠᠭᠠᠬᠤ ᠡᠭᠦᠷᠭᠡ ᠪᠠᠨ ᠪᠡᠶᠡᠯᠡᠭᠦᠯᠦᠨ᠎ᠡ᠃      ︵ᠬᠤᠷᠢᠨ ᠨᠠᠢᠮᠠ︶ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠳᠣᠷᠣᠭᠰᠢ ᠪᠠᠭᠤᠯᠭᠠᠭᠰᠠᠨ ᠪᠠᠶᠢᠴᠠᠭᠠᠬᠤ ᠬᠦᠰᠦᠨᠦᠭᠲᠦ ᠶᠢᠨ ᠶᠣᠰᠣᠭᠠᠷ᠂ ᠪᠠᠶᠢᠴᠠᠭᠠᠬᠤ ᠪᠠᠷᠢᠮᠵᠢᠶ᠎ᠠ ᠲᠠᠢ ᠴᠢᠩᠭ᠎ᠠ ᠬᠠᠷᠭᠤᠭᠤᠯᠤᠨ ᠪᠠᠶᠢᠴᠠᠭᠠᠬᠤ ᠬᠡᠷᠡᠭᠲᠡᠢ᠃ ᠪᠠᠶᠢᠴᠠᠭᠠᠬᠤ ᠪᠠᠷᠢᠮᠵᠢᠶ᠎ᠠ ᠨᠢ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠣᠭᠲᠠᠭᠠᠭᠰᠠᠨ ︽ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠤᠨ ᠵᠢᠯᠤᠭᠤᠳᠤᠮᠵᠢ︾ ᠪᠠᠷ ᠯᠠᠪᠯᠠᠯᠲᠠ ᠪᠣᠯᠭᠠᠬᠤ ᠬᠡᠷᠡᠭᠲᠡᠶ᠃ ᠳᠡᠭᠡᠳᠦ ᠱᠠᠲᠤᠨ ᠤ ᠰᠠᠯᠠᠭ᠎ᠠ ᠮᠥᠴᠢᠷ ᠲᠦᠷ ᠴᠠᠭ ︽ᠲᠠᠰᠢᠷᠠᠮ ᠢᠶᠠᠷ ᠰᠤᠭᠤᠴᠢᠨ ᠪᠠᠶᠢᠴᠠᠭᠠᠬᠤ ᠠᠵᠢᠯ ᠤᠨ ᠵᠢᠯᠤᠭᠤᠳᠤᠮᠵᠢ︾ ᠲᠤᠭᠲᠠᠭᠠᠭᠠᠳᠤᠢ ᠪᠣᠯ᠂ ᠪᠠᠶᠢᠴᠠᠭᠠᠯᠳᠠ ᠬᠡᠷᠡᠭᠵᠢᠭᠦᠯᠬᠦ ᠰᠠᠯᠠᠭ᠎ᠠ ᠮᠥᠴᠢᠷ ᠲᠤᠳᠤᠭᠠᠳᠤ ᠶᠢᠨ ᠬᠠᠤᠯᠢ ᠳᠦᠷᠢᠮ ᠤᠨ ᠪᠠᠶᠢᠭᠤᠯᠤᠮᠵᠢ ᠶᠢ ᠵᠤᠬᠢᠶᠠᠨ ᠪᠠᠶᠢᠭᠤᠯᠵᠤ ᠤᠴᠢᠷ ᠶᠠᠪᠤᠳᠠᠯ ᠨᠢᠭᠡᠪᠦᠷᠢ ᠶᠢᠨ ᠪᠠᠶᠢᠴᠠᠭᠠᠬᠤ ᠠᠭᠤᠯᠭ᠎ᠠ᠂ ᠪᠠᠶᠢᠴᠠᠭᠠᠬᠤ ᠠᠷᠭ᠎ᠠ ᠮᠠᠶ᠋ᠢᠭ᠂ ᠠᠵᠢᠯᠯᠠᠬᠤ ᠠᠷᠭ᠎ᠠ ᠳᠡᠮ᠂ ᠠᠰᠠᠭᠤᠳᠠᠯ ᠢ ᠣᠯᠵᠤ ᠮᠡᠳᠡᠬᠦ ᠪᠠᠶᠢᠳᠠᠯ᠂ ᠵᠠᠯᠭᠠᠵᠤ ᠰᠢᠢᠳᠪᠦᠷᠢᠯᠡᠬᠦ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠤ ᠬᠠᠷᠢᠴᠠᠭᠤᠯᠤᠨ ᠬᠦᠢᠴᠡᠳᠭᠡᠬᠦ ᠵᠢᠴᠢ ᠬᠡᠷᠡᠭ ᠤᠨ ᠳᠠᠷᠠᠭ᠎ᠠ ᠮᠥᠷᠳᠡᠨ ᠪᠠᠶᠢᠴᠠᠭᠠᠵᠤ ᠭᠡᠷᠡᠴᠢᠯᠡᠬᠦ ᠳᠤ ᠳᠥᠭᠦᠮ ᠦᠵᠡᠭᠦᠯᠬᠦ ᠬᠡᠷᠡᠭᠲᠡᠶ᠃      ︵ᠬᠤᠷᠢ ᠶᠢᠰᠦ︶ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠠᠳᠠᠯᠢ ᠪᠤᠰᠤ ᠪᠠᠶᠢᠴᠠᠭᠠᠬᠤ ᠵᠦᠢᠯᠡᠰ ᠤᠨ ᠠᠭᠤᠯᠭ᠎ᠠ ᠳᠤ ᠴᠢᠭᠯᠡᠭᠦᠯᠦᠨ᠂ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠤᠨ ᠲᠣᠭᠲᠠᠭᠠᠯ ᠶᠣᠰᠣᠭᠠᠷ ᠬᠢᠨᠠᠯᠲᠠ ᠲᠠᠯᠪᠢᠵᠤ ᠪᠠᠶᠢᠴᠠᠭᠠᠬᠤ ᠡᠷᠬᠡ ᠪᠠᠨ ᠬᠡᠷᠡᠭᠵᠢᠭᠦᠯᠬᠦ ᠶᠢᠨ ᠬᠠᠮᠲᠤ ᠪᠠᠶᠢᠳᠠᠯ ᠢᠶᠠᠨ ᠦᠵᠡᠵᠦ ᠪᠠᠶᠢᠭᠠᠳ ᠲᠤᠬᠠᠶ ᠶᠢᠨ ᠬᠥᠮᠦᠨ ᠳᠤ ᠵᠣᠬᠢᠬᠤ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠠᠪᠬᠤ ᠬᠡᠷᠡᠭᠲᠡᠶ᠃      ︵ᠭᠤᠴᠢ︶ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠬᠠᠮᠲᠤᠷᠠᠨ ᠰᠤᠭᠤᠴᠢᠨ ᠪᠠᠶᠢᠴᠠᠭᠠᠬᠤ ᠡᠭᠦᠷᠭᠡ ᠶᠢ ᠭᠦᠢᠴᠡᠳᠬᠡᠬᠦ ᠳᠡᠭᠡᠨ᠂ ᠡᠩ ᠤᠨ ᠪᠠᠶᠢᠳᠠᠯ ᠳᠤ ᠳᠣᠣᠷᠠᠬᠢ ᠳᠡᠰ ᠳᠠᠷᠠᠭᠠᠯᠠᠯ ᠢᠶᠠᠷ ᠶᠠᠪᠤᠭᠳᠠᠭᠤᠯᠤᠨ᠎ᠠ᠄      1. ᠤᠷᠢᠳᠴᠢᠯᠠᠨ ᠪᠠᠶᠢᠴᠠᠭᠠᠵᠤ ᠬᠠᠷᠭᠤᠭᠤᠯᠬᠤ᠃ ᠬᠠᠮᠲᠤᠷᠠᠨ ᠪᠠᠶᠢᠴᠠᠭᠠᠬᠤ ᠳᠤᠭᠤᠶᠢᠯᠠᠩ ᠪᠠᠶᠢᠴᠠᠭᠠᠬᠤ ᠡᠭᠦᠷᠭᠡ ᠶᠢᠨ ᠱᠠᠭᠠᠷᠳᠠᠯᠭ᠎ᠠ ᠶᠣᠰᠣᠭᠠᠷ᠂ ᠬᠤᠯᠪᠤᠭᠳᠠᠯ ᠪᠦᠬᠦᠢ ᠮᠡᠳᠡᠭᠡ ᠵᠠᠩᠭᠢ ᠶᠢᠨ ᠰᠢᠰᠲ᠋ᠧᠮ ᠪᠠ ᠳᠠᠩᠰᠠ ᠡᠪᠬᠡᠮᠡᠯ ᠤᠨ ᠮᠠᠲ᠋ᠧᠷᠢᠶᠠᠯ ᠵᠡᠷᠭᠡ ᠶᠢ ᠪᠠᠶᠢᠴᠠᠭᠠᠬᠤ ᠪᠠᠷ ᠳᠠᠮᠵᠢᠨ᠂ ᠪᠠᠶᠢᠴᠠᠭᠠᠬᠤ ᠡᠲᠡᠭᠡᠳ ᠤᠨ ᠦᠨᠳᠦᠰᠦᠨ ᠮᠡᠳᠡᠭᠡ ᠵᠠᠩᠭᠢ ᠪᠠ ᠬᠥᠳᠡᠯᠦᠩᠭᠦᠶ ᠪᠠᠶᠢᠳᠠᠯ ᠢ ᠡᠵᠡᠮᠰᠢᠵᠦ᠂ ᠰᠤᠭᠤᠴᠢᠨ ᠪᠠᠶᠢᠴᠠᠭᠠᠬᠤ ᠡᠭᠦᠷᠭᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠲᠣᠬᠢᠷᠠᠮᠵᠢᠲᠠᠶ ᠪᠠᠶᠢᠴᠠᠭᠠᠬᠤ ᠠᠷᠭ᠎ᠠ ᠪᠠ ᠪᠠᠶᠢᠴᠠᠭᠠᠬᠤ ᠳᠡᠰ ᠳᠠᠷᠠᠭᠠᠯᠠᠯ ᠢ ᠲᠣᠭᠲᠠᠭᠠᠬᠤ ᠬᠡᠷᠡᠭᠲᠡᠶ᠃      2.ᠲᠤᠬᠠᠶ ᠶᠢᠨ ᠲᠠᠯᠠᠪᠤᠷ ᠲᠤ ᠨᠢ ᠪᠠᠶᠢᠴᠠᠭᠠᠯᠲᠠ ᠬᠢᠬᠦ᠃ ᠲᠤᠬᠠᠶ ᠶᠢᠨ ᠭᠠᠵᠠᠷ ᠲᠤᠨᠢ ᠪᠠᠶᠢᠴᠠᠭᠠᠬᠤ ᠳᠤ  ᠪᠠᠶᠢᠴᠠᠭᠠᠬᠤ ᠡᠲᠡᠭᠡᠳ ᠲᠤ ᠪᠠᠶᠢᠳᠠᠯ ᠢᠶᠠᠨ ᠤᠷᠢᠳᠴᠢᠯᠠᠨ ᠵᠠᠳᠠᠷᠠᠭᠤᠯᠵᠤ ᠪᠣᠯᠬᠤ ᠦᠭᠡᠢ᠃ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠪᠠᠶᠢᠴᠠᠭᠠᠬᠤ ᠡᠲᠡᠭᠡᠳ ᠲᠤ ᠦᠨᠡᠨᠬᠦ ᠤᠷᠢᠳᠴᠢᠯᠠᠨ ᠮᠡᠳᠡᠭᠳᠡᠬᠦ ᠴᠢᠬᠤᠯᠠᠲᠠᠶ ᠭᠡᠵᠦ ᠲᠣᠳᠣᠷᠬᠠᠶ ᠲᠣᠭᠲᠠᠭᠠᠭᠰᠠᠨ ᠪᠣᠯ᠂ ᠬᠠᠮᠢᠶ᠎ᠠ ᠪᠥᠬᠦᠶ ᠲᠣᠭᠲᠠᠭᠠᠯ ᠶᠣᠰᠣᠭᠠᠷ  ᠬᠡᠷᠡᠭᠵᠢᠬᠦᠯᠦᠨ᠎ᠡ᠃      ᠲᠤᠬᠠᠶ ᠶᠢᠨ ᠲᠠᠯᠠᠪᠤᠷ ᠲᠤ ᠨᠢ ᠪᠠᠶᠢᠴᠠᠭᠠᠬᠤ ᠦᠶ᠎ᠡ ᠳᠤ᠂ ᠪᠠᠶᠢᠴᠠᠭᠠᠬᠤ ᠠᠵᠢᠯᠲᠠᠨ ᠬᠤᠪᠴᠠᠰᠤ ᠬᠤᠨᠠᠷ ᠢᠶᠠᠨ ᠵᠢᠷᠤᠮᠵᠢᠭᠤᠯᠵᠤ᠂ ᠬᠦᠴᠦᠨ ᠲᠠᠢ ᠦᠨᠡᠮᠯᠡᠯ ᠢᠶᠠᠨ ᠭᠠᠷᠭᠠᠵᠤ ᠦᠵᠡᠭᠦᠯᠦᠨ᠂ ᠪᠠᠶᠢᠴᠠᠭᠠᠬᠤ ᠡᠲᠡᠭᠡᠳ ᠲᠤ  ᠪᠠᠶᠢᠴᠠᠭᠠᠯᠲᠠ ᠳᠤ ᠬᠠᠮᠵᠢᠯᠴᠠᠬᠤ ᠬᠤᠯᠪᠤᠭᠳᠠᠯ ᠪᠦᠬᠦᠢ ᠱᠠᠭᠠᠷᠳᠠᠯᠭ᠎ᠠ ᠶᠢ ᠮᠡᠳᠡᠭᠳᠡᠵᠦ᠂ ᠬᠤᠯᠪᠤᠭᠳᠠᠯ ᠪᠦᠬᠦᠢ ᠮᠠᠲ᠋ᠧᠷᠢᠶᠠᠯ ᠢ ᠰᠠᠶᠢᠲᠤᠷ ᠪᠡᠯᠡᠳᠬᠡᠬᠦ ᠶᠢ ᠰᠠᠨᠠᠭᠤᠯᠤᠨ᠎ᠠ᠃ ᠪᠠᠶᠢᠴᠠᠭᠠᠬᠤ ᠳᠤᠮᠳᠠ ᠬᠠᠤᠯᠢ ᠲᠣᠭᠲᠠᠭᠠᠯ ᠠᠴᠠ ᠵᠥᠷᠢᠴᠡᠭᠰᠡᠨ ᠵᠡᠷᠭᠡ ᠶᠡᠷᠦ ᠪᠤᠰᠤ ᠶᠢᠨ ᠪᠠᠶᠢᠳᠠᠯ ᠢ ᠣᠯᠵᠤ ᠮᠡᠳᠡᠪᠡᠯ᠂ ᠪᠠᠶᠢᠳᠠᠯ ᠢ ᠨᠢ ᠦᠵᠡᠵᠦ ᠲᠤᠬᠠᠶ ᠶᠢᠨ ᠲᠠᠯᠠᠪᠤᠷ ᠤᠨ ᠲᠡᠮᠳᠡᠭᠯᠡᠯ ᠬᠢᠬᠦ᠂ ᠠᠩᠬ᠎ᠠ ᠠᠯᠬᠤᠮ ᠭᠡᠷᠡᠴᠢ ᠪᠠᠷᠢᠮᠲᠠ ᠭᠠᠷᠭᠠᠨ ᠠᠪᠬᠤ᠂ ᠲᠤᠬᠠᠢ ᠶᠢᠨ ᠬᠥᠮᠦᠨ ᠢ ᠵᠠᠷᠯᠢᠭᠳᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠨᠢ ᠵᠣᠭᠰᠣᠭᠠᠬᠤ᠂ ᠲᠤᠬᠠᠢ ᠶᠢᠨ ᠬᠥᠮᠦᠨ ᠢ ᠰᠢᠮᠳᠠᠭᠤᠯᠤᠨ ᠴᠡᠭᠴᠡᠯᠡᠨ ᠰᠠᠶᠢᠵᠢᠷᠠᠭᠤᠯᠬᠤ ᠵᠡᠷᠭᠡ ᠵᠣᠬᠢᠬᠤ ᠬᠢᠨᠠᠨ ᠬᠠᠮᠢᠶᠠᠷᠬᠤ ᠠᠷᠭ᠎ᠠ ᠬᠡᠮᠵᠢᠶ᠎ᠡ ᠶᠢ ᠠᠪᠬᠤ ᠬᠡᠷᠡᠭᠲᠡᠶ᠃ ᠬᠠᠤᠯᠢ ᠠᠴᠠ ᠵᠥᠷᠢᠴᠡᠭᠰᠡᠨ ᠢ ᠨᠢ ᠵᠠᠷᠯᠢᠭᠳᠠᠨ ᠵᠣᠭᠰᠣᠭᠠᠬᠤ ᠪᠠ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠳᠤ ᠪᠠᠶᠢᠳᠠᠯ ᠢ ᠨᠢ ᠦᠵᠡᠵᠦ ᠪᠢᠴᠢᠭ ᠢᠶᠠᠷ᠂ ᠠᠮᠠ ᠪᠠᠷ᠂ ᠬᠠᠤᠯᠢ ᠬᠡᠷᠡᠭᠵᠢᠭᠦᠯᠬᠦ ᠰᠢᠯᠵᠢᠮᠡᠯ ᠪᠡᠯᠡᠳᠬᠡᠮᠵᠢ ᠪᠠᠷ ᠳᠠᠷᠤᠮᠠᠯᠯᠠᠬᠤ ᠵᠡᠷᠭᠡ ᠪᠣᠳᠠᠲᠠᠶ ᠠᠷᠭ᠎ᠠ ᠮᠠᠶ᠋ᠢᠭ ᠢ ᠠᠪᠴᠤ ᠪᠣᠯᠤᠨ᠎ᠠ᠃ ᠲᠤᠬᠠᠶ ᠶᠢᠨ ᠲᠠᠯᠠᠪᠤᠷ ᠲᠤ ᠪᠠᠶᠢᠴᠠᠭᠠᠭᠰᠠᠨ ᠪᠠᠶᠢᠳᠠᠯ ᠳᠤ ᠢᠯᠡᠷᠡᠭᠦᠯᠦᠭᠰᠡᠨ ᠠᠰᠠᠭᠤᠳᠠᠯ᠂ ᠰᠢᠢᠳᠪᠦᠷᠢᠯᠡᠭᠰᠡᠨ ᠠᠷᠭ᠎ᠠ ᠬᠡᠮᠵᠢᠶ᠎ᠡ ᠵᠢᠴᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠵᠡᠷᠭᠡ ᠶᠢ ᠪᠠᠭᠲᠠᠭᠠᠵᠤ᠂ ᠬᠠᠷᠠᠭᠠᠯᠵᠠᠬᠤ ᠪᠠᠶᠢᠴᠠᠭᠠᠯᠲᠠ ᠶᠢᠨ ᠬᠦᠰᠦᠨᠦᠭᠲᠦ ᠳᠤ ᠲᠡᠮᠳᠡᠭᠯᠡᠨ᠎ᠡ᠃ ᠪᠠᠶᠢᠴᠠᠭᠠᠬᠤ ᠵᠦᠢᠯᠡᠰ ᠢ ᠪᠦᠬᠦᠨ ᠢ ᠪᠡᠶᠡᠯᠡᠭᠦᠯᠦᠭᠰᠡᠨ ᠤ ᠳᠠᠷᠠᠭ᠎ᠠ᠂ ᠪᠠᠶᠢᠴᠠᠭᠠᠭᠳᠠᠭᠰᠠᠨ ᠡᠲᠡᠭᠡᠳ ᠢ ᠬᠠᠷᠠᠭᠠᠯᠵᠠᠬᠤ ᠪᠠᠶᠢᠴᠠᠭᠠᠯᠲᠠ ᠶᠢᠨ ᠬᠦᠰᠦᠨᠦᠭᠲᠦ ᠶᠢᠨ ᠲᠤᠬᠠᠶ ᠶᠢᠨ ᠬᠥᠮᠦᠨ ᠤ ᠪᠤᠯᠤᠩ ᠳᠤ ᠭᠠᠷ ᠤᠨ ᠦᠰᠦᠭ ᠵᠢᠷᠤᠵᠤ ᠲᠠᠮᠠᠭ᠎ᠠ ᠳᠠᠷᠤᠨ ᠨᠤᠲᠠᠯᠠᠭᠤᠯᠬᠤ ᠪᠠᠷ ᠱᠠᠭᠠᠷᠳᠠᠨ᠎ᠠ᠃ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠡᠯ᠎ᠡ ᠵᠦᠢᠯᠠᠰ ᠢ ᠪᠠᠶᠢᠴᠠᠭᠠᠭᠰᠠᠨ ᠪᠠᠶᠢᠳᠠᠯ ᠢ ᠬᠤᠷᠢᠶᠠᠩᠭᠤᠶᠢᠯᠠᠵᠤ᠂ ᠬᠢᠨᠠᠨ ᠪᠠᠶᠢᠴᠠᠭᠠᠬᠤ ᠬᠦᠰᠦᠨᠦᠭᠲᠦ ᠳᠠᠬᠢ ᠬᠤᠯᠪᠣᠭᠳᠠᠬᠤ ᠪᠠᠶᠢᠴᠠᠭᠠᠯᠲᠠ ᠶᠢᠨ ᠦᠷ᠎ᠡ ᠳ᠋ᠦᠩ ᠢ ᠶᠠᠷᠢᠯᠴᠠᠨ ᠨᠤᠲᠠᠯᠠᠬᠤ ᠶᠢᠨ ᠬᠠᠮᠲᠤ  ᠪᠠᠶᠢᠴᠠᠭᠠᠭᠰᠠᠨ ᠠᠵᠢᠯᠲᠠᠨ ᠭᠠᠷ ᠤᠨ ᠦᠰᠦᠭ ᠵᠢᠷᠤᠵᠤ ᠨᠤᠲᠠᠯᠠᠨ᠎ᠠ᠃      3.ᠦᠷ᠎ᠡ ᠳ᠋ᠦᠩ ᠢ ᠵᠠᠷᠯᠠᠨ ᠨᠡᠶᠢᠲᠡᠯᠡᠬᠦ᠃ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠪᠠᠶᠢᠴᠠᠭᠠᠯᠲᠠ ᠲᠠᠭᠤᠰᠤᠭᠰᠠᠨ ᠤ ᠲᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ᠂ ︽ᠬᠡᠨ ᠪᠠᠶᠢᠴᠠᠭᠠᠪᠠᠯ᠂ ᠬᠡᠨ  ᠺᠤᠮᠫᠢᠦ᠋ᠲ᠋ᠧᠷ ᠲᠤ ᠤᠷᠤᠭᠤᠯᠵᠤ᠂ ᠬᠡᠨ ᠢᠯᠡ ᠪᠣᠯᠭᠠᠬᠤ︾ ᠵᠠᠷᠴᠢᠮ ᠶᠣᠰᠣᠭᠠᠷ᠂ ᠪᠠᠶᠢᠴᠠᠭᠠᠭᠰᠠᠨ ᠦᠷ᠎ᠡ ᠳ᠋ᠦᠩ ᠢᠶᠠᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠲᠡᠮᠳᠡᠭᠯᠡᠵᠦ ᠣᠷᠣᠭᠤᠯᠤᠨ᠎ᠠ᠂ ᠲᠣᠰ ᠪᠠᠶᠢᠴᠠᠭᠠᠯᠲᠠ ᠶᠢᠨ ᠦᠷ᠎ᠡ ᠳ᠋ᠦᠩ ᠨᠢ ᠪᠠᠶᠢᠴᠠᠭᠠᠭᠰᠠᠨ ᠡᠲᠡᠭᠡᠳ ᠤᠨ ᠨᠡᠷ᠎ᠡ ᠳᠣᠤᠷ᠎ᠠ ᠠᠶᠠᠨᠳᠠᠭᠠᠨ ᠨᠡᠶᠢᠯᠡᠵᠦ᠂ ᠢᠯᠡ ᠨᠡᠶᠢᠲᠡᠯᠡᠬᠦ ᠰᠢᠰᠲ᠋ᠧᠮ ᠢᠶᠠᠷ ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠨ᠎ᠡ᠃      ︵ᠭᠤᠴᠢᠨ ᠨᠢᠭᠡ︶ ᠪᠠᠶᠢᠴᠠᠭᠠᠭᠰᠠᠨ ᠦᠷ᠎ᠡ ᠳ᠋ᠦᠩ ᠪᠣᠯ ᠪᠠᠶᠢᠴᠠᠭᠠᠬᠤ ᠡᠲᠡᠭᠡᠳ ᠤᠨ ᠲᠤᠰ ᠤᠳᠠᠭ᠎ᠠ ᠶᠢᠨ ᠰᠤᠭᠤᠴᠢᠨ ᠪᠠᠶᠢᠴᠠᠭᠠᠬᠤ ᠦᠶ᠎ᠡ ᠶᠢᠨ ᠪᠣᠳᠠᠳᠤ ᠪᠠᠶᠢᠳᠠᠯ ᠤᠨ ᠪᠤᠰᠤᠳᠴᠢ ᠢᠯᠡᠷᠡᠯ ᠪᠣᠯᠤᠨ᠎ᠠ᠂ ᠵᠠᠷᠯᠠᠨ ᠨᠡᠶᠢᠳᠡᠯᠡᠭᠰᠡᠨ ᠤ ᠲᠠᠷᠠᠭ᠎ᠠ ᠳᠤᠷ᠎ᠠ ᠪᠠᠷ ᠢᠶᠠᠨ ᠬᠤᠪᠢᠷᠠᠭᠤᠯᠵᠤ ᠪᠣᠯᠬᠤ ᠦᠭᠡᠢ᠃ ᠭᠡᠪᠡᠴᠦ ᠬᠡᠷᠡᠭ ᠤᠨ ᠳᠠᠷᠠᠭ᠎ᠠ ᠪᠠᠶᠢᠴᠠᠭᠠᠭᠰᠠᠨ ᠦᠷ᠎ᠡ ᠳ᠋ᠦᠩ ᠨᠢ ᠦᠨᠡᠬᠡᠷ ᠪᠤᠷᠤᠭᠤ ᠪᠠᠶᠢᠬᠤ ᠶᠢ ᠣᠯᠵᠤ ᠮᠡᠳᠡᠪᠡᠯ᠂ ᠲᠣᠭᠲᠠᠭᠠᠯ ᠶᠣᠰᠣᠭᠠᠷ ᠴᠠᠭ ᠲᠤᠬᠠᠶ ᠳᠤᠨᠢ ᠵᠠᠯᠠᠷᠠᠭᠤᠯᠬᠤ ᠬᠡᠷᠡᠭᠲᠡᠶ᠃       ︵ᠭᠤᠴᠢᠨ ᠬᠤᠶᠠᠷ︶ ᠪᠠᠶᠢᠴᠠᠭᠠᠬᠤ ᠡᠲᠡᠭᠡᠳ ᠨᠢ ᠪᠠᠶᠢᠴᠠᠭᠠᠭᠰᠠᠨ ᠦᠷ᠎ᠡ ᠳ᠋ᠦᠩ ᠳᠤ ᠣᠨᠳᠣᠣ ᠰᠠᠨᠠᠯ ᠲᠠᠢ ᠪᠠᠶᠢᠪᠠᠯ᠂ ᠪᠠᠶᠢᠴᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠭᠰᠡᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠡᠭᠦᠷᠭᠡ ᠬᠦᠢᠴᠡᠳᠭᠡᠬᠦ ᠰᠠᠯᠠᠭ᠎ᠠ ᠮᠥᠴᠢᠷ ᠲᠤ ᠪᠢᠴᠢᠭ ᠤᠨ ᠭᠤᠶᠤᠴᠢᠯᠠᠯ ᠪᠠ ᠬᠤᠯᠪᠤᠭᠳᠠᠯ ᠪᠥᠬᠦᠶ ᠭᠡᠷᠡᠴᠢ ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃ ᠡᠭᠦᠷᠭᠡ ᠬᠦᠢᠴᠡᠳᠭᠡᠬᠦ ᠰᠠᠯᠠᠭ᠎ᠠ ᠮᠥᠴᠢᠷ ᠭᠤᠶᠤᠴᠢᠯᠠᠯ ᠤᠨ ᠮᠠᠲ᠋ᠧᠷᠢᠶᠠᠯ ᠢ ᠣᠯᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ ᠳᠠᠬᠢᠨ ᠪᠠᠶᠢᠴᠠᠭᠠᠵᠤ᠂ ᠲᠠᠬᠢᠨ ᠪᠠᠶᠢᠴᠠᠭᠠᠭᠠᠳ ᠦᠨᠡᠬᠡᠷ ᠪᠤᠷᠤᠭᠤ ᠲᠠᠢ ᠪᠣᠯ ᠵᠠᠯᠠᠷᠠᠭᠤᠯᠵᠤ᠂ ᠪᠤᠷᠤᠭᠤ ᠤᠢᠭᠡᠢ ᠪᠣᠯ ᠣᠣᠯ ᠬᠡᠪ ᠢᠶᠠᠷ ᠨᠢ ᠪᠠᠶᠢᠯᠭᠠᠨ᠎ᠠ᠃ ᠲᠠᠬᠢᠵᠤ ᠪᠠᠶᠢᠴᠠᠭᠠᠭᠰᠠᠨ ᠪᠠᠶᠢᠳᠠᠯ ᠢ ᠲᠠᠬᠢᠵᠤ ᠪᠠᠶᠢᠴᠠᠭᠠᠭᠰᠠᠨ ᠦᠷ᠎ᠡ ᠳ᠋ᠦᠩ ᠭᠠᠷᠭᠠᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠲᠤᠬᠠᠶ ᠶᠢᠨ ᠬᠥᠮᠦᠨ ᠳᠤ ᠬᠠᠷᠢᠭᠤ ᠲᠤᠰᠬᠠᠨ᠎ᠠ᠃ ᠣᠨᠳᠣᠤ ᠰᠠᠨᠠᠯ ᠤᠨ ᠦᠷ᠎ᠡ ᠳ᠋ᠦᠩ ᠢ ᠵᠥᠪᠰᠢᠶᠡᠷᠡᠬᠦ ᠦᠭᠡᠢ ᠪᠠᠶᠢᠪᠠᠯ᠂ ᠲᠤᠬᠠᠶ ᠶᠢᠨ ᠬᠥᠮᠦᠨ ᠨᠢ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃      ︵ᠭᠤᠴᠢᠨ ᠭᠤᠷᠪᠠ︶ ᠪᠠᠶᠢᠴᠠᠭᠠᠬᠤ ᠡᠲᠡᠭᠡᠳ ᠤᠨ ᠳᠠᠩᠰᠠᠯᠠᠭᠤᠯᠤᠭᠰᠠᠨ ᠰᠠᠭᠤᠭ᠎ᠠ ᠭᠠᠵᠠᠷ ︵ᠡᠵᠡᠩᠨᠡᠯᠲᠡ ᠶᠢᠨ ᠠᠵᠢᠯᠯᠠᠭ᠎ᠠ ᠬᠢᠵᠦ ᠪᠠᠶᠢᠭ᠎ᠠ ᠭᠠᠵᠠᠷ︶ ᠨᠢ ᠬᠠᠷᠢᠯᠴᠠᠬᠤ ᠶᠢᠨ ᠠᠷᠭ᠎ᠠ ᠦᠭᠡᠢ᠂ ᠪᠠᠶᠢᠴᠠᠭᠠᠯᠲᠠ ᠳᠤ ᠬᠠᠮᠵᠢᠯᠴᠠᠬᠤ ᠦᠭᠡᠢ ᠦᠢᠯᠡ ᠪᠠᠶᠢᠳᠠᠯ ᠨᠢ ᠬᠦᠨᠳᠦ ᠨᠣᠴᠢᠲᠠᠶ᠂ ᠨᠢᠭᠡᠨᠲᠡ ᠬᠦᠴᠦᠨ ᠦᠭᠡᠢ ᠪᠣᠯᠭᠠᠭᠰᠠᠨ᠂ ᠪᠠᠶᠢᠭᠤᠯᠤᠭᠰᠠᠨ ᠲᠠᠩᠰᠠᠯᠠᠯ ᠢ ᠨᠢ ᠬᠦᠴᠦᠨ ᠦᠭᠡᠢ ᠪᠣᠯᠭᠠᠭᠰᠠᠨ᠂ ᠡᠵᠡᠩᠨᠡᠯᠲᠡ ᠶᠢᠨ ᠦᠨᠡᠮᠯᠡᠯ ᠵᠢᠴᠢ ᠬᠤᠯᠪᠤᠭᠳᠠᠯ ᠪᠦᠬᠦᠢ ᠵᠦᠪᠰᠢᠶᠡᠷᠡᠯ ᠤᠨ ᠦᠨᠡᠮᠯᠡᠯ ᠢᠶᠠᠨ ᠬᠤᠷᠢᠶᠠᠯᠭᠠᠭᠰᠠᠨ᠂ ᠨᠢᠭᠡᠨᠲᠡ ᠡᠭᠦᠳᠡ ᠪᠠᠨ ᠬᠠᠭᠠᠵᠤ ᠠᠵᠢᠯ ᠢᠶᠠᠨ ᠵᠣᠭᠰᠣᠭᠠᠭᠰᠠᠨ ᠪᠤᠶᠤ ᠶᠠᠭ ᠵᠣᠬᠢᠶᠠᠨ ᠪᠠᠶᠢᠭᠤᠯᠤᠨ ᠢᠯᠭᠠᠷᠠᠭᠤᠯᠤᠨ ᠪᠣᠳᠣᠵᠤ ᠪᠠᠶᠢᠭ᠎ᠠ᠂ ᠦᠢᠯᠡᠳᠬᠦᠨ ᠨᠢ ᠦᠯᠢᠭᠡᠷ ᠠᠪᠬᠤ ᠨᠥᠬᠦᠴᠡᠯ ᠢ ᠬᠠᠩᠭᠠᠬᠤ ᠦᠭᠡᠢ ᠦᠯᠢᠭᠡᠷ ᠠᠪᠬᠤ ᠶᠢᠨ ᠠᠷᠭ᠎ᠠ ᠦᠭᠡᠢ᠂ ᠰᠤᠭᠤᠴᠢᠨ ᠪᠠᠶᠢᠴᠠᠭᠠᠬᠤ ᠪᠡᠯᠡᠳᠭᠡᠮᠵᠢ ᠲᠥᠬᠦᠭᠡᠷᠦᠮᠵᠢ ᠨᠢ ᠤᠷᠤᠰᠢᠬᠤ ᠦᠭᠡᠢ ᠵᠡᠷᠭᠡ ᠪᠠᠶᠢᠳᠠᠯ ᠨᠢ ᠡᠭᠦᠷᠭᠡ ᠭᠦᠢᠴᠡᠳᠬᠡᠬᠦ ᠰᠠᠯᠠᠭ᠎ᠠ ᠮᠥᠴᠢᠷ ᠢ ᠪᠠᠶᠢᠴᠠᠭᠠᠬᠤ ᠶᠢᠨ ᠠᠷᠭ᠎ᠠ ᠦᠭᠡᠢ ᠪᠣᠯᠭᠠᠭᠰᠠᠨ ᠪᠣᠯ᠂ ᠡᠮᠦᠨᠡᠬᠢ ᠬᠤᠭᠤᠴᠠᠭᠠᠨ ᠳᠤ ᠣᠯᠤᠭᠰᠠᠨ ᠭᠡᠷᠡᠴᠢ ᠪᠠᠷᠢᠮᠲᠠ ᠶᠢᠨ ᠮᠠᠲ᠋ᠧᠷᠢᠶᠠᠯ ᠢᠶᠠᠷ ᠢᠶᠠᠨ ᠰᠢᠭᠤᠳ ᠪᠠᠶᠢᠴᠠᠭᠠᠬᠤ ᠦᠷ᠎ᠡ ᠳ᠋ᠦᠩ ᠢ ᠪᠦᠷᠢᠯᠳᠦᠭᠦᠯᠵᠦ ᠪᠣᠯᠤᠨ᠎ᠠ᠂ ᠡᠭᠦᠨ ᠢ ᠲᠤᠰ ᠵᠦᠢᠯ ᠤᠨ ᠪᠠᠶᠢᠴᠠᠭᠠᠬᠤ ᠡᠭᠦᠷᠭᠡ ᠶᠢ ᠪᠡᠶᠡᠯᠡᠭᠦᠯᠦᠭᠰᠡᠨ ᠢᠶᠠᠷ ᠦᠵᠡᠨ᠎ᠡ᠃      ᠪᠠᠶᠢᠴᠠᠭᠠᠯᠲᠠ ᠳᠤ ᠬᠠᠮᠵᠢᠯᠴᠠᠬᠤ ᠦᠭᠡᠢ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠴᠠᠭᠠᠬᠤ ᠡᠲᠡᠭᠡᠳ ᠲᠤ ᠬᠤᠯᠪᠤᠭᠳᠠᠯ ᠪᠦᠬᠦᠢ ᠰᠠᠯᠠᠭ᠎ᠠ ᠮᠥᠴᠢᠷ ᠠᠴᠠ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠢᠶᠠᠷ ᠳᠠᠮᠵᠢᠭᠤᠯᠤᠨ ︽ᠬᠠᠮᠵᠢᠯᠴᠠᠬᠤ ᠦᠭᠡᠢ︾ ᠪᠠᠶᠢᠳᠠᠯ ᠢ ᠲᠡᠮᠳᠡᠭᠯᠡᠭᠰᠡᠨ ᠰᠠᠭᠤᠷᠢᠨ ᠳᠡᠭᠡᠷ᠎ᠡ᠂ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠶᠣᠰᠣᠭᠠᠷ ᠲᠡᠭᠦᠨ ᠳᠤ ᠵᠣᠬᠢᠬᠤ ᠰᠢᠢᠳᠭᠡᠯ ᠪᠤᠶᠤ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠠᠪᠬᠤ ᠬᠡᠷᠡᠭᠲᠡᠶ᠃      ᠨᠠᠢᠮᠠ᠂ ᠥᠷᠭᠦᠯᠵᠢᠯᠡᠬᠦᠯᠬᠦ ᠬᠢᠨᠠᠯᠲᠠ ᠬᠠᠮᠢᠶᠠᠷᠤᠯᠲᠠ      ︵ᠭᠤᠴᠢᠨ ᠲᠥᠷᠪᠡ︶ ᠪᠠᠶᠢᠴᠠᠭᠠᠯᠲᠠ ᠶᠢᠨ ᠳᠤᠮᠳᠠ ᠪᠠᠶᠢᠴᠠᠭᠠᠬᠤ ᠡᠲᠡᠭᠡᠳ ᠲᠤ ᠬᠠᠤᠯᠢ ᠲᠣᠭᠲᠠᠭᠠᠯ ᠠᠴᠠ ᠵᠦᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠭᠰᠡᠨ ᠮᠥᠷᠲᠡᠭᠡᠨ ᠲᠣᠭᠲᠠᠭᠠᠭᠰᠠᠨ ᠬᠤᠭᠤᠴᠠᠭᠠᠨ ᠳᠣᠲᠣᠷ᠎ᠠ ᠵᠠᠯᠠᠷᠠᠭᠤᠯᠵᠤ ᠲᠡᠶᠢᠯᠬᠦ ᠦᠭᠡᠢ ᠪᠣᠯ ︽ᠬᠡᠨ ᠬᠢᠨᠠᠨ ᠬᠠᠮᠢᠶᠠᠷᠪᠠᠯ ᠬᠡᠨ ᠬᠠᠷᠢᠭᠤᠴᠠᠬᠤ︾ ᠵᠠᠷᠴᠢᠮ ᠤᠨ ᠶᠣᠰᠣᠭᠠᠷ ᠰᠠᠶᠢᠲᠤᠷ ᠵᠣᠯᠭᠠᠭᠤᠯᠵᠤ᠂ ᠣᠯᠵᠤ ᠮᠡᠳᠡᠭᠰᠡᠨ ᠬᠠᠤᠯᠢ ᠠᠴᠠ ᠵᠥᠷᠢᠴᠡᠭᠰᠡᠨ ᠰᠦᠪᠡᠭᠴᠢ ᠶᠢ ᠴᠠᠭ ᠲᠤᠬᠠᠶ ᠳᠤᠨᠢ ᠡᠳᠦᠷ ᠲᠤᠲᠤᠮ ᠤᠨ ᠬᠢᠨᠠᠯᠲᠠ ᠲᠠᠯᠪᠢᠬᠤ ᠶᠢ ᠬᠠᠷᠢᠭᠤᠴᠠᠵᠤ ᠪᠠᠶᠢᠭ᠎ᠠ ᠲᠤᠬᠠᠶᠢᠯᠠᠭᠰᠠᠨ ᠠᠵᠢᠯ ᠤᠨ ᠪᠠᠶᠢᠭᠤᠯᠤᠮᠵᠢ ᠳᠤ ᠰᠢᠯᠵᠢᠭᠦᠯᠦᠨ ᠲᠤᠰᠢᠶᠠᠵᠤ ᠥᠷᠬᠦᠯᠵᠢᠯᠡᠨ ᠰᠢᠢᠳᠪᠦᠷᠢᠯᠡᠭᠦᠯᠬᠦ ᠬᠡᠷᠡᠭᠲᠡᠶ᠃ ᠬᠡᠷᠡᠭ ᠪᠣᠯᠭᠠᠨ ᠪᠠᠶᠢᠴᠠᠭᠠᠬᠤ ᠴᠢᠬᠤᠯᠠᠲᠠᠶ ᠪᠠᠶᠢᠪᠠᠯ᠂ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠳᠠᠨ ᠭᠡᠷᠡᠴᠢ ᠪᠠᠷᠢᠮᠲᠠ ᠶᠢ ᠠᠩᠬ᠎ᠠ ᠠᠯᠬᠤᠮ ᠲᠣᠭᠲᠠᠪᠤᠷᠢᠵᠢᠭᠤᠯᠵᠤ  ᠂ ᠬᠡᠷᠡᠭ ᠰᠢᠢᠳᠪᠦᠷᠢᠯᠡᠬᠦ ᠪᠠᠶᠢᠭᠤᠯᠤᠮᠵᠢ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠦᠯᠦᠨ᠎ᠡ᠃ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ ᠴᠠᠭ ᠲᠤᠬᠠᠶ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠬᠦᠯᠦᠨ  ᠬᠦᠷᠭᠡᠵᠦ᠂ ᠬᠢᠨᠠᠯᠲᠠ ᠬᠠᠮᠢᠶᠠᠷᠤᠯᠲᠠ ᠰᠠᠯᠤᠩᠭᠢᠷᠠᠬᠤ ᠶᠢ ᠰᠡᠷᠭᠡᠶᠢᠯᠡᠨ ᠬᠤᠷᠢᠭᠯᠠᠨ᠎ᠠ᠃ ᠥᠷᠬᠦᠯᠵᠢᠯᠡᠨ ᠰᠢᠢᠳᠪᠦᠷᠢᠯᠡᠬᠦ ᠶᠢ ᠵᠠᠷᠴᠢᠮ ᠳᠡᠭᠡᠷ᠎ᠡ ᠪᠠᠨ ᠲᠤᠰ ᠤᠳᠠᠭᠠᠨ ᠤ ᠪᠠᠶᠢᠴᠠᠭᠠᠯᠲᠠ ᠶᠢᠨ ᠡᠭᠦᠷᠭᠡ ᠳᠠᠭᠤᠰᠤᠭᠰᠠᠨ ᠤ ᠭᠤᠷᠪᠠᠨ ᠰᠠᠷ᠎ᠠ ᠶᠢᠨ ᠳᠣᠲᠣᠷ᠎ᠠ ᠳᠠᠭᠤᠰᠬᠠᠬᠤ ᠶᠢᠨ ᠬᠠᠮᠲᠤ ᠥᠷᠬᠦᠯᠵᠢᠯᠡᠬᠦ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠦᠭᠰᠡᠨ ᠤ ᠳᠠᠷᠠᠭ᠎ᠠ 20 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠭᠰᠡᠨ ᠪᠠᠶᠢᠳᠠᠯ ᠢᠶᠠᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠲᠡᠮᠳᠡᠭᠯᠡᠵᠦ ᠣᠷᠣᠭᠤᠯᠬᠤ ᠬᠡᠷᠡᠭᠲᠡᠶ᠃      ︵ᠭᠤᠴᠢᠨ ᠲᠠᠪᠤ︶ ᠰᠤᠭᠤᠴᠢᠨ ᠪᠠᠶᠢᠴᠠᠭᠠᠭᠠᠳ ᠪᠣᠶ ᠪᠣᠯᠤᠭᠰᠠᠨ ᠡᠯ᠎ᠡ ᠲᠥᠷᠥᠯ ᠤᠨ ᠪᠠᠶᠢᠴᠠᠭᠠᠯᠲᠠ ᠶᠢᠨ ᠬᠦᠰᠦᠨᠦᠭᠲᠦ ᠪᠠ ᠪᠠᠶᠢᠴᠠᠭᠠᠬᠤ ᠶᠠᠪᠤᠴᠠ ᠳᠤ ᠴᠤᠭᠯᠠᠭᠤᠯᠤᠭᠰᠠᠨ ᠴᠢᠬᠤᠯᠠ ᠭᠡᠷᠡᠴᠢ ᠮᠠᠲ᠋ᠧᠷᠢᠶᠠᠯ ᠵᠡᠷᠭᠡ ᠶᠢ ᠵᠠᠰᠠᠭ ᠵᠠᠬᠢᠷᠭᠠᠨ ᠤ ᠰᠢᠢᠳᠭᠡᠯ ᠲᠣᠷᠭᠠᠭᠤᠯᠢ ᠶᠢᠨ ᠬᠡᠷᠡᠭ ᠤᠨ ᠡᠪᠬᠡᠮᠡᠯ ᠤᠨ ᠦᠯᠢᠭᠡᠷ ᠵᠠᠭᠪᠤᠷ ᠢᠶᠠᠷ ᠯᠠᠪᠯᠠᠯᠲᠠ ᠪᠣᠯᠭᠠᠨ ᠡᠮᠬᠢᠯᠡᠵᠦ ᠰᠤᠭᠤᠴᠢᠨ ᠪᠠᠶᠢᠴᠠᠭᠠᠭᠰᠠᠨ ᠡᠪᠬᠡᠮᠡᠯ ᠪᠣᠯᠭᠠᠨ ᠦᠳᠡᠵᠦ᠂ ᠡᠯ᠎ᠡ ᠣᠷᠣᠯᠴᠠᠭᠰᠠᠨ ᠰᠠᠯᠠᠭ᠎ᠠ ᠮᠥᠴᠢᠷ ᠠᠴᠠ ᠲᠣᠰ ᠲᠣᠰ ᠲᠠᠩᠰᠠ ᠡᠪᠬᠡᠮᠡᠯ ᠳᠤ ᠣᠷᠣᠭᠤᠯᠤᠨ ᠣᠷᠳᠣ ᠬᠤᠭᠤᠴᠠᠭ᠎ᠠ ᠪᠠᠷ ᠬᠠᠳᠠᠭᠠᠯᠠᠨ᠎ᠠ᠃ ᠭᠡᠷᠡᠯ ᠵᠢᠷᠤᠭ ᠪᠢᠴᠢᠯᠭᠡ ᠠᠪᠬᠤ ᠵᠡᠷᠭᠡ ᠬᠡᠯᠪᠡᠷᠢ ᠪᠠᠷ ᠳᠠᠮᠵᠢᠨ ᠪᠦᠷᠢᠯᠳᠦᠭᠰᠡᠨ ᠡᠯᠧᠺᠲᠷᠣᠨ ᠲᠤᠭ᠎ᠠ ᠪᠠᠷᠢᠮᠲᠠ ᠶᠢ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠭᠠᠷᠭᠠᠬᠤ ᠶᠢᠨ ᠬᠠᠮᠲᠤ ᠲᠠᠷᠤᠮᠠᠯᠯᠠᠨ ᠳᠠᠩᠰᠠ ᠡᠪᠬᠡᠮᠡᠯ ᠳᠤ ᠤᠷᠤᠭᠤᠯᠬᠤ ᠮᠠᠲ᠋ᠧᠷᠢᠶᠠᠯ ᠪᠣᠯᠭᠠᠬᠤ ᠪᠤᠶᠤ ᠡᠰᠡᠬᠦᠯ᠎ᠡ ᠡᠯᠧᠺᠲᠷᠣᠨ ᠳᠠᠩᠰᠠ ᠡᠪᠬᠡᠮᠡᠯ ᠢ ᠳᠠᠩᠰᠠ ᠡᠪᠬᠡᠮᠡᠯ ᠳᠤ  ᠤᠷᠤᠭᠤᠯᠬᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠵᠦ ᠪᠤᠯᠤᠨ᠎ᠠ᠃ ᠪᠣᠳᠠᠲᠠᠶ ᠳᠠᠩᠰᠠ ᠡᠪᠬᠡᠮᠡᠯ ᠳᠤ ᠤᠷᠤᠭᠤᠯᠵᠤ ᠬᠠᠳᠠᠭᠠᠯᠠᠬᠤ ᠠᠷᠭ᠎ᠠ ᠮᠠᠶ᠋ᠢᠭ ᠢ ᠡᠯ᠎ᠡ ᠣᠷᠣᠯᠴᠠᠭᠰᠠᠨ ᠰᠠᠯᠠᠭ᠎ᠠ ᠮᠦᠴᠢᠷ ᠥᠪᠡᠰᠦᠪᠡᠨ ᠲᠣᠭᠲᠠᠭᠠᠨ᠎ᠠ᠃      ︵ᠭᠤᠴᠢᠨ ᠵᠢᠷᠭᠤᠭ᠎ᠠ︶ ᠰᠠᠯᠠᠭ᠎ᠠ ᠮᠥᠴᠢᠷ ᠤᠳ ᠬᠠᠮᠲᠤᠷᠠᠨ ᠲᠠᠰᠢᠷᠠᠮ ᠢᠶᠠᠷ ᠰᠤᠭᠤᠴᠢᠨ ᠪᠠᠶᠢᠴᠠᠭᠠᠬᠤ ᠡᠭᠦᠷᠭᠡ ᠶᠢ ᠪᠡᠶᠡᠯᠡᠭᠦᠯᠦᠭᠰᠡᠨ ᠤ ᠳᠠᠷᠠᠭ᠎ᠠ᠂ ᠡᠯ᠎ᠡ ᠣᠷᠣᠯᠴᠠᠭᠰᠠᠨ ᠰᠠᠯᠠᠭ᠎ᠠ ᠮᠥᠴᠢᠷ ᠤᠳ 10 ᠠᠵᠢᠯᠯᠠᠬᠤ ᠡᠳᠦᠷ ᠤᠨ ᠳᠣᠲᠣᠷ᠎ᠠ ᠰᠤᠭᠤᠴᠢᠨ ᠪᠠᠶᠢᠴᠠᠭᠠᠭᠰᠠᠨ ᠪᠠᠶᠢᠳᠠᠯ ᠢᠶᠠᠨ ᠬᠤᠷᠢᠶᠠᠩᠭᠤᠶᠢᠯᠠᠵᠤ᠂ ᠰᠤᠭᠤᠴᠢᠨ ᠪᠠᠶᠢᠴᠠᠭᠠᠭᠰᠠᠨ ᠠᠵᠢᠯ ᠤᠨ ᠮᠡᠳᠡᠭᠦᠯᠦᠯᠲᠡ ᠶᠢ ᠪᠦᠷᠢᠯᠳᠦᠬᠦᠯᠵᠦ ᠰᠠᠨᠠᠭᠠᠴᠢᠯᠠᠭᠰᠠᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ ᠰᠠᠨᠠᠭᠠᠴᠢᠯᠠᠭᠰᠠᠨ ᠰᠠᠯᠠᠭ᠎ᠠ ᠮᠥᠴᠢᠷ ᠡᠯ᠎ᠡ ᠰᠠᠯᠠᠭ᠎ᠠ ᠮᠥᠴᠢᠷ ᠤᠨ ᠬᠤᠷᠢᠶᠠᠩᠭᠤᠶᠢᠯᠠᠭᠰᠠᠨ ᠪᠠᠶᠢᠳᠠᠯ ᠢ ᠦᠨᠳᠦᠰᠦᠯᠡᠵᠦ᠂ ᠬᠠᠮᠲᠤᠷᠠᠨ ᠰᠤᠭᠤᠴᠢᠨ ᠪᠠᠶᠢᠴᠠᠭᠠᠭᠰᠠᠨ ᠶᠡᠷᠦᠩᠬᠡᠶ  ᠪᠠᠶᠢᠳᠠᠯ ᠤᠨ ᠮᠡᠳᠡᠭᠦᠯᠦᠯᠲᠡ ᠶᠢ ᠪᠤᠢ ᠪᠣᠯᠭᠠᠬᠤ ᠬᠡᠷᠡᠭᠲᠡᠶ᠃ ᠬᠠᠮᠲᠤᠷᠠᠨ ᠰᠤᠭᠤᠴᠢᠨ ᠪᠠᠶᠢᠴᠠᠭᠠᠬᠤ ᠪᠠᠷ ᠳᠠᠮᠵᠢᠨ ᠣᠷᠣᠨ ᠪᠦᠰᠡ ᠶᠢᠨ ᠴᠢᠨᠠᠷᠲᠠᠶ᠂ ᠠᠵᠢᠯ ᠲᠥᠷᠥᠯ ᠤᠨ ᠴᠢᠨᠠᠷᠲᠠᠶ ᠲᠦᠭᠰᠢᠭᠦᠷᠢ ᠶᠢᠨ ᠳᠠᠯᠳᠠ ᠭᠡᠮ ᠤᠨ ᠠᠰᠠᠭᠤᠳᠠᠯ ᠢ ᠣᠯᠵᠤ ᠮᠡᠳᠡᠭᠰᠡᠨ ᠪᠠᠶᠢᠪᠠᠯ᠂ ᠵᠠᠰᠠᠭ ᠤᠨ ᠣᠷᠳᠣᠨ ᠳᠤ ᠬᠠᠮᠢᠶ᠎ᠠ ᠪᠦᠬᠦᠢ ᠪᠠᠶᠢᠳᠠᠯ ᠢ ᠦᠨᠡᠨ ᠮᠥᠨ ᠢᠶᠠᠷ ᠨᠢ ᠮᠡᠳᠡᠭᠦᠯᠵᠦ᠂ ᠠᠰᠠᠭᠤᠳᠠᠯ ᠢ ᠵᠠᠳᠠᠯᠤᠨ᠂ ᠠᠷᠭᠠᠴᠠᠭᠠᠬᠤ ᠪᠤᠳᠤᠯᠭ᠎ᠠ ᠳᠤᠷᠠᠳᠴᠤ᠂ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠳᠤ ᠬᠦᠴᠦᠲᠡᠢ ᠯᠠᠪᠯᠠᠯᠲᠠ ᠬᠠᠩᠭᠠᠬᠤ ᠬᠡᠷᠡᠭᠲᠡᠶ᠃      ᠶᠢᠰᠦ᠂ ᠬᠢᠨᠠᠯᠲᠠ ᠲᠠᠯᠪᠢᠵᠤ ᠰᠢᠯᠭᠠᠨ ᠦᠨᠡᠯᠡᠬᠦ      ︵ᠭᠤᠴᠢᠨ ᠳᠣᠯᠤᠭ᠎ᠠ︶ ᠪᠠᠶᠢᠴᠠᠭᠠᠬᠤ ᠡᠲᠡᠭᠡᠳ ᠨᠢ ᠬᠠᠤᠯᠢ ᠶᠣᠰᠣᠭᠠᠷ ᠦᠢᠯᠡᠳᠪᠦᠷᠢᠯᠡᠯ ᠡᠵᠡᠩᠨᠡᠯᠲᠡ ᠶᠢᠨ  ᠠᠵᠢᠯᠯᠠᠭ᠎ᠠ ᠳᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠪᠠᠶᠢᠴᠠᠭᠠᠯᠲᠠ ᠳᠤ ᠬᠠᠮᠵᠢᠯᠴᠠᠨ ᠬᠤᠯᠪᠤᠭᠳᠠᠯ ᠪᠦᠬᠦᠢ ᠠᠵᠢᠯᠯᠠᠭ᠎ᠠ ᠶᠢ ᠬᠡᠷᠡᠭᠵᠢᠬᠦᠯᠵᠦ᠂ ᠬᠤᠯᠪᠤᠭᠳᠠᠯ ᠪᠦᠬᠦᠢ ᠮᠠᠲ᠋ᠧᠷᠢᠶᠠᠯ  ᠢ ᠦᠨᠡᠨ ᠮᠦᠨ ᠢᠶᠠᠷ ᠨᠢ ᠬᠠᠩᠭᠠᠬᠤ ᠶᠢᠨ ᠬᠠᠮᠲᠤ ᠪᠠᠶᠢᠴᠠᠭᠠᠬᠤ ᠦᠶ᠎ᠡ ᠳᠤ ᠠᠰᠠᠭᠤᠳᠠᠯ ᠢ ᠣᠯᠵᠤ ᠮᠡᠳᠡᠭᠰᠡᠨ ᠦᠭᠡᠢ ᠪᠠᠷ ᠰᠢᠯᠲᠠᠭ ᠪᠣᠯᠭᠠᠵᠤ ᠬᠠᠷᠠᠭᠠᠯᠵᠠᠭᠰᠠᠨ ᠬᠠᠤᠯᠢ ᠴᠠᠭᠠᠵᠠ ᠶᠢᠨ ᠬᠠᠷᠢᠭᠤᠴᠠᠯᠭ᠎ᠠ ᠠᠴᠠ ᠵᠠᠶᠢᠯᠠᠬᠤ ᠪᠤᠶᠤ ᠭᠤᠷᠪᠠᠳᠡᠬᠢ ᠡᠲᠡᠭᠡᠳ ᠲᠠᠢ ᠡᠰᠡᠷᠭᠦᠴᠡᠯᠳᠦᠵᠦ ᠪᠣᠯᠬᠤ ᠦᠭᠡᠢ᠃      ︵ᠭᠤᠴᠢᠨ ᠨᠠᠢᠮᠠ︶ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠲᠠᠨ ᠬᠡᠷᠡᠭᠵᠢᠬᠦᠯᠦᠭᠰᠡᠨ ᠪᠠᠶᠢᠴᠠᠭᠠᠬᠤ ᠡᠭᠦᠷᠭᠡ ᠳᠤ ᠪᠠᠨ ᠬᠠᠷᠢᠭᠤᠴᠠᠨ᠎ᠠ᠂ ᠪᠣᠳᠠᠲᠠᠢ ᠪᠠᠶᠢᠴᠠᠭᠠᠬᠤ ᠵᠦᠢᠯᠡᠰ ᠪᠠ ᠠᠭᠤᠯᠭ᠎ᠠ᠂ ᠭᠠᠷᠭᠠᠵᠤ ᠠᠪᠤᠭᠰᠠᠨ ᠦᠢᠯᠡᠳᠬᠦᠨ ︵ᠦᠯᠡᠳᠡᠭᠡᠭᠰᠡᠨ ᠦᠯᠢᠭᠡᠷ ᠬᠡᠪ᠂ ᠲᠠᠸᠠᠷ︶᠂ ᠭᠠᠷᠭᠠᠵᠤ ᠠᠪᠤᠭᠰᠠᠨ ᠭᠡᠷᠡᠴᠢ ᠮᠠᠲ᠋ᠧᠷᠢᠶᠠᠯ᠂ ᠦᠢᠯᠡᠳᠦᠭᠰᠡᠨ ᠲᠤᠬᠠᠢ ᠶᠢᠨ ᠲᠠᠯᠠᠪᠤᠷ ᠤᠨ ᠲᠡᠮᠳᠡᠭᠯᠡᠯ᠂ ᠪᠦᠷᠢᠯᠳᠦᠭᠰᠡᠨ ᠪᠠᠶᠢᠴᠠᠭᠠᠯᠲᠠ ᠶᠢᠨ ᠦᠷ᠎ᠡ ᠳ᠋ᠦᠩ ᠵᠡᠷᠭᠡ ᠪᠠᠭᠲᠠᠨ᠎ᠠ᠃      ︵ᠭᠤᠴᠢ ᠶᠢᠰᠦ︶ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤ ᠰᠠᠯᠠᠭ᠎ᠠ ᠮᠦᠴᠢᠷ ᠤᠳ  ᠬᠠᠮᠲᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ ᠬᠡᠷᠡᠭᠵᠢᠬᠦᠯᠦᠭᠰᠡᠨ ᠪᠠᠶᠢᠳᠠᠯ ᠢ ᠣᠨ ᠤ ᠠᠵᠢᠯ ᠤᠨ ᠬᠠᠷᠠᠯᠲᠠ ᠶᠢ ᠬᠢᠨᠠᠨ ᠰᠢᠯᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠬᠡᠪᠴᠢᠶᠡᠨ ᠳᠤ ᠣᠷᠣᠭᠤᠯᠬᠤ ᠬᠡᠷᠡᠭᠲᠡᠶ᠃ ᠳᠡᠭᠡᠳᠦ ᠱᠠᠲᠤᠨ ᠤ ᠰᠠᠯᠠᠭ᠎ᠠ ᠮᠥᠴᠢᠷ ᠵᠢᠭᠠᠨ ᠵᠢᠯᠣᠭᠤᠳᠴᠤ ᠬᠠᠮᠢᠶᠠᠷᠬᠤ ᠪᠠᠨ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ ᠪᠠ ᠬᠦᠴᠦᠨ ᠴᠢᠳᠠᠪᠤᠷᠢ ᠶᠢ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠬᠤ ᠬᠡᠷᠡᠭᠲᠡᠶ᠃      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠢ ᠬᠢᠨᠠᠨ ᠰᠢᠯᠭᠠᠬᠤ ᠳᠤ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠤᠨ ᠲᠤᠭ᠎ᠠ ᠪᠠᠷᠢᠮᠲᠠ ᠶᠢᠨ ᠪᠠᠶᠢᠳᠠᠯ ᠢᠶᠠᠷ ᠰᠠᠭᠤᠷᠢ ᠪᠠᠷᠢᠮᠵᠢᠶ᠎ᠠ ᠪᠣᠯᠭᠠᠵᠤ᠂ ᠲᠤᠭ᠎ᠠ ᠪᠠᠷᠢᠮᠲᠠ ᠳᠤ ᠪᠢᠴᠢᠵᠦ ᠣᠷᠣᠭᠤᠯᠤᠭᠰᠠᠨ ᠦᠭᠡᠢ ᠪᠤᠶᠤ ᠴᠠᠭ ᠲᠤᠬᠠᠶ ᠳᠤᠨᠢ ᠪᠢᠴᠢᠵᠦ ᠣᠷᠣᠭᠤᠯᠤᠭᠰᠠᠨ ᠦᠭᠡᠢ ᠪᠣᠯ᠂ ᠬᠠᠷᠠᠭᠠᠯᠵᠠᠭᠰᠠᠨ ᠰᠤᠭᠤᠴᠢᠨ ᠪᠠᠶᠢᠴᠠᠭᠠᠵᠤ ᠬᠢᠨᠠᠨ ᠬᠠᠮᠢᠶᠠᠷᠬᠤ ᠠᠵᠢᠯ ᠢ ᠥᠷᠨᠢᠭᠦᠯᠦᠭᠰᠡᠨ ᠦᠭᠡᠢ ᠪᠤᠶᠤ  ᠪᠡᠶᠡᠯᠡᠭᠦᠯᠦᠭᠰᠡᠨ ᠦᠭᠡᠢ ᠪᠠᠷ ᠦᠵᠡᠨ᠎ᠡ᠃ ᠲᠤᠭ᠎ᠠ ᠪᠠᠷᠢᠮᠲᠠ ᠨᠢ ᠪᠣᠳᠠᠲᠤ ᠪᠠᠶᠢᠳᠠᠯ ᠲᠠᠢ ᠵᠥᠷᠢᠶ᠎ᠡ ᠲᠠᠢ ᠪᠠᠶᠢᠪᠠᠯ᠂ ᠴᠠᠭ ᠲᠤᠬᠠᠶ ᠳᠤᠨᠢ ᠲᠤᠰᠬᠠᠵᠤ ᠵᠠᠯᠠᠷᠠᠭᠤᠯᠬᠤ ᠬᠡᠷᠡᠭᠲᠡᠶ᠃      ︵ᠳᠥᠴᠢ︶ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠳᠤ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠬᠡᠷᠡᠭᠵᠢᠬᠦᠯᠵᠦ᠂ ᠪᠠᠶᠢᠴᠠᠭᠠᠬᠤ ᠡᠲᠡᠭᠡᠳ ᠤᠨ ᠬᠡᠪ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠷᠰᠢᠯᠠᠵᠤ ᠪᠣᠯᠬᠤ ᠤᠢᠭᠡᠢ᠃ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠲᠠᠨ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ᠂ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠪᠠᠯ ᠰᠠᠶᠢᠰᠢᠶᠠᠨ ᠵᠣᠷᠢᠭᠵᠢᠭᠤᠯᠬᠤ ᠬᠡᠷᠡᠭᠲᠡᠶ︔ ᠰᠤᠭᠤᠴᠢᠨ ᠪᠠᠶᠢᠴᠠᠭᠠᠬᠤ ᠠᠵᠢᠯ ᠢ ᠬᠦᠢᠴᠡᠳᠭᠡᠭᠰᠡᠨ ᠥᠬᠡᠶ᠂ ᠵᠦᠶ ᠵᠣᠬᠢᠰ ᠥᠬᠡᠶ ᠬᠦᠢᠴᠡᠳᠭᠡᠭᠰᠡᠨ ᠪᠤᠶᠤ ᠬᠠᠤᠯᠢ ᠶᠢ ᠵᠥᠷᠢᠴᠡᠨ ᠭᠦᠢᠴᠡᠳᠭᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠭᠡᠬᠦ ᠬᠡᠷᠡᠭᠲᠡᠶ᠃ ᠶᠠᠯ᠎ᠠ ᠳᠤ ᠬᠦᠷᠦᠭᠰᠡᠨ ᠰᠡᠵᠢᠭᠯᠡᠯᠲᠡᠢ ᠪᠣᠯ ᠬᠠᠮᠢᠶ᠎ᠠ ᠪᠦᠬᠦᠢ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭᠠᠷ ᠰᠢᠢᠳᠪᠦᠷᠢᠯᠡᠭᠦᠯᠬᠦ ᠬᠡᠷᠡᠭᠲᠡᠶ᠃      ︵ᠳᠥᠴᠢᠨ ᠨᠢᠭᠡ︶ ︽ᠲᠤᠰᠢᠶᠠᠯ ᠢᠶᠠᠨ ᠬᠦᠢᠴᠡᠳᠭᠡᠭᠰᠡᠨ ᠢ ᠬᠠᠭᠤᠳᠠᠰᠤ ᠶᠣᠰᠣᠭᠠᠷ ᠬᠠᠷᠢᠭᠤᠴᠠᠯᠭ᠎ᠠ ᠠᠴᠠ ᠬᠡᠯᠲᠦᠷᠢᠭᠦᠯᠬᠦ᠂ ᠲᠤᠰᠢᠶᠠᠯ ᠳᠤ ᠪᠠᠨ ᠤᠰᠤᠯᠳᠠᠭᠰᠠᠨ ᠢ ᠬᠠᠭᠤᠳᠠᠰᠤ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠳ ᠨᠤᠲᠤᠭ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃      ᠱᠠᠭᠠᠷᠳᠠᠯᠭ᠎ᠠ ᠶᠣᠰᠣᠭᠠᠷ ᠰᠤᠭᠤᠴᠢᠨ ᠪᠠᠶᠢᠴᠠᠭᠠᠯᠲᠠ ᠬᠢᠭᠰᠡᠨ ᠦᠭᠡᠢ ᠠᠴᠠ ᠪᠣᠯᠵᠤ ᠮᠠᠭᠤ ᠦᠷ᠎ᠡ ᠳ᠋ᠦᠩ ᠭᠠᠷᠭᠠᠭᠰᠠᠨ᠂ ᠰᠤᠭᠤᠴᠢᠨ ᠪᠠᠶᠢᠴᠠᠭᠠᠯᠲᠠ ᠬᠢᠭᠰᠡᠨ ᠦᠷ᠎ᠡ ᠳ᠋ᠦᠩ ᠢ ᠬᠠᠤᠯᠢ ᠶᠣᠰᠣᠭᠠᠷ ᠴᠠᠭ ᠲᠤᠬᠠᠶ ᠳᠤᠨᠢ ᠵᠠᠷᠯᠠᠨ ᠨᠡᠶᠢᠳᠡᠯᠡᠭᠰᠡᠨ ᠦᠭᠡᠢ ᠠᠴᠠ ᠪᠣᠯᠵᠤ ᠮᠠᠭᠤ ᠦᠷ᠎ᠡ ᠳ᠋ᠦᠩ ᠭᠠᠷᠭᠠᠭᠰᠠᠨ᠂ ᠰᠤᠭᠤᠴᠢᠨ ᠪᠠᠶᠢᠴᠠᠭᠠᠬᠤ ᠡᠭᠦᠷᠭᠡ ᠶᠢ ᠬᠦᠢᠴᠡᠳᠭᠡᠭᠰᠡᠨ ᠦᠭᠡᠢ ᠪᠤᠶᠤ ᠬᠤᠶᠢᠰᠢᠯᠠᠭᠤᠯᠤᠨ ᠬᠦᠢᠴᠡᠳᠭᠡᠭᠰᠡᠨ᠂ ᠰᠤᠭᠤᠴᠢᠨ ᠪᠠᠶᠢᠴᠠᠭᠠᠯᠲᠠ ᠳᠤᠮᠳᠠ ᠣᠯᠵᠤ ᠮᠡᠳᠡᠭᠰᠡᠨ ᠶᠠᠯ᠎ᠠ ᠳᠤ ᠬᠦᠷᠦᠭᠰᠡᠨ ᠰᠡᠵᠢᠭᠯᠡᠯᠲᠡᠶ ᠬᠡᠷᠡᠭ ᠢ ᠬᠠᠤᠯᠢ ᠶᠣᠰᠣᠭᠠᠷ ᠰᠢᠯᠵᠢᠭᠦᠯᠦᠨ ᠬᠦᠷᠭᠡᠭᠰᠡᠨ ᠦᠭᠡᠢ ᠵᠡᠷᠭᠡ ᠪᠠᠶᠢᠳᠠᠯ ᠳᠤ ᠬᠠᠷᠠᠭᠠᠯᠵᠠᠭᠰᠠᠨ ᠵᠠᠰᠠᠭ ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠨ᠎ᠡ᠃      ᠨᠢᠭᠡᠨᠲᠡ ᠬᠤᠯᠪᠤᠭᠳᠠᠯ ᠪᠦᠬᠦᠢ ᠲᠣᠭᠲᠠᠭᠠᠯ ᠪᠠ ᠰᠤᠭᠤᠴᠢᠨ ᠪᠠᠶᠢᠴᠠᠭᠠᠬᠤ ᠲᠥᠯᠥᠪᠯᠡᠭᠡ ᠶᠢᠨ ᠲᠤᠬᠢᠷᠠᠭᠤᠯᠤᠯᠲᠠ ᠶᠣᠰᠣᠭᠠᠷ ᠰᠤᠭᠤᠴᠢᠨ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ᠂ ᠣᠳᠣ ᠶᠢᠨ ᠪᠠᠶᠢᠭ᠎ᠠ ᠲᠤᠰᠬᠠᠶ ᠮᠡᠷᠭᠡᠵᠢᠯ ᠤᠨ ᠠᠷᠭ᠎ᠠ ᠪᠠᠷᠢᠯ ᠤᠨ ᠬᠢᠵᠠᠭᠠᠷᠯᠠᠯ ᠠᠴᠠ ᠪᠣᠯᠵᠤ ᠠᠰᠠᠭᠤᠳᠠᠯ ᠢ ᠣᠯᠵᠤ ᠮᠡᠳᠡᠭᠰᠡᠨ ᠦᠭᠡᠢ᠂ ᠪᠠᠶᠢᠴᠠᠭᠠᠬᠤ ᠡᠳᠡᠭᠡᠳ ᠠᠳᠡᠯ ᠭᠠᠷᠤᠭᠰᠠᠨ ᠨᠢ ᠬᠠᠤᠯᠢ ᠬᠡᠷᠡᠭᠵᠢᠬᠦᠯᠬᠦ ᠪᠠᠶᠢᠴᠠᠭᠠᠬᠤ ᠠᠵᠢᠯᠲᠠᠨ ᠤ ᠰᠤᠭᠤᠴᠢᠨ ᠪᠠᠶᠢᠴᠠᠭᠠᠯᠲᠠ ᠯᠤᠭ᠎ᠠ ᠰᠢᠯᠲᠠᠭᠠᠨ ᠦᠷ᠎ᠡ ᠳ᠋ᠦᠩ ᠤᠨ ᠬᠠᠷᠢᠴᠠᠭ᠎ᠠ ᠣᠷᠣᠰᠢᠬᠤ ᠦᠭᠡᠢ᠂ ᠨᠠᠶᠢᠳᠠᠯᠭ᠎ᠠ ᠬᠦᠯᠢᠶᠡᠭᠰᠡᠨ ᠲᠤᠰᠬᠠᠶ ᠪᠠᠶᠢᠭᠤᠯᠤᠮᠵᠢ ᠶᠢᠨ ᠬᠤᠳᠠᠯ ᠬᠠᠭᠤᠷᠮᠠᠭ ᠮᠡᠳᠡᠭᠦᠯᠦᠯᠲᠡ ᠭᠠᠷᠭᠠᠭᠰᠠᠨ ᠵᠡᠷᠭᠡ ᠠᠴᠠ ᠪᠣᠯᠵᠤ ᠪᠤᠷᠤᠭᠤ  ᠮᠠᠭᠠᠳᠯᠠᠭᠰᠠᠨ ᠪᠤᠶᠤ ᠰᠢᠢᠳᠪᠦᠷᠢᠯᠡᠭᠰᠡᠨ ᠵᠡᠷᠭᠡ ᠪᠠᠶᠢᠳᠠᠯ ᠳᠤ᠂ ᠬᠤᠯᠪᠤᠭᠳᠠᠯ ᠪᠦᠬᠦᠢ ᠬᠠᠷᠢᠭᠤᠴᠠᠯᠭ᠎ᠠ ᠶᠢ ᠨᠡᠬᠡᠮᠵᠢᠯᠡᠬᠦ ᠠᠴᠠ ᠬᠡᠯᠲᠦᠷᠢᠭᠦᠯᠦᠨ᠎ᠡ᠃      ᠠᠷᠪᠠ᠂ ᠳᠠᠭᠠᠯᠳᠤᠭᠤᠯᠤᠯ      ︵ᠳᠥᠴᠢᠨ ᠬᠤᠶᠠᠷ︶ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠣᠷᠣᠭᠤᠯᠤᠨ ᠪᠠᠳᠤᠯᠠᠵᠤ᠂ ᠡᠭᠦᠨ ᠳᠤ ᠲᠤᠰᠬᠠᠶ ᠲᠦᠷᠦᠯ ᠤᠨ ᠬᠢᠨᠠᠨ ᠪᠣᠳᠣᠬᠤ᠂ ᠪᠠᠶᠢᠴᠠᠭᠠᠨ ᠰᠢᠯᠭᠠᠬᠤ ᠵᠡᠷᠭᠡ ᠳᠤ ᠬᠤᠯᠪᠤᠭᠳᠠᠬᠤ ᠵᠠᠷᠤᠳᠠᠯ ᠳᠤ ᠲᠤᠰᠬᠠᠶ ᠲᠦᠷᠦᠯ ᠵᠦᠢᠯ ᠤᠨ ᠲᠥᠰᠦᠪ ᠤᠨ ᠵᠠᠷᠤᠯᠭ᠎ᠠ ᠲᠣᠬᠢᠷᠠᠭᠤᠯᠵᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠮᠢᠶᠠᠷᠤᠯᠲᠠ ᠳᠤ ᠣᠷᠣᠭᠤᠯᠤᠨ᠎ᠠ᠃ ᠬᠠᠤᠯᠢ ᠬᠡᠷᠡᠭᠵᠢᠭᠦᠯᠬᠦ ᠲᠡᠷᠭᠡ ᠬᠥᠰᠬᠡ᠂ ᠬᠠᠤᠯᠢ ᠬᠡᠷᠡᠭᠵᠢᠭᠦᠯᠬᠦ ᠰᠢᠯᠵᠢᠮᠡᠯ ᠲᠥᠬᠦᠭᠡᠷᠦᠮᠵᠢ᠂ ᠨᠡᠮᠡᠭᠦᠷᠢ ᠨᠥᠬᠦᠪᠥᠷᠢ ᠵᠡᠷᠭᠡ ᠵᠦᠢᠯᠡᠰ ᠲᠤ ᠬᠤᠯᠪᠣᠭᠳᠠᠭᠰᠠᠨ ᠢ ᠲᠤᠬᠠᠶ ᠶᠢᠨ ᠭᠠᠵᠠᠷ ᠤᠨ ᠵᠠᠰᠠᠭ ᠤᠨ ᠣᠷᠳᠣᠨ ᠤ ᠲᠣᠭᠲᠠᠭᠠᠯ ᠪᠣᠯᠤᠨ ᠳᠡᠰ ᠳᠠᠷᠠᠭᠠᠯᠠᠯ ᠤᠨ ᠶᠣᠰᠣᠭᠠᠷ  ᠭᠦᠢᠴᠡᠳᠭᠡᠵᠦ᠂ ᠠᠳᠠᠯᠢ ᠪᠠᠶᠢᠳᠠᠯ ᠳᠣᠤᠷ᠎ᠠ ᠤᠷᠢᠳᠠᠪᠡᠷ ᠪᠠᠲᠤᠯᠠᠬᠤ ᠬᠡᠷᠡᠭᠲᠡᠶ᠃      ︵ᠳᠥᠴᠢᠨ ᠭᠤᠷᠪᠠ︶ ᠲᠣᠰ ᠨᠠᠷᠢᠨ ᠳᠦᠷᠢᠮ ᠢ ᠪᠦᠬᠦ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠭᠡᠷ ᠠᠴᠠ ᠬᠠᠷᠢᠭᠤᠴᠠᠨ ᠲᠠᠶᠢᠯᠪᠤᠷᠢᠯᠠᠵᠤ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ︵ᠳᠥᠴᠢᠨ ᠳᠥᠷᠪᠡ︶ ᠡᠯ᠎ᠡ ᠬᠤᠰᠢᠭᠤ ᠰᠢᠶᠠᠨ ᠲᠣᠭᠤᠷᠢᠭ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠤᠭᠤᠷᠢᠭ ᠲᠤᠰ ᠨᠠᠷᠢᠨ ᠳᠦᠷᠢᠮ ᠤᠨ ᠱᠠᠭᠠᠷᠳᠠᠯᠭ᠎ᠠ ᠶᠣᠰᠣᠭᠠᠷ᠂ ᠲᠣᠰ ᠲᠣᠰ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠭᠠᠵᠠᠷ ᠣᠷᠣᠨ ᠤ ᠪᠠᠨ ᠰᠠᠯᠠᠭ᠎ᠠ ᠮᠥᠴᠢᠷ ᠤᠳ ᠤᠨ ᠬᠠᠮᠳᠤᠷᠠᠭᠰᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠳᠤ ᠨᠠᠷᠢᠯᠢᠭᠵᠢᠭᠤᠯᠤᠭᠰᠠᠨ ᠲᠣᠭᠲᠠᠭᠠᠯ ᠭᠠᠷᠭᠠᠬᠤ ᠬᠡᠷᠡᠭᠲᠡᠢ᠃      ︵ᠳᠥᠴᠢᠨ ᠲᠠᠪᠤ︶ ᠲᠣᠰ ᠨᠠᠷᠢᠨ ᠳᠦᠷᠢᠮ ᠢ ᠨᠡᠶᠢᠲᠡᠯᠡᠭᠰᠡᠨ ᠤ ᠳᠠᠷᠠᠭ᠎ᠠ᠂ ᠳᠡᠭᠡᠳᠦ ᠱᠠᠲᠤᠨ ᠤ ᠰᠠᠯᠠᠭ᠎ᠠ ᠮᠥᠴᠢᠷ ᠠᠴᠠ ᠰᠠᠯᠠᠭ᠎ᠠ ᠮᠥᠴᠢᠷ ᠤᠳ ᠬᠠᠮᠳᠤᠷᠠᠨ ︽ᠬᠤᠶᠠᠷ ᠢ ᠰᠤᠭᠤᠴᠢᠵᠤ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠬᠤᠯᠪᠤᠭᠳᠠᠯ ᠪᠥᠬᠦᠶ ᠵᠦᠢᠯᠡᠰ ᠲᠤ ᠠᠰᠲᠠᠭᠠᠨ ᠠᠳᠠᠯᠢ ᠪᠤᠰᠤ ᠲᠣᠭᠲᠠᠭᠠᠯ ᠲᠠᠢ ᠪᠠᠶᠢᠪᠠᠯ᠂ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ ᠬᠡᠷᠡᠭᠵᠢᠬᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ