︽ᠬᠥᠬᠡᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2020/12/1
             ᠬᠥᠬᠡᠬᠤᠲᠠ ᠵᠠᠰᠠᠭ ᠲᠠᠷᠬᠠᠭᠠᠭᠰᠠᠨ ﹇2020﹈ 14 ᠳ᠋ᠦ᠋ᠭᠡᠷ  ᠲᠣᠭᠠᠲᠤ              2020 ᠣᠨ ᠤ 7 ᠳ᠋ᠤᠭᠠᠷ ᠰᠠᠷ᠎ᠠ ᠶᠢᠨ 3 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠠᠮᠢᠶ᠎ᠠ ᠪᠦᠬᠦᠢ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ᠄      ᠡᠲᠦᠭᠡ ︽ᠬᠥᠬᠡᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃ ᠬᠥᠬᠡᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ      ︽ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ ︵ᠲᠥᠷᠥ ᠲᠠᠷᠬᠠᠭᠠᠭᠰᠠᠨ ﹇2017﹈ 49 ᠳ᠋ᠦ᠋ᠭᠡᠷ ᠲᠣᠭᠠᠲᠤ︶ ᠪᠠ ︽ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠬᠦ ᠲᠤᠬᠠᠢ ᠡᠳ᠋ ᠤᠨ ᠵᠠᠰᠠᠭ ᠤᠨ ᠶᠠᠮᠤᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠶᠠᠮᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠲᠡᠮᠳᠡᠭᠳᠤ ᠶᠢᠨ ᠬᠢᠨᠠᠯᠳᠠ ᠬᠠᠮᠢᠶᠠᠷᠤᠯᠳᠠ ᠶᠢᠨ ᠵᠦᠪᠯᠡᠯ ᠤᠨ ᠮᠡᠳᠡᠭᠳᠡᠯ︾  ︵ᠡᠳ᠋ ᠬᠥᠷᠥᠩᠭᠡ ﹇2019﹈ 49 ᠳ᠋ᠦ᠋ᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠬᠡᠷᠡᠭᠵᠢᠭᠦᠯᠬᠦ ᠲᠥᠰᠥᠯ ︾ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ︵ᠥᠪᠥᠷ ᠵᠠᠰᠠᠭ ᠲᠠᠷᠬᠠᠭᠠᠭᠰᠠᠨ ﹇2019﹈ 22 ᠳ᠋ᠤᠭᠠᠷ ᠲᠣᠭᠠᠲᠤ︶ ᠢ ᠦᠨᠳᠦᠰᠦᠯᠡᠨ᠂ ᠮᠠᠨ ᠤ ᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠠᠵᠢᠯ ᠢ ᠦᠨᠡᠨᠬᠦ ᠰᠠᠶᠢᠨ ᠬᠢᠬᠦ ᠶᠢᠨ ᠲᠥᠯᠥᠭᠡ᠂ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ ᠲᠤᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ     ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ ᠶᠣᠰᠣᠭᠠᠷ ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠬᠤ ᠶᠢᠨ ᠵᠡᠷᠭᠡᠪᠡᠷ᠂ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠪᠠᠷ ᠳᠠᠮᠵᠢᠭᠤᠯᠤᠨ᠂ ᠠᠷᠠᠳ ᠣᠯᠠᠨ ᠲᠦᠮᠡᠨ ᠳᠤ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠬᠦᠷᠲᠡᠭᠡᠵᠦ᠂ ᠠᠷᠠᠳ ᠤᠨ ᠠᠮᠢᠳᠤᠷᠠᠯ ᠤᠨ ᠪᠣᠶᠠᠨ ᠬᠡᠰᠢᠭ ᠢ ᠨᠡᠮᠡᠭᠳᠡᠭᠦᠯᠦᠨ᠂ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠢ ᠥᠭᠡᠷᠡᠴᠢᠯᠡᠨ ᠰᠠᠶᠢᠵᠢᠷᠠᠭᠤᠯᠵᠤ᠂ ᠦᠶ᠎ᠡ ᠬᠤᠭᠤᠷᠣᠨᠳᠤ ᠶᠢᠨ ᠡᠷᠬᠡ ᠲᠡᠭᠰᠢ ᠶᠢ ᠪᠡᠶᠡᠯᠡᠭᠦᠯᠵᠦ᠂ ᠳᠦᠷᠢᠮ ᠤᠨ ᠦᠷᠭᠦᠯᠵᠢᠯᠡᠬᠦᠶᠢᠴᠡ ᠴᠢᠨᠠᠷ ᠢ ᠴᠢᠩᠭᠠᠳᠬᠠᠵᠤ᠂ ᠴᠢᠨᠡᠭᠡᠯᠢᠭ ᠨᠡᠶᠢᠭᠡᠮ ᠢ  ᠪᠦᠬᠦ ᠲᠠᠯ᠎ᠠ ᠪᠠᠷ  ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠲᠡᠷᠢᠭᠦᠨ ᠤ ᠲᠥᠪ ᠬᠤᠲᠠ ᠶᠢᠨ ᠠᠵᠤ ᠠᠬᠤᠢ ᠶᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠬᠤᠶᠠᠷ᠂ ᠦᠨᠳᠦᠰᠦᠨ ᠵᠠᠷᠴᠢᠮ      ——ᠬᠠᠷᠠᠯᠲᠠ ᠪᠠᠷ ᠵᠢᠯᠣᠭᠤᠳᠤᠭᠤᠯᠬᠤ ᠶᠢ ᠪᠠᠷᠢᠮᠲᠠᠯᠠᠵᠤ᠂  ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠷᠢᠮ ᠤᠨ ᠥᠭᠡᠷᠡᠴᠢᠯᠡᠯᠲᠡ ᠶᠢᠨ ᠬᠠᠷᠠᠯᠲᠠ ᠲᠠᠢ ᠨᠢᠭᠲᠠ ᠤᠶᠠᠯᠳᠤᠭᠤᠯᠤᠨ᠎ᠠ᠃ ᠨᠢᠭᠡᠳᠦᠯᠲᠡᠢ ᠲᠥᠯᠥᠪᠵᠢᠭᠦᠯᠦᠨ ᠪᠦᠭᠦᠳᠡ ᠶᠢ ᠬᠠᠷᠠᠭᠠᠯᠵᠠᠬᠤ ᠶᠢ ᠪᠠᠷᠢᠮᠲᠠᠯᠠᠵᠤ᠂ ᠠᠯᠤᠰ ᠬᠤᠯᠠ ᠶᠢ ᠪᠣᠳᠣᠯᠬᠢᠯᠠᠨ᠂ ᠰᠦᠢᠳᠬᠡᠯ ᠲᠤᠰᠢᠶᠠᠭᠰᠠᠨ ᠬᠤᠭᠤᠴᠠᠭ᠎ᠠ ᠪᠠᠷ ᠦᠵᠡᠬᠦ ᠲᠥᠷᠥ ᠶᠢᠨ ᠪᠣᠳᠣᠯᠭ᠎ᠠ ᠶᠢ ᠬᠡᠷᠡᠭᠵᠢᠬᠦᠯᠦᠭᠰᠡᠨ ᠠᠴᠠ ᠪᠣᠯᠣᠭᠰᠠᠨ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤ ᠶᠢ ᠨᠥᠬᠦᠪᠦᠷᠢᠯᠡᠵᠦ᠂ ᠨᠡᠩ ᠲᠥᠪ ᠭᠤᠣᠯᠴᠢ᠂ ᠬᠠᠮᠲᠤ ᠪᠠᠷ ᠡᠳ᠋ᠯᠡᠬᠦ᠂ ᠨᠡᠩ ᠦᠷᠭᠦᠯᠵᠢᠯᠡᠬᠦᠶᠢᠴᠡ ᠨᠠᠰᠤᠵᠢᠯ ᠤᠨ ᠳᠠᠭᠠᠳᠬᠠᠯ ᠤᠨ ᠳᠦᠷᠢᠮ ᠤᠨ ᠪᠠᠶᠢᠭᠤᠯᠤᠯᠲᠠ ᠶᠢ ᠠᠬᠢᠭᠤᠯᠤᠨ᠎ᠠ᠃      —— ᠰᠢᠰᠲ᠋ᠧᠮ ᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠠᠷᠠᠯᠲᠠ ᠲᠠᠢ ᠨᠢᠭᠲᠠ ᠤᠶᠠᠯᠳᠤᠭᠤᠯᠤᠨ᠎ᠠ᠃ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠬᠦ ᠬᠠᠷᠠᠯᠲᠠ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠳᠤᠲᠠᠭᠰᠠᠨ ᠰᠢᠯᠲᠠᠭᠠᠨ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠣᠳᠣᠬᠠᠨ ᠤ ᠪᠠᠶᠢᠳᠠᠯ ᠪᠣᠯᠣᠨ ᠠᠵᠤ ᠠᠬᠤᠶᠢᠯᠠᠯ ᠤᠨ ᠬᠥᠭᠵᠢᠯᠲᠡ ᠶᠢᠨ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠰᠢᠯᠵᠢᠭᠦᠯᠬᠦ ᠬᠦᠷᠢᠶ᠎ᠡ ᠬᠡᠪᠴᠢᠶ᠎ᠡ ᠶᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠵᠤ᠂ ᠰᠢᠯᠵᠢᠭᠦᠯᠬᠦ ᠬᠠᠷᠢᠴᠠᠯ ᠢ ᠵᠦᠢ ᠵᠣᠬᠢᠰᠲᠠᠢ ᠲᠣᠭᠲᠠᠭᠠᠨ᠎ᠠ᠃      ——ᠬᠤᠯᠠ ᠶᠢ ᠪᠣᠳᠤᠯᠬᠢᠯᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤ ᠶᠢ ᠨᠥᠬᠦᠪᠦᠷᠢᠯᠡᠬᠦ ᠬᠠᠷᠠᠯᠲᠠ ᠲᠠᠢ ᠤᠶᠠᠯᠳᠤᠭᠤᠯᠤᠨ᠎ᠠ᠃ ᠰᠢᠯᠵᠢᠭᠦᠯᠬᠦ ᠪᠠᠷ ᠳᠠᠮᠵᠢᠨ ᠤᠯᠤᠰ ᠤᠨ ᠥᠮᠴᠢᠯᠡᠯᠲᠦ ᠬᠥᠷᠥᠩᠭᠡ ᠶᠢᠨ ᠣᠯᠠᠨ ᠡᠰᠢᠵᠢᠭᠰᠡᠨ ᠡᠵᠡᠮᠳᠡᠯ ᠢ ᠪᠣᠢ ᠪᠣᠯᠭᠠᠨ᠎ᠠ᠂ ᠭᠡᠪᠡᠴᠦ ᠤᠯᠤᠰ ᠤᠨ ᠥᠮᠴᠢᠯᠡᠯᠲᠦ ᠬᠥᠷᠥᠩᠭᠡ ᠶᠢᠨ ᠰᠢᠨᠵᠢ ᠴᠢᠨᠠᠷ ᠢ ᠬᠤᠪᠢᠷᠠᠭᠤᠯᠬᠤ ᠦᠭᠡᠢ᠃  ᠰᠢᠯᠵᠢᠬᠦᠯᠦᠭᠰᠡᠨ ᠢ ᠬᠦᠯᠢᠶᠡᠨ ᠠᠪᠤᠭᠰᠠᠨ ᠭᠤᠣᠯ ᠴᠣᠭᠴᠠ ᠨᠢ ᠡᠳ᠋ ᠤᠨ ᠶᠠᠪᠤᠳᠠᠯ ᠤᠨ ᠪᠡᠯᠡ ᠤᠷᠤᠭᠤᠯᠤᠭᠴᠢ ᠶᠢᠨ ᠬᠤᠪᠢ ᠪᠠᠷ ᠰᠢᠯᠵᠢᠭᠦᠯᠦᠭᠰᠡᠨ ᠤᠯᠤᠰ ᠤᠨ ᠥᠮᠴᠢᠯᠡᠯᠲᠦ ᠬᠥᠷᠥᠩᠭᠡ ᠶᠢ ᠬᠠᠮᠢᠶᠠᠷᠤᠨ ᠡᠵᠡᠩᠨᠡᠵᠦ᠂ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠬᠦ ᠪᠠ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤ ᠶᠢ ᠠᠯᠬᠤᠮ ᠠᠯᠬᠤᠮ ᠢᠶᠠᠷ ᠨᠥᠬᠦᠪᠦᠷᠢᠯᠡᠬᠦ ᠶᠢ ᠤᠶᠠᠯᠳᠤᠭᠤᠯᠤᠭᠰᠠᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠎ᠠ᠃      —— ᠪᠡᠶ᠎ᠡ ᠪᠠᠨ ᠳᠠᠭᠠᠭᠠᠨ ᠡᠵᠡᠩᠨᠡᠬᠦ ᠶᠢ ᠪᠠᠷᠢᠮᠲᠠᠯᠠᠵᠤ᠂ ᠨᠡᠶᠢᠭᠡᠮ ᠤᠨ ᠪᠠᠳᠤᠯᠠᠭ᠎ᠠ ᠶᠢᠨ ᠰᠠᠭᠤᠷᠢ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠬᠤ ᠲᠥᠷᠥ ᠶᠢᠨ ᠪᠣᠳᠣᠯᠭ᠎ᠠ ᠶᠢᠨ ᠬᠠᠷᠠᠯᠲᠠ ᠲᠠᠢ ᠤᠶᠠᠯᠳᠤᠭᠤᠯᠤᠨ᠎ᠠ᠃ ᠰᠢᠯᠵᠢᠭᠦᠯᠦᠭᠰᠡᠨ ᠤᠯᠤᠰ ᠤᠨ ᠥᠮᠴᠢᠯᠡᠯᠲᠦ ᠬᠥᠷᠥᠩᠭᠡ ᠨᠢ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ  ᠣᠨᠴᠠᠭᠠᠢ ᠬᠡᠷᠡᠭᠴᠡᠭᠡ ᠪᠠ ᠲᠥᠷᠥ ᠶᠢᠨ ᠪᠣᠳᠣᠯᠭ᠎ᠠ ᠶᠢᠨ ᠬᠠᠷᠠᠯᠲᠠ ᠲᠠᠢ᠂ ᠠᠵᠢᠯᠯᠠᠭᠠᠨ ᠤ ᠠᠰᠢᠭ ᠣᠷᠣᠯᠭ᠎ᠠ ᠶᠢ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠳᠠᠯ ᠤᠨ ᠬᠡᠷᠡᠭᠴᠡᠭᠡ ᠶᠢ ᠦᠨᠳᠦᠰᠦᠯᠡᠨ ᠲᠡᠭᠡᠭᠰᠢ ᠲᠤᠰᠢᠶᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠮᠥᠩᠭᠦ ᠶᠢᠨ ᠳᠤᠲᠠᠭᠤ ᠶᠢ ᠨᠥᠬᠦᠪᠦᠷᠢᠯᠡᠬᠦ ᠳᠤ ᠲᠤᠰᠬᠠᠢ ᠬᠡᠷᠡᠭᠯᠡᠨ᠎ᠡ᠃ ᠰᠢᠯᠵᠢᠭᠦᠯᠦᠭᠰᠡᠨ ᠤᠯᠤᠰ ᠤᠨ ᠥᠮᠴᠢᠯᠡᠯᠲᠦ ᠬᠥᠷᠥᠩᠭᠡ ᠶᠢ ᠲᠥᠪᠯᠡᠷᠡᠭᠦᠯᠦᠨ ᠡᠵᠡᠮᠰᠢᠵᠦ᠂ ᠪᠡᠶ᠎ᠡ ᠪᠠᠨ ᠳᠠᠭᠠᠭᠠᠨ ᠠᠵᠢᠯᠯᠠᠭᠤᠯᠵᠤ᠂ ᠲᠤᠰᠠᠭᠠᠷ ᠬᠠᠷᠭᠤᠭᠤᠯᠤᠨ ᠪᠣᠳᠣᠵᠤ᠂ ᠬᠢᠨᠠᠨ ᠰᠢᠯᠭᠠᠯᠲᠠ ᠪᠠ ᠬᠢᠨᠠᠯᠲᠠ ᠲᠠᠯᠪᠢᠬᠤ ᠶᠢ ᠬᠦᠯᠢᠶᠡᠨ᠂ ᠤᠯᠤᠰ ᠤᠨ ᠥᠮᠴᠢᠯᠡᠯᠲᠦ ᠬᠥᠷᠥᠩᠭᠡ ᠶᠢᠨ ᠥᠷᠲᠡᠭ ᠢᠶᠠᠨ ᠬᠠᠳᠠᠭᠠᠯᠠᠵᠤ ᠥᠷᠲᠡᠭ ᠢᠶᠠᠨ ᠨᠡᠮᠡᠭᠳᠡᠭᠦᠯᠬᠦ ᠶᠢ ᠪᠠᠳᠤᠯᠠᠬᠤ ᠬᠡᠷᠡᠭᠲᠡᠢ᠃      ᠭᠤᠷᠪᠠ᠂ ᠰᠢᠯᠵᠢᠭᠦᠯᠬᠦ ᠱᠠᠭᠠᠷᠳᠠᠯᠭ᠎ᠠ      ︵ᠨᠢᠭᠡ︶ ᠰᠢᠯᠵᠢᠭᠦᠯᠬᠦ ᠬᠦᠷᠢᠶ᠎ᠡ ᠬᠡᠪᠴᠢᠶ᠎ᠡ᠃ ᠪᠦᠬᠦ ᠬᠤᠲᠠ ᠶᠢᠨ ᠡᠯ᠎ᠡ ᠲᠡᠰ ᠤᠨ ᠤᠯᠤᠰ ᠤᠨ ᠥᠮᠴᠢᠯᠡᠯᠲᠦ ᠵᠢᠴᠢ ᠤᠯᠤᠰ ᠠᠴᠠ ᠬᠤᠪᠢ ᠡᠵᠡᠮᠳᠡᠭᠰᠡᠨ ᠲᠣᠮᠣ  ᠳᠤᠮᠳᠠ ᠬᠡᠯᠪᠡᠷᠢ ᠶᠢᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠃ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ᠂ ᠰᠣᠶᠣᠯ ᠤᠨ ᠠᠵᠤ ᠠᠬᠤᠶᠢᠯᠠᠯ ᠵᠢᠴᠢ ᠠᠰᠲᠠᠭᠠᠨ ᠲᠣᠭᠲᠠᠭᠠᠯ ᠲᠠᠢ ᠶᠢ ᠪᠠᠭᠲᠠᠭᠠᠬᠤ ᠦᠭᠡᠢ᠃      ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠪᠠᠷᠢᠮᠵᠢᠶ᠎ᠠ ᠶᠢ ︽ ︿ᠪᠦᠷᠢᠳᠬᠡᠯ ᠳᠡᠭᠡᠷ᠎ᠡ ᠶᠡᠭᠡ ᠳᠤᠮᠳᠠ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠢ ᠠᠩᠭᠢᠯᠠᠬᠤ ᠠᠷᠭ᠎ᠠ ︵2017︶ ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠳᠡᠯ︾ ︵ᠤᠯᠤᠰ ᠪᠦᠷᠢᠳᠬᠡᠯ ᠦᠰᠦᠭ ﹇2017﹈ 213 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ᠲᠣᠮᠣ ᠳᠤᠮᠳᠠ ᠬᠡᠯᠪᠡᠷᠢ ᠶᠢᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠲᠣᠭᠲᠠᠭᠠᠬᠤ ᠪᠠᠷᠢᠮᠵᠢᠶ᠎ᠠ ᠶᠢ ᠳᠤᠮᠳᠠᠳᠤ ᠤᠯᠤᠰ ᠤᠨ ᠠᠷᠠᠳ ᠤᠨ ᠪᠠᠩᠬᠢ᠂ ᠤᠤᠯ ᠤᠨ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠤᠯ ᠤᠨ ᠳᠤᠮᠳᠠᠳᠤ ᠤᠯᠤᠰ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽︿ᠮᠥᠩᠭᠦᠨ ᠭᠦᠢᠯᠭᠡᠭᠡᠨ ᠤ ᠦᠢᠯᠡᠰ ᠤᠨ ᠠᠵᠤ ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠩᠬᠢ ᠲᠠᠷᠬᠠᠭᠠᠭᠰᠠᠨ ﹇2015﹈ 309 ᠳ᠋ᠦ᠋ᠭᠡᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ ᠢ ᠲᠣᠭᠲᠠᠭᠠᠬᠤ ᠳᠤ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽︿ᠬᠥᠬᠡᠬᠤᠲᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠳᠠᠮᠵᠢ ᠶᠢ ᠵᠠᠭᠠᠭᠯᠠᠨ ᠲᠣᠭᠲᠠᠭᠠᠬᠤ ᠪᠠ ᠲᠥᠷᠥᠯ ᠬᠤᠪᠢᠶᠠᠬᠤ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠤᠯᠤᠰ ᠬᠥᠷᠥᠩᠭᠡ ᠲᠠᠷᠬᠠᠭᠠᠭᠰᠠᠨ ﹇2016﹈ 56 ᠳ᠋ᠤᠭᠠᠷ ᠲᠣᠭᠠᠲᠤ︶ ᠢᠶᠠᠷ ᠲᠣᠳᠣᠷᠬᠠᠶᠢᠯᠠᠨ᠎ᠠ᠃      ᠰᠣᠶᠣᠯ ᠤᠨ ᠠᠵᠤ ᠠᠬᠤᠶᠢᠯᠠᠯ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠪᠡᠯᠡ ᠣᠷᠣᠭᠤᠯᠤᠨ ᠪᠠᠶᠢᠭᠤᠯᠤᠭᠰᠠᠨ ᠰᠣᠶᠣᠯ ᠤᠨ ᠠᠵᠤ ᠠᠬᠤᠶᠢᠯᠠᠯ ᠢ ᠵᠢᠭᠠᠨ᠎ᠠ᠃      ︵ᠬᠤᠶᠠᠷ︶ ᠰᠢᠯᠵᠢᠭᠦᠯᠬᠦ ᠡᠲᠡᠭᠡᠳ᠃ ᠬᠤᠲᠠ ᠶᠢᠨ ᠲᠤᠰ ᠱᠠᠲᠤ ᠪᠤᠶᠤ ᠬᠤᠰᠢᠭᠤ ᠰᠢᠶᠠᠨ ᠲᠣᠭᠤᠷᠢᠭ ᠲᠤ ᠡᠵᠡᠮᠰᠢᠭᠳᠡᠬᠦ ᠮᠥᠷᠲᠡᠭᠡᠨ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ᠃      ᠠᠵᠤ ᠠᠬᠤᠶᠢᠯᠠᠯ ᠢ ᠨᠢᠭᠡᠨᠲᠡ ᠺᠣᠮᠫᠠᠨᠢ ᠶᠢᠨ ᠪᠠᠶᠢᠭᠤᠯᠤᠯ ᠢᠶᠠᠷ ᠥᠭᠡᠷᠡᠴᠢᠯᠡᠭᠰᠡᠨ ᠢ ᠠᠵᠤ ᠠᠬᠤᠶᠢᠯᠠᠯ ᠤᠨ ᠪᠦᠯᠦᠭᠯᠡᠯ ᠤᠨ ᠬᠤᠪᠢᠴᠠᠭᠠᠨ ᠤ ᠡᠷᠬᠡ ᠶᠢ ᠰᠢᠭᠤᠳ ᠰᠢᠯᠵᠢᠭᠦᠯᠦᠨ᠎ᠡ︔ ᠺᠣᠮᠫᠠᠨᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ  ᠪᠡᠶᠡᠯᠡᠭᠦᠯᠦᠭᠡᠳᠦᠢ  ᠠᠵᠤ ᠠᠬᠤᠶᠢᠯᠠᠯ ᠤᠨ ᠪᠦᠯᠦᠭᠯᠡᠯ ᠳᠤ ᠬᠠᠷᠢᠶᠠᠯᠠᠭᠳᠠᠬᠤ ᠨᠢᠭᠡᠳᠦᠭᠡᠷ ᠲᠡᠰ ᠤᠨ ᠬᠦᠦ ᠺᠣᠮᠫᠠᠨᠢ ᠶᠢᠨ ᠬᠤᠪᠢᠴᠠᠭᠠᠨ ᠤ ᠡᠷᠬᠡ ᠶᠢ ᠰᠢᠯᠵᠢᠭᠦᠯᠬᠦ ᠶᠢ ᠰᠦᠪᠡᠭᠴᠢᠯᠡᠨ᠎ᠡ᠃ ᠪᠦᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ᠂ ᠪᠡᠯᠡ ᠣᠷᠣᠭᠤᠯᠬᠤ ᠵᠡᠷᠭᠡ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠪᠦᠷᠢᠯᠳᠦᠭᠰᠡᠨ ᠬᠥᠷᠥᠩᠭᠡ ᠶᠢᠨ ᠵᠠᠬ᠎ᠠ ᠳᠤ ᠭᠠᠷᠤᠭᠰᠠᠨ ᠠᠵᠤ ᠠᠬᠤᠶᠢᠯᠠᠯ ᠪᠠ ᠬᠥᠷᠥᠩᠭᠡ ᠶᠢᠨ ᠵᠠᠬ᠎ᠠ ᠳᠤ ᠭᠠᠷᠤᠭᠰᠠᠨ ᠦᠭᠡᠢ ᠠᠵᠤ ᠠᠬᠤᠶᠢᠯᠠᠯ ᠤᠨ ᠬᠤᠪᠢᠴᠠᠭᠠᠨ ᠤ ᠡᠷᠬᠡ  ᠶᠢ ᠪᠠᠭᠲᠠᠭᠠᠬᠤ ᠦᠭᠡᠢ᠃ ᠰᠢᠯᠵᠢᠭᠦᠯᠬᠦ ᠡᠲᠡᠭᠡᠳ ᠨᠢ ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠳᠤ ᠬᠤᠯᠪᠣᠭᠳᠠᠭᠰᠠᠨ ᠢ ᠳᠠᠬᠢᠨ ᠳᠠᠪᠲᠠᠨ ᠰᠢᠯᠵᠢᠭᠦᠯᠬᠦ ᠦᠭᠡᠢ ᠵᠠᠷᠴᠢᠮ ᠶᠣᠰᠣᠭᠠᠷ ᠰᠢᠯᠵᠢᠭᠦᠯᠦᠨ᠎ᠡ᠃ ᠲᠥᠪ ᠪᠠ ᠣᠷᠣᠨ ᠨᠤᠲᠤᠭ ᠬᠤᠯᠢᠯᠳᠤᠨ ᠬᠤᠪᠢ ᠡᠵᠡᠮᠳᠡᠭᠰᠡᠨ‌ᠠᠵᠤ ᠠᠬᠤᠶᠢᠯᠠᠯ ᠢ ᠨᠢᠭᠡᠳᠦᠭᠡᠷ ᠶᠡᠭᠡ ᠬᠤᠪᠢ ᠣᠷᠣᠭᠤᠯᠤᠭᠴᠢ ᠶᠢᠨ ᠥᠮᠴᠢ ᠶᠢᠨ ᠡᠷᠬᠡ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠰᠢᠯᠵᠢᠭᠦᠯᠦᠨ᠎ᠡ᠃      ︵ᠭᠤᠷᠪᠠ︶ ᠰᠢᠯᠵᠢᠭᠦᠯᠬᠦ ᠬᠠᠷᠢᠴᠠᠯ᠃ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠨᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢᠨ 10%︔ ᠰᠢᠯᠵᠢᠭᠦᠯᠬᠦ ᠡᠲᠡᠭᠡᠳ ᠨᠢ  ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠳᠤ ᠬᠤᠯᠪᠣᠭᠳᠠᠭᠰᠠᠨ ᠢ ᠲᠡᠭᠦᠨ ᠤ ᠡᠵᠡᠮᠳᠡᠵᠦ ᠪᠠᠶᠢᠭ᠎ᠠ ᠬᠤᠪᠢᠴᠠᠭᠠᠨ ᠤ ᠡᠷᠬᠡ ᠠᠴᠠ ᠲᠤᠰᠪᠦᠷᠢ 10% ᠶᠢ ᠰᠢᠯᠵᠢᠭᠦᠯᠦᠨ᠎ᠡ᠃      ︵ᠳᠥᠷᠪᠡ︶ ᠰᠢᠯᠵᠢᠭᠦᠯᠬᠦ ᠴᠠᠭ ᠬᠤᠭᠤᠴᠠᠭ᠎ᠠ᠃ 2019 ᠣᠨ ᠤ 12 ᠳ᠋ᠤᠭᠠᠷ ᠰᠠᠷ᠎ᠠ ᠶᠢᠨ 31 ᠤ ᠡᠳᠦᠷ ᠢ ᠰᠢᠯᠵᠢᠭᠦᠯᠬᠦ ᠰᠠᠭᠤᠷᠢ ᠪᠠᠷᠢᠮᠵᠢᠶ᠎ᠠ ᠡᠳᠦᠷ ᠢᠶᠠᠷ ᠲᠣᠭᠲᠠᠭᠠᠨ᠎ᠠ᠃      ᠭᠤᠷᠪᠠ᠂ ᠰᠢᠯᠵᠢᠭᠦᠯᠬᠦ ᠱᠠᠭᠠᠷᠳᠠᠯᠭ᠎ᠠ      ︵ᠨᠢᠭᠡ︶ ᠰᠢᠯᠵᠢᠭᠦᠯᠬᠦ ᠬᠦᠷᠢᠶ᠎ᠡ ᠬᠡᠪᠴᠢᠶ᠎ᠡ᠃ ᠪᠦᠬᠦ ᠬᠤᠲᠠ ᠶᠢᠨ ᠡᠯ᠎ᠡ ᠲᠡᠰ ᠤᠨ ᠤᠯᠤᠰ ᠤᠨ ᠥᠮᠴᠢᠯᠡᠯᠲᠦ ᠵᠢᠴᠢ ᠤᠯᠤᠰ ᠠᠴᠠ ᠬᠤᠪᠢ ᠡᠵᠡᠮᠳᠡᠭᠰᠡᠨ ᠲᠣᠮᠣ  ᠳᠤᠮᠳᠠ ᠬᠡᠯᠪᠡᠷᠢ ᠶᠢᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ᠃ ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ᠂ ᠰᠣᠶᠣᠯ ᠤᠨ ᠠᠵᠤ ᠠᠬᠤᠶᠢᠯᠠᠯ ᠵᠢᠴᠢ ᠠᠰᠲᠠᠭᠠᠨ ᠲᠣᠭᠲᠠᠭᠠᠯ ᠲᠠᠢ ᠶᠢ ᠪᠠᠭᠲᠠᠭᠠᠬᠤ ᠦᠭᠡᠢ᠃      ᠲᠣᠮᠣ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠪᠠᠷᠢᠮᠵᠢᠶ᠎ᠠ ᠶᠢ ︽ ︿ᠪᠦᠷᠢᠳᠬᠡᠯ ᠳᠡᠭᠡᠷ᠎ᠡ ᠶᠡᠭᠡ ᠳᠤᠮᠳᠠ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠢ ᠠᠩᠭᠢᠯᠠᠬᠤ ᠠᠷᠭ᠎ᠠ ︵2017︶ ﹀ ᠶᠢ ᠳᠠᠷᠤᠮᠠᠯᠯᠠᠨ ᠶᠠᠪᠤᠭᠤᠯᠬᠤ ᠲᠤᠬᠠᠢ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠮᠡᠳᠡᠭᠳᠡᠯ︾ ︵ᠤᠯᠤᠰ ᠪᠦᠷᠢᠳᠬᠡᠯ ᠦᠰᠦᠭ ﹇2017﹈ 213 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ︔ ᠲᠣᠮᠣ ᠳᠤᠮᠳᠠ ᠬᠡᠯᠪᠡᠷᠢ ᠶᠢᠨ ᠮᠥᠩᠭᠦᠨ ᠬᠦᠢᠯᠭᠡᠭᠡᠨ ᠤ ᠪᠠᠶᠢᠭᠤᠯᠤᠮᠵᠢ ᠶᠢ ᠲᠣᠭᠲᠠᠭᠠᠬᠤ ᠪᠠᠷᠢᠮᠵᠢᠶ᠎ᠠ ᠶᠢ ᠳᠤᠮᠳᠠᠳᠤ ᠤᠯᠤᠰ ᠤᠨ ᠠᠷᠠᠳ ᠤᠨ ᠪᠠᠩᠬᠢ᠂ ᠤᠤᠯ ᠤᠨ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠳᠤᠮᠳᠠᠳᠤ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠤᠯ ᠤᠨ ᠳᠤᠮᠳᠠᠳᠤ ᠤᠯᠤᠰ ᠤᠨ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ︽︿ᠮᠥᠩᠭᠦᠨ ᠭᠦᠢᠯᠭᠡᠭᠡᠨ ᠤ ᠦᠢᠯᠡᠰ ᠤᠨ ᠠᠵᠤ ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠲᠣᠭᠲᠠᠭᠠᠯ﹀ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠪᠠᠩᠬᠢ ᠲᠠᠷᠬᠠᠭᠠᠭᠰᠠᠨ ﹇2015﹈ 309 ᠳ᠋ᠦ᠋ᠭᠡᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃      ᠨᠡᠶᠢᠲᠡ ᠶᠢᠨ ᠠᠰᠠᠷᠠᠮᠵᠢ ᠶᠢᠨ ᠲᠥᠷᠥᠯ ᠤᠨ ᠠᠵᠤ ᠠᠬᠤᠶᠢᠯᠠᠯ ᠢ ᠲᠣᠭᠲᠠᠭᠠᠬᠤ ᠳᠤ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠥᠭᠡᠷᠡᠴᠢᠯᠡᠯᠲᠡ ᠬᠥᠭᠵᠢᠭᠦᠯᠦᠯᠲᠡ ᠶᠢᠨ ᠵᠥᠪᠯᠡᠯ ᠤᠨ ︽︿ᠬᠥᠬᠡᠬᠤᠲᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠴᠢᠳᠠᠮᠵᠢ ᠶᠢ ᠵᠠᠭᠠᠭᠯᠠᠨ ᠲᠣᠭᠲᠠᠭᠠᠬᠤ ᠪᠠ ᠲᠥᠷᠥᠯ ᠬᠤᠪᠢᠶᠠᠬᠤ ᠬᠡᠷᠡᠭᠵᠢᠭᠦᠯᠬᠦ ᠰᠠᠨᠠᠯ﹀ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠤᠯᠤᠰ ᠬᠥᠷᠥᠩᠭᠡ ᠲᠠᠷᠬᠠᠭᠠᠭᠰᠠᠨ ﹇2016﹈ 56 ᠳ᠋ᠤᠭᠠᠷ ᠲᠣᠭᠠᠲᠤ︶ ᠢᠶᠠᠷ ᠲᠣᠳᠣᠷᠬᠠᠶᠢᠯᠠᠨ᠎ᠠ᠃      ᠰᠣᠶᠣᠯ ᠤᠨ ᠠᠵᠤ ᠠᠬᠤᠶᠢᠯᠠᠯ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ ᠠᠴᠠ ᠪᠡᠯᠡ ᠣᠷᠣᠭᠤᠯᠤᠨ ᠪᠠᠶᠢᠭᠤᠯᠤᠭᠰᠠᠨ ᠰᠣᠶᠣᠯ ᠤᠨ ᠠᠵᠤ ᠠᠬᠤᠶᠢᠯᠠᠯ ᠢ ᠵᠢᠭᠠᠨ᠎ᠠ᠃      ︵ᠬᠤᠶᠠᠷ︶ ᠰᠢᠯᠵᠢᠭᠦᠯᠬᠦ ᠡᠲᠡᠭᠡᠳ᠃ ᠬᠤᠲᠠ ᠶᠢᠨ ᠲᠤᠰ ᠱᠠᠲᠤ ᠪᠤᠶᠤ ᠬᠤᠰᠢᠭᠤ ᠰᠢᠶᠠᠨ ᠲᠣᠭᠤᠷᠢᠭ ᠲᠤ ᠡᠵᠡᠮᠰᠢᠭᠳᠡᠬᠦ ᠮᠥᠷᠲᠡᠭᠡᠨ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ᠃      ᠠᠵᠤ ᠠᠬᠤᠶᠢᠯᠠᠯ ᠢ ᠨᠢᠭᠡᠨᠲᠡ ᠺᠣᠮᠫᠠᠨᠢ ᠶᠢᠨ ᠪᠠᠶᠢᠭᠤᠯᠤᠯ ᠢᠶᠠᠷ ᠥᠭᠡᠷᠡᠴᠢᠯᠡᠭᠰᠡᠨ ᠢ ᠠᠵᠤ ᠠᠬᠤᠶᠢᠯᠠᠯ ᠤᠨ ᠪᠦᠯᠦᠭᠯᠡᠯ ᠤᠨ ᠬᠤᠪᠢᠴᠠᠭᠠᠨ ᠤ ᠡᠷᠬᠡ ᠶᠢ ᠰᠢᠭᠤᠳ ᠰᠢᠯᠵᠢᠭᠦᠯᠦᠨ᠎ᠡ︔ ᠺᠣᠮᠫᠠᠨᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ  ᠪᠡᠶᠡᠯᠡᠭᠦᠯᠦᠭᠡᠳᠦᠢ  ᠠᠵᠤ ᠠᠬᠤᠶᠢᠯᠠᠯ ᠤᠨ ᠪᠦᠯᠦᠭᠯᠡᠯ ᠳᠤ ᠬᠠᠷᠢᠶᠠᠯᠠᠭᠳᠠᠬᠤ ᠨᠢᠭᠡᠳᠦᠭᠡᠷ ᠲᠡᠰ ᠤᠨ ᠬᠦᠦ ᠺᠣᠮᠫᠠᠨᠢ ᠶᠢᠨ ᠬᠤᠪᠢᠴᠠᠭᠠᠨ ᠤ ᠡᠷᠬᠡ ᠶᠢ ᠰᠢᠯᠵᠢᠭᠦᠯᠬᠦ ᠶᠢ ᠰᠦᠪᠡᠭᠴᠢᠯᠡᠨ᠎ᠡ᠃ ᠪᠦᠬᠦ ᠤᠯᠤᠰ ᠤᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ᠂ ᠪᠡᠯᠡ ᠣᠷᠣᠭᠤᠯᠬᠤ ᠵᠡᠷᠭᠡ ᠡᠯ᠎ᠡ ᠵᠦᠢᠯ ᠤᠨ ᠰᠢᠯᠲᠠᠭᠠᠨ ᠠᠴᠠ ᠪᠣᠯᠵᠤ ᠪᠦᠷᠢᠯᠳᠦᠭᠰᠡᠨ ᠬᠥᠷᠥᠩᠭᠡ ᠶᠢᠨ ᠵᠠᠬ᠎ᠠ ᠳᠤ ᠭᠠᠷᠤᠭᠰᠠᠨ ᠠᠵᠤ ᠠᠬᠤᠶᠢᠯᠠᠯ ᠪᠠ ᠬᠥᠷᠥᠩᠭᠡ ᠶᠢᠨ ᠵᠠᠬ᠎ᠠ ᠳᠤ ᠭᠠᠷᠤᠭᠰᠠᠨ ᠦᠭᠡᠢ ᠠᠵᠤ ᠠᠬᠤᠶᠢᠯᠠᠯ ᠤᠨ ᠬᠤᠪᠢᠴᠠᠭᠠᠨ ᠤ ᠡᠷᠬᠡ  ᠶᠢ ᠪᠠᠭᠲᠠᠭᠠᠬᠤ ᠦᠭᠡᠢ᠃ ᠰᠢᠯᠵᠢᠭᠦᠯᠬᠦ ᠡᠲᠡᠭᠡᠳ ᠨᠢ ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠳᠤ ᠬᠤᠯᠪᠣᠭᠳᠠᠭᠰᠠᠨ ᠢ ᠳᠠᠬᠢᠨ ᠳᠠᠪᠲᠠᠨ ᠰᠢᠯᠵᠢᠭᠦᠯᠬᠦ ᠦᠭᠡᠢ ᠵᠠᠷᠴᠢᠮ ᠶᠣᠰᠣᠭᠠᠷ ᠰᠢᠯᠵᠢᠭᠦᠯᠦᠨ᠎ᠡ᠃ ᠲᠥᠪ ᠪᠠ ᠣᠷᠣᠨ ᠨᠤᠲᠤᠭ ᠬᠤᠯᠢᠯᠳᠤᠨ ᠬᠤᠪᠢ ᠡᠵᠡᠮᠳᠡᠭᠰᠡᠨ‌ᠠᠵᠤ ᠠᠬᠤᠶᠢᠯᠠᠯ ᠢ ᠨᠢᠭᠡᠳᠦᠭᠡᠷ ᠶᠡᠭᠡ ᠬᠤᠪᠢ ᠣᠷᠣᠭᠤᠯᠤᠭᠴᠢ ᠶᠢᠨ ᠥᠮᠴᠢ ᠶᠢᠨ ᠡᠷᠬᠡ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠰᠢᠯᠵᠢᠭᠦᠯᠦᠨ᠎ᠡ᠃      ︵ᠭᠤᠷᠪᠠ︶ ᠰᠢᠯᠵᠢᠭᠦᠯᠬᠦ ᠬᠠᠷᠢᠴᠠᠯ᠃ ᠰᠢᠯᠵᠢᠭᠦᠯᠬᠦ ᠬᠦᠷᠢᠶ᠎ᠡ ᠬᠡᠪᠴᠢᠶᠡᠨ ᠳᠤ ᠣᠷᠣᠭᠤᠯᠤᠭᠰᠠᠨ ᠨᠢ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢᠨ 10%︔ ᠰᠢᠯᠵᠢᠭᠦᠯᠬᠦ ᠡᠲᠡᠭᠡᠳ ᠨᠢ  ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠳᠤ ᠬᠤᠯᠪᠣᠭᠳᠠᠭᠰᠠᠨ ᠢ ᠲᠡᠭᠦᠨ ᠤ ᠡᠵᠡᠮᠳᠡᠵᠦ ᠪᠠᠶᠢᠭ᠎ᠠ ᠬᠤᠪᠢᠴᠠᠭᠠᠨ ᠤ ᠡᠷᠬᠡ ᠠᠴᠠ ᠲᠤᠰᠪᠦᠷᠢ 10% ᠶᠢ ᠰᠢᠯᠵᠢᠭᠦᠯᠦᠨ᠎ᠡ᠃      ︵ᠳᠥᠷᠪᠡ︶ ᠰᠢᠯᠵᠢᠭᠦᠯᠬᠦ ᠴᠠᠭ ᠬᠤᠭᠤᠴᠠᠭ᠎ᠠ᠃ 2019 ᠣᠨ ᠤ 12 ᠳ᠋ᠤᠭᠠᠷ ᠰᠠᠷ᠎ᠠ ᠶᠢᠨ 31 ᠤ ᠡᠳᠦᠷ ᠢ ᠰᠢᠯᠵᠢᠭᠦᠯᠬᠦ ᠰᠠᠭᠤᠷᠢ ᠪᠠᠷᠢᠮᠵᠢᠶ᠎ᠠ ᠡᠳᠦᠷ ᠢᠶᠠᠷ ᠲᠣᠭᠲᠠᠭᠠᠨ᠎ᠠ᠃       ︵ᠲᠠᠪᠤ︶ ᠰᠢᠯᠵᠢᠭᠦᠯᠬᠦ ᠴᠠᠭ ᠤᠨ ᠬᠢᠵᠠᠭᠠᠷᠯᠠᠯ᠃ 2020 ᠣᠨ ᠤ ᠵᠢᠯ ᠤᠨ ᠡᠴᠦᠰ ᠠᠴᠠ ᠡᠮᠦᠨ᠎ᠡ ᠰᠢᠯᠵᠢᠭᠦᠯᠬᠦ ᠠᠵᠢᠯ ᠢ ᠪᠡᠶᠡᠯᠡᠭᠦᠯᠦᠨ᠎ᠡ᠃       ︵ᠵᠢᠷᠭᠤᠭ᠎ᠠ︶ ᠬᠦᠯᠢᠶᠡᠨ‌ᠠᠪᠬᠤ ᠭᠤᠣᠯ ᠴᠣᠭᠴᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ  ᠲᠣᠬᠢᠷᠠᠭᠤᠯᠤᠯᠲᠠ ᠶᠣᠰᠣᠭᠠᠷ᠂ ᠲᠤᠰ ᠤᠳᠠᠭᠠᠨ ᠤ ᠰᠢᠯᠵᠢᠭᠦᠯᠦᠭᠰᠡᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠥᠪᠥᠷ ᠮᠣᠩᠭᠤᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠡᠵᠡᠩᠨᠡᠯᠲᠡ ᠶᠢᠨ ᠺᠣᠮᠫᠠᠨᠢ ᠠᠴᠠ ᠬᠠᠷᠢᠭᠤᠴᠠᠨ ᠲᠥᠪᠯᠡᠷᠡᠭᠦᠯᠦᠨ ᠡᠵᠡᠮᠳᠡᠵᠦ᠂ ᠬᠠᠮᠢᠶᠠᠷᠬᠤ ᠪᠠ ᠡᠵᠡᠩᠨᠡᠨ᠎ᠡ᠃      ᠳᠥᠷᠪᠡ᠃ ᠰᠢᠯᠵᠢᠭᠦᠯᠬᠦ ᠠᠯᠬᠤᠮ ᠳᠠᠷᠠᠭ᠎ᠠ       ︵ᠨᠢᠭᠡ︶ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ᠃ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠪᠣᠯᠣᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠠᠴᠠ ᠰᠠᠯᠠᠭ᠎ᠠ ᠮᠥᠴᠢᠷ ᠲᠤ ᠨᠠᠶᠢᠳᠠᠨ ᠬᠢᠨᠠᠨ ᠬᠠᠮᠢᠶᠠᠷᠤᠭᠤᠯᠵᠤ ᠪᠠᠶᠢᠭ᠎ᠠ ᠠᠵᠤ ᠠᠬᠤᠶᠢᠯᠠᠯ ᠵᠢᠴᠢ ᠬᠤᠲᠠ ᠶᠢᠨ ᠲᠤᠰ ᠱᠠᠲᠤᠨ ᠤ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠳᠤ ᠬᠠᠷᠢᠶᠠᠯᠠᠭᠳᠠᠬᠤ ᠤᠯᠤᠰ ᠤᠨ ᠥᠮᠴᠢᠯᠡᠯᠲᠦ ᠵᠢᠴᠢ ᠤᠯᠤᠰ ᠠᠴᠠ ᠬᠤᠪᠢ ᠡᠵᠡᠮᠳᠡᠭᠰᠡᠨ ᠠᠵᠤ ᠠᠬᠤᠶᠢᠯᠠᠯ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠨ᠎ᠡ᠃ ᠡᠯ᠎ᠡ ᠠᠵᠤ ᠠᠬᠤᠶᠢᠯᠠᠯ ︽ᠬᠥᠬᠡᠬᠤᠲᠠ ᠶᠢᠨ ᠲᠤᠰ ᠱᠠᠲᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠨᠳᠦᠰᠦᠨ ᠪᠠᠶᠢᠳᠠᠯ ᠤᠨ ᠬᠦᠰᠦᠨᠦᠭᠲᠦ︾ ︵ᠳᠠᠭᠠᠯᠳᠤᠭᠤᠯᠤᠯ ᠨᠢᠭᠡ︶ ᠶᠢ ᠲᠣᠭᠲᠠᠭᠠᠯ ᠶᠣᠰᠣᠭᠠᠷ ᠲᠠᠭᠯᠠᠨ ᠳᠡᠭᠡᠭᠰᠢ ᠬᠢᠨᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ᠂ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠥᠪᠡᠷ ᠤᠨ ᠬᠠᠷᠢᠶᠠᠨ ᠳᠠᠬᠢ ᠠᠵᠤ ᠠᠬᠤᠶᠢᠯᠠᠯ ᠤᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠶᠢ ᠬᠢᠨᠠᠨ ᠬᠠᠷᠭᠤᠭᠤᠯᠵᠤ᠂ ︽ᠬᠥᠬᠡᠬᠤᠲᠠ ᠶᠢᠨ ᠲᠤᠰ ᠱᠠᠲᠤᠨ ᠤ ᠰᠢᠭᠤᠳ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠦᠨᠳᠦᠰᠦᠨ ᠪᠠᠶᠢᠳᠠᠯ ᠢ ᠬᠤᠷᠢᠶᠠᠩᠭᠤᠶᠢᠯᠠᠭᠰᠠᠨ ᠬᠦᠰᠦᠨᠦᠭᠲᠦ︾ ︵ᠳᠠᠭᠠᠯᠳᠤᠭᠤᠯᠤᠯ ᠬᠤᠶᠠᠷ︶ ᠢ ᠲᠠᠭᠯᠠᠨ᠂ 2020 ᠣᠨ ᠤ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠳᠤ ᠮᠡᠳᠡᠭᠦᠯᠦᠨ ᠬᠦᠷᠭᠡᠨ᠎ᠡ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠲᠤᠰ ᠲᠥᠰᠥᠯ ᠤᠨ ᠶᠣᠰᠣᠭᠠᠷ᠂ ᠲᠤᠰ ᠭᠠᠵᠠᠷ ᠣᠷᠣᠨ ᠳᠤ ᠬᠠᠷᠢᠶᠠᠯᠠᠭᠳᠠᠬᠤ ᠠᠵᠤ ᠠᠬᠤᠶᠢᠯᠠᠯ ᠳᠤ ᠡᠮᠦᠨᠡᠬᠢ ᠬᠤᠭᠤᠴᠠᠭᠠᠨ ᠤ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠬᠢᠵᠦ᠂ 2020 ᠣᠨ ᠤ 7 ᠳ᠋ᠤᠭᠠᠷ ᠰᠠᠷ᠎ᠠ ᠶᠢᠨ 15 ᠤ ᠡᠳᠦᠷ ᠠᠴᠠ ᠡᠮᠦᠨ᠎ᠡ ᠨᠥᠬᠦᠴᠡᠯ ᠳᠤ ᠨᠡᠶᠢᠴᠡᠬᠦ ᠰᠢᠯᠵᠢᠭᠦᠯᠬᠦ ᠠᠵᠤ ᠠᠬᠤᠶᠢᠯᠠᠯ ᠤᠨ ᠨᠡᠷᠡᠰ ᠢ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠳᠤ ᠮᠡᠳᠡᠭᠦᠯᠦᠨ ᠬᠦᠷᠭᠡᠨ᠎ᠡ᠃      ︵ᠬᠤᠶᠠᠷ︶ ᠰᠢᠯᠵᠢᠭᠦᠯᠬᠦ ᠲᠥᠰᠥᠯ ᠢ ᠬᠢᠨᠠᠨ ᠲᠣᠭᠲᠠᠭᠠᠬᠤ᠃ ᠡᠯ᠎ᠡ ᠱᠠᠲᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠲᠤᠰᠪᠦᠷᠢ ᠬᠢᠨᠠᠨ ᠬᠠᠮᠢᠶᠠᠷᠴᠤ ᠪᠠᠶᠢᠭ᠎ᠠ ᠠᠵᠤ ᠠᠬᠤᠶᠢᠯᠠᠯ ᠤᠨ ᠬᠤᠪᠢᠴᠠᠭᠠᠨ ᠤ ᠡᠷᠬᠡ ᠶᠢ ᠰᠢᠯᠵᠢᠭᠦᠯᠬᠦ ᠲᠥᠰᠥᠯ ᠢᠶᠠᠨ ᠭᠠᠷᠭᠠᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠰᠢᠯᠵᠢᠭᠦᠯᠬᠦ ᠲᠥᠰᠥᠯ ᠢ ᠬᠢᠨᠠᠨ  ᠬᠠᠷᠭᠤᠭᠤᠯᠬᠤ ᠶᠢ ᠬᠠᠷᠢᠭᠤᠴᠠᠨ᠎ᠠ᠃ ᠲᠤᠰ ᠲᠥᠰᠥᠯ ᠳᠤ ᠶᠠᠷᠢᠵᠤ ᠪᠠᠶᠢᠭ᠎ᠠ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠵᠠᠰᠠᠭ ᠤᠨ ᠣᠷᠳᠣᠨ ᠢ ᠲᠥᠯᠥᠭᠡᠯᠡᠨ ᠪᠡᠯᠡ ᠭᠠᠷᠭᠠᠭᠴᠢ ᠶᠢᠨ ᠬᠠᠷᠢᠭᠤᠴᠠᠯᠭ᠎ᠠ ᠶᠢ ᠭᠦᠢᠴᠡᠳᠬᠡᠵᠦ ᠪᠠᠶᠢᠭ᠎ᠠ ᠰᠠᠯᠠᠭ᠎ᠠ ᠮᠥᠴᠢᠷ ︵ᠪᠠᠶᠢᠭᠤᠯᠤᠮᠵᠢ︶᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠠᠴᠠ ᠪᠠᠶᠢᠭᠤᠯᠤᠭᠰᠠᠨ ᠠᠵᠤ ᠠᠬᠤᠶᠢᠯᠠᠯ ᠤᠨ ᠤᠯᠤᠰ ᠤᠨ ᠡᠳ᠋ ᠬᠥᠷᠥᠩᠭᠡ ᠪᠠ ᠮᠥᠩᠭᠦᠨ ᠭᠦᠢᠯᠭᠡᠭᠡᠨ ᠤ ᠠᠵᠤ ᠠᠬᠤᠶᠢᠯᠠᠯ ᠤᠨ ᠤᠯᠤᠰ ᠤᠨ ᠡᠳ᠋ ᠬᠥᠷᠥᠩᠭᠡ ᠶᠢ ᠬᠢᠨᠠᠨ ᠬᠠᠮᠢᠶᠠᠷᠬᠤ ᠶᠢ ᠬᠠᠷᠢᠭᠤᠴᠠᠬᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠢ ᠵᠢᠭᠠᠨ᠎ᠠ᠃      1. ᠰᠢᠯᠵᠢᠭᠦᠯᠬᠦ ᠨᠥᠬᠦᠴᠡᠯ ᠳᠤ ᠨᠡᠶᠢᠴᠡᠬᠦ ᠬᠤᠲᠠ ᠶᠢᠨ ᠲᠤᠰ ᠱᠠᠲᠤᠨ ᠳᠤ ᠬᠠᠮᠢᠶᠠᠷᠤᠭᠳᠠᠬᠤ ᠠᠵᠤ ᠠᠬᠤᠶᠢᠯᠠᠯ ᠢ ᠲᠡᠭᠦᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠪᠡᠯᠡ ᠭᠠᠷᠭᠠᠭᠰᠠᠨ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ‌‍ᠶᠢ ᠰᠢᠯᠵᠢᠭᠦᠯᠬᠦ ᠲᠥᠰᠥᠯ ᠭᠠᠷᠭᠠᠨ᠎ᠠ᠃ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠠᠩᠬ᠎ᠠ ᠠᠯᠬᠤᠮ ᠬᠢᠨᠠᠨ ᠲᠣᠭᠲᠠᠭᠠᠨ᠎ᠠ᠃      2. ᠰᠢᠯᠵᠢᠭᠦᠯᠬᠦ ᠨᠥᠬᠦᠴᠡᠯ ᠳᠤ ᠨᠡᠶᠢᠴᠡᠬᠦ ᠬᠤᠰᠢᠭᠤ ᠰᠢᠶᠠᠨ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠬᠠᠮᠢᠶᠠᠷᠤᠭᠳᠠᠬᠤ ᠠᠵᠤ ᠠᠬᠤᠶᠢᠯᠠᠯ ᠢ ᠠᠳᠠᠯᠢ ᠱᠠᠲᠤᠨ ᠤ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠪᠤᠶᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠷᠢᠭᠤᠴᠠᠨ ᠲᠤᠰ ᠪᠠᠶᠢᠭᠤᠯᠤᠮᠵᠢ ᠶᠢᠨ ᠢᠶᠠᠨ ᠬᠢᠨᠠᠨ ᠬᠠᠮᠢᠶᠠᠷᠴᠦ ᠪᠠᠶᠢᠭ᠎ᠠ ᠠᠵᠤ ᠠᠬᠤᠶᠢᠯᠠᠯ ᠤᠨ ᠬᠤᠪᠢᠴᠠᠭᠠᠨ ᠤ ᠡᠷᠬᠡ ᠶᠢ ᠰᠢᠯᠵᠢᠭᠦᠯᠬᠦ ᠲᠥᠰᠥᠯ ᠢ ᠭᠠᠷᠭᠠᠨ᠂ ᠲᠤᠰ ᠱᠠᠲᠤᠨ ᠤ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠪᠣᠯᠣᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠰᠠᠯᠠᠭ᠎ᠠ ᠮᠥᠴᠢᠷ ᠲᠠᠢ ᠬᠠᠮᠲᠤᠷᠠᠨ ᠠᠩᠬ᠎ᠠ ᠠᠯᠬᠤᠮ ᠬᠢᠨᠠᠨ ᠲᠣᠭᠲᠠᠭᠠᠬᠤ ᠶᠢᠨ ᠬᠠᠮᠲᠤ ᠠᠳᠠᠯᠢ ᠱᠠᠲᠤᠨ ᠤ ᠠᠷᠠᠳ ᠤᠨ ᠵᠠᠰᠠᠭ ᠤᠨ ᠣᠷᠳᠣᠨ ︵ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠷᠢᠶᠠᠩᠭᠤᠶᠢᠯᠠᠵᠤ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ᠎ᠡ᠃      3. ᠰᠢᠯᠵᠢᠭᠦᠯᠬᠦ ᠡᠲᠡᠭᠡᠳ ᠨᠢ ᠣᠯᠠᠨ ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠳᠤ ᠬᠤᠯᠪᠣᠭᠳᠠᠭᠰᠠᠨ ᠢ ᠨᠢᠭᠡᠳᠦᠭᠡᠷ ᠶᠡᠭᠡ ᠬᠤᠪᠢ ᠣᠷᠣᠭᠤᠯᠤᠭᠴᠢ ᠶᠢᠨ ᠥᠮᠴᠢ ᠶᠢᠨ ᠡᠷᠬᠡ ᠶᠢᠨ ᠬᠠᠷᠢᠶᠠᠯᠠᠭᠳᠠᠬᠤ ᠬᠠᠷᠢᠴᠠᠭ᠎ᠠ ᠶᠣᠰᠣᠭᠠᠷ ᠳᠡᠭᠡᠷ᠎ᠡ ᠳᠤᠷᠠᠳᠤᠭᠰᠠᠨ ᠵᠣᠷᠪᠣᠰ ᠤᠳ ᠢᠶᠠᠷ ᠯᠠᠪᠯᠠᠯᠲᠠ ᠪᠣᠯᠭᠠᠨ ᠬᠢᠨᠠᠨ ᠰᠢᠯᠭᠠᠬᠤ ᠳᠠᠷᠠᠭᠠᠯᠠᠯ ᠢ ᠭᠦᠢᠴᠡᠳᠬᠡᠨ᠎ᠡ᠃ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠨᠢ ᠣᠯᠠᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠤᠯᠪᠣᠭᠳᠠᠭᠰᠠᠨ ᠢ ᠡᠷᠬᠡᠪᠰᠢ ᠬᠠᠮᠢᠶ᠎ᠠ ᠪᠦᠬᠦᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠰᠠᠨᠠᠯ ᠢ ᠬᠤᠷᠢᠶᠠᠵᠤ᠂ ᠬᠠᠮᠢᠶ᠎ᠠ ᠪᠦᠬᠦᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ 15 ᠠᠵᠢᠯ ᠤᠨ ᠡᠳᠦᠷ ᠤᠨ ᠳᠣᠲᠣᠷ᠎ᠠ ᠬᠠᠷᠢᠭᠤ ᠥᠭᠬᠦ ᠬᠡᠷᠡᠭᠲᠡᠢ᠃      ︵ᠭᠤᠷᠪᠠ︶ ᠰᠢᠯᠵᠢᠭᠦᠯᠬᠦ ᠲᠥᠰᠥᠯ ᠢ ᠳᠡᠭᠡᠭᠰᠢ ᠮᠡᠳᠡᠭᠦᠯᠬᠦ᠃ ᠪᠦᠬᠦ ᠬᠤᠲᠠ ᠶᠢᠨ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠰᠢᠯᠵᠢᠭᠦᠯᠬᠦ ᠲᠥᠰᠥᠯ ᠢ ᠠᠩᠬ᠎ᠠ ᠠᠯᠬᠤᠮ ᠬᠢᠨᠠᠨ ᠲᠣᠭᠲᠠᠭᠠᠵᠤ ᠨᠤᠲᠠᠯᠠᠭᠰᠠᠨ ᠤ ᠳᠠᠷᠠᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠲᠣᠯᠣᠭᠠᠶᠢᠯᠠᠨ ᠬᠤᠷᠢᠶᠠᠩᠭᠤᠶᠢᠯᠠᠵᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠳᠤ ᠮᠡᠳᠡᠭᠦᠯᠦᠨ ᠬᠢᠨᠠᠨ ᠬᠠᠷᠭᠤᠭᠤᠯᠵᠤ ᠵᠥᠪᠰᠢᠶᠡᠷᠡᠭᠦᠯᠦᠨ᠎ᠡ᠃      ︵ᠳᠥᠷᠪᠡ︶ ᠰᠢᠯᠵᠢᠭᠦᠯᠬᠦ ᠭᠠᠷᠲᠠᠮ ᠭᠦᠢᠴᠡᠳᠬᠡᠬᠦ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠪᠠᠭᠤᠯᠭᠠᠭᠰᠠᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠮᠡᠳᠡᠭᠳᠡᠯ ᠢ ᠣᠯᠣᠭᠰᠠᠨ ᠤ ᠳᠠᠷᠠᠭ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠠᠢ ᠬᠠᠮᠲᠤᠷᠠᠨ ᠬᠤᠲᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠳᠤ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠮᠡᠳᠡᠭᠳᠡᠯ ᠪᠠᠭᠤᠯᠭᠠᠵᠤ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠪᠣᠳᠠᠲᠠᠢ ᠭᠠᠷᠲᠠᠮ ᠢ ᠭᠦᠢᠴᠡᠳᠬᠡᠵᠦ᠂ 2020 ᠣᠨ ᠤ 12 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠰᠢᠯᠵᠢᠭᠦᠯᠵᠦ ᠳᠠᠭᠤᠰᠬᠠᠨ᠎ᠠ᠃ ᠬᠥᠷᠥᠩᠭᠡ ᠶᠢᠨ ᠵᠠᠬ᠎ᠠ ᠳᠤ ᠭᠠᠷᠤᠭᠠᠳᠤᠢ ᠺᠣᠮᠫᠠᠨᠢ ᠶᠢᠨ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠳᠤ᠂ ᠰᠢᠯᠵᠢᠭᠦᠯᠬᠦ ᠡᠲᠡᠭᠡᠳ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠮᠡᠳᠡᠭᠳᠡᠯ ᠢ ᠣᠯᠣᠭᠰᠠᠨ 20 ᠠᠵᠢᠯ ᠤᠨ ᠡᠳᠦᠷ ᠤᠨ ᠳᠣᠲᠣᠷ᠎ᠠ ᠤᠯᠤᠰ ᠤᠨ ᠥᠮᠴᠢᠯᠡᠯ ᠤᠨ ᠡᠷᠬᠡ ᠵᠢᠴᠢ ᠠᠵᠤ ᠠᠬᠤᠶᠢᠯᠠᠯ ᠤᠨ ᠳᠠᠩᠰᠠᠯᠠᠯ ᠢ ᠬᠤᠪᠢᠷᠠᠭᠤᠯᠬᠤ ᠪᠠᠷ ᠭᠤᠶᠤᠴᠢᠯᠠᠬᠤ ᠬᠡᠷᠡᠭᠲᠡᠢ᠃ ᠬᠤᠯᠪᠣᠭᠳᠠᠯ ᠪᠦᠬᠦᠢ ᠤᠯᠤᠰ ᠤᠨ ᠥᠮᠴᠢᠯᠡᠯ ᠤᠨ ᠡᠷᠬᠡ ᠶᠢ ᠳᠠᠩᠰᠠᠯᠠᠬᠤ ᠪᠠᠶᠢᠭᠤᠯᠤᠮᠵᠢ ᠭᠤᠶᠤᠴᠢᠯᠠᠯ ᠢ ᠬᠦᠯᠢᠶᠡᠵᠦ ᠣᠯᠣᠭᠰᠠᠨ 10 ᠠᠵᠢᠯ ᠤᠨ ᠡᠳᠦᠷ ᠤᠨ ᠳᠣᠲᠣᠷ᠎ᠠ ᠤᠯᠤᠰ ᠤᠨ ᠥᠮᠴᠢᠯᠡᠯ ᠤᠨ ᠡᠷᠬᠡ ᠶᠢᠨ ᠳᠠᠩᠰᠠᠯᠠᠯ ᠢ ᠬᠤᠪᠢᠷᠠᠭᠤᠯᠬᠤ ᠬᠡᠷᠡᠭᠲᠡᠢ᠃ ᠬᠥᠷᠥᠩᠭᠡ ᠶᠢᠨ ᠵᠠᠬ᠎ᠠ ᠳᠤ ᠭᠠᠷᠤᠭᠰᠠᠨ ᠺᠣᠮᠫᠠᠨᠢ ᠶᠢᠨ ᠬᠤᠪᠢᠴᠠᠭᠠᠨ ᠤ ᠡᠷᠬᠡ ᠶᠢ ᠰᠢᠯᠵᠢᠭᠦᠯᠬᠦ ᠳᠤ᠂ ᠰᠢᠯᠵᠢᠭᠦᠯᠬᠦ ᠡᠲᠡᠭᠡᠳ ᠤᠯᠤᠰ ᠤᠨ ᠲᠡᠮᠳᠡᠭᠲᠦ ᠶᠢᠨ ᠬᠢᠨᠠᠯᠲᠠ ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢᠨ ᠬᠤᠪᠢᠷᠠᠯᠲᠠ ᠶᠢᠨ ᠪᠠᠶᠢᠳᠠᠯ ᠢ ᠮᠡᠳᠡᠭᠳᠡᠬᠦ ᠬᠡᠷᠡᠭᠲᠡᠢ᠃ ᠰᠢᠯᠵᠢᠭᠦᠯᠦᠨ ᠭᠠᠷᠭᠠᠭᠰᠠᠨ ᠠᠵᠤ ᠠᠬᠤᠶᠢᠯᠠᠯ ᠳᠠᠩᠰᠠᠯᠠᠯ ᠢ ᠬᠤᠪᠢᠷᠠᠭᠤᠯᠤᠭᠰᠠᠨ ᠪᠠᠶᠢᠳᠠᠯ ᠢᠶᠠᠨ ᠬᠠᠮᠢᠶ᠎ᠠ ᠪᠦᠬᠦᠢ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠳᠤ ᠬᠠᠷᠢᠭᠤ ᠳᠤᠰᠬᠠᠬᠤ ᠶᠢᠨ ᠬᠠᠮᠲᠤ᠂ ᠡᠯ᠎ᠡ ᠣᠯᠠᠨ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ᠂ ᠡᠯ᠎ᠡ ᠤᠯᠤᠰ ᠤᠨ ᠥᠮᠴᠢᠯᠡᠯᠲᠦ ᠬᠤᠪᠢ ᠣᠷᠣᠭᠤᠯᠤᠭᠴᠢ ᠵᠢᠴᠢ ᠰᠢᠯᠵᠢᠭᠦᠯᠬᠦ ᠶᠢ ᠬᠦᠯᠢᠶᠡᠨ ᠠᠪᠬᠤ ᠭᠤᠣᠯ ᠴᠣᠭᠴᠠ ᠳᠤ ᠬᠠᠭᠤᠯᠤᠨ ᠬᠦᠷᠭᠡᠬᠦ ᠬᠡᠷᠡᠭᠲᠡᠢ᠃         ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠰᠢᠯᠵᠢᠭᠦᠯᠬᠦ ᠠᠵᠤ ᠠᠬᠤᠶᠢᠯᠠᠯ ᠤᠨ ᠳᠠᠩᠰᠠᠯᠠᠯ ᠢᠶᠠᠨ ᠬᠤᠪᠢᠷᠠᠭᠤᠯᠬᠤ ᠭᠠᠷᠳᠠᠮ  ᠬᠢᠬᠦ ᠶᠢ  ᠬᠠᠷᠢᠭᠤᠴᠠᠨ ᠭᠦᠢᠴᠡᠳᠬᠡᠨ᠎ᠡ᠃ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠬᠦ ᠪᠠ ᠬᠦᠯᠢᠶᠡᠨ ᠠᠪᠬᠤ ᠶᠠᠪᠤᠴᠠ ᠳᠠᠬᠢ ᠠᠵᠤ ᠠᠬᠤᠶᠢᠯᠠᠯ ᠤᠨ ᠣᠷᠣᠯᠭ᠎ᠠ ᠶᠢᠨ ᠭᠠᠶᠢᠯᠢ ᠵᠢᠴᠢ ᠭᠡᠷ᠎ᠡ ᠶᠢᠨ ᠭᠠᠶᠢᠯᠢ᠂ ᠭᠠᠵᠠᠷ ᠰᠢᠷᠤᠢ ᠶᠢᠨ ᠥᠷᠲᠡᠭ ᠤᠨ ᠨᠡᠮᠡᠭᠳᠡᠯ ᠤᠨ ᠭᠠᠶᠢᠯᠢ᠂ ᠲᠡᠮᠳᠡᠭᠲᠦ ᠶᠢᠨ ᠭᠠᠶᠢᠯᠢ ᠵᠡᠷᠭᠡ ᠬᠤᠯᠪᠣᠭᠳᠠᠯ ᠪᠦᠬᠦᠢ ᠭᠠᠶᠢᠯᠢ ᠰᠦᠢᠳᠬᠡᠯ ᠢ ᠬᠤᠷᠢᠶᠠᠵᠤ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ᠃      ᠠᠵᠤ ᠠᠬᠤᠶᠢᠯᠠᠯ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢᠨ ᠳᠠᠩᠰᠠᠯᠠᠯ ᠢᠶᠠᠨ ᠬᠤᠪᠢᠷᠠᠭᠤᠯᠤᠭᠰᠠᠨ ᠤ ᠳᠠᠷᠠᠭ᠎ᠠ᠂ ᠬᠠᠮᠢᠶ᠎ᠠ ᠪᠦᠬᠦᠢ ᠠᠵᠤ ᠠᠬᠤᠶᠢᠯᠠᠯ ᠳᠠᠩᠰᠠ ᠬᠠᠷ᠎ᠠ ᠳᠠᠭᠠᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠢ᠃ ᠤᠯᠤᠰ ᠤᠨ ᠥᠮᠴᠢᠯᠡᠯᠲᠦ ᠬᠤᠪᠢᠴᠠᠭᠠᠨ ᠤ ᠡᠷᠬᠡ ᠶᠢ ᠰᠢᠯᠵᠢᠭᠦᠯᠵᠦ ᠭᠠᠷᠭᠠᠭᠰᠠᠨ ᠲᠠᠯ᠎ᠠ ᠠᠴᠠ ᠰᠢᠯᠵᠢᠭᠦᠯᠦᠭᠰᠡᠨ ᠤᠴᠢᠷ ᠢ ᠲᠤᠰ ᠠᠵᠤ ᠠᠬᠤᠶᠢᠯᠠᠯ ᠤᠨ ᠢᠶᠠᠨ ᠠᠪᠴᠠᠭᠠᠨ ᠤ ᠡᠵᠡᠨ ᠳᠤ ᠮᠡᠳᠡᠭᠳᠡᠬᠦ ᠬᠡᠷᠡᠭᠲᠡᠢ᠃      ᠲᠠᠪᠤ᠂ ᠵᠣᠬᠢᠶᠠᠨ ᠪᠠᠶᠢᠭᠤᠯᠤᠨ ᠤᠳᠤᠷᠢᠳᠬᠤ      ᠮᠠᠨ ᠤ ᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢᠨ ᠲᠤᠰᠠᠳᠠ᠂ ᠬᠥᠬᠡᠬᠤᠲᠠ ᠶᠢᠨ ᠬᠡᠰᠡᠭ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠦᠨ ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠲᠡᠭᠦᠯᠳᠡᠷᠵᠢᠬᠦᠯᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ᠳᠤᠭᠤᠶᠢᠯᠠᠩ ᠤᠨ ᠳᠠᠷᠤᠭ᠎ᠠ᠄ ᠯᠢᠦ ᠴᠧᠩ ᠮᠢᠨ    ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠᠳᠤᠭᠤᠶᠢᠯᠠᠩ ᠤᠨ ᠳᠡᠳ᠋ ᠳᠠᠷᠤᠭ᠎ᠠ᠄ ᠬᠠᠢ ᠶᠢᠩ   ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ᠳᠡᠳ᠋ ᠡᠷᠬᠢᠯᠡᠭᠴᠢ                              ᠵᠤᠤ ᠶᠢᠩ ᠵᠢᠶᠧ  ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠲᠣᠪᠴᠢᠶᠠᠨ ᠳᠠᠷᠤᠭ᠎ᠠᠭᠡᠰᠢᠭᠦᠨ᠄ ᠯᠢ ᠳ᠋ᠦᠩ  ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ         ᠬᠠᠨ ᠵᠢᠩ ᠷᠦᠩ  ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ        ᠯᠢᠦᠢ ᠱᠢ ᠵᠦᠩ  ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ        ᠰᠦᠨ ᠲᠣᠣ   ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ       ᠵᠢᠶᠠᠨ ᠪᠣᠣ   ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠳᠡᠳ᠋ ᠲᠣᠪᠴᠢᠶᠠᠨ ᠳᠠᠷᠤᠭ᠎ᠠ       ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠣᠬᠢᠷᠠᠭᠤᠯᠤᠨ᠂ ᠠᠯᠪᠠᠨ ᠭᠡᠷ ᠢ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠳᠤ ᠲᠣᠬᠢᠷᠠᠭᠤᠯᠵᠤ᠂ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠵᠤᠤ ᠶᠢᠩ ᠵᠢᠶᠧ ᠬᠠᠪᠰᠤᠷᠭᠠᠨ ᠡᠭᠦᠷᠭᠡᠯᠡᠨ᠎ᠡ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂  ᠨᠢᠭᠲᠠ ᠬᠠᠮᠵᠢᠯᠴᠠᠵᠤ᠂ ᠬᠦᠴᠦᠨ ᠢᠶᠠᠨ ᠨᠢᠭᠡᠳᠬᠡᠨ ᠰᠢᠯᠵᠢᠭᠦᠯᠬᠦ ᠬᠤᠯᠪᠣᠭᠳᠠᠯ ᠪᠦᠬᠦᠢ ᠠᠵᠢᠯ ᠶᠢ ᠰᠠᠶᠢᠲᠤᠷ ᠬᠢᠬᠦ ᠬᠡᠷᠡᠭᠲᠡᠢ᠃ ᠡᠯ᠎ᠡ ᠬᠤᠰᠢᠭᠤ ᠰᠢᠶᠠᠨ ᠲᠣᠭᠤᠷᠢᠭ ︵ᠨᠡᠭᠡᠭᠡᠯᠲᠡ ᠶᠢᠨ ᠲᠣᠭᠤᠷᠢᠭ︶ ᠤᠨ ᠠᠷᠠᠳ ᠤᠨ ᠵᠠᠰᠠᠭ ᠤᠨ ᠣᠷᠳᠣᠨ ᠲᠤᠰ ᠭᠠᠵᠠᠷ ᠣᠷᠣᠨ ᠤ ᠪᠠᠨ ᠤᠯᠤᠰ ᠤᠨ ᠥᠮᠴᠢᠯᠡᠯᠲᠦ ᠬᠥᠷᠥᠩᠭᠡ ᠶᠢ ᠰᠢᠯᠵᠢᠭᠦᠯᠬᠦ ᠠᠵᠢᠯ ᠳᠤ ᠶᠡᠷᠦᠩᠬᠡᠢ ᠬᠠᠷᠢᠭᠤᠴᠠᠯᠭ᠎ᠠ ᠡᠭᠦᠷᠭᠡᠯᠡᠨ᠂ ᠡᠭᠦᠷᠭᠡ ᠲᠤᠰᠢᠶᠠᠯ ᠢᠶᠠᠨ ᠦᠨᠡᠨᠬᠦ ᠭᠦᠢᠴᠡᠳᠬᠡᠵᠦ᠂ ᠠᠵᠢᠯ ᠤᠨ ᠪᠣᠳᠠᠲᠠᠢ  ᠲᠠᠢ ᠪᠠᠨ ᠤᠶᠠᠯᠳᠤᠭᠤᠯᠤᠨ᠂ ᠲᠤᠰ ᠲᠥᠰᠥᠯ ᠢᠶᠠᠷ ᠯᠠᠪᠯᠠᠯᠲᠠ ᠪᠣᠯᠭᠠᠨ ᠪᠣᠳᠠᠲᠠᠢ ᠠᠵᠢᠯ ᠤᠨ ᠲᠥᠰᠥᠯ ᠲᠣᠭᠲᠠᠭᠠᠵᠤ᠂ ᠰᠢᠯᠵᠢᠭᠦᠯᠬᠦ ᠠᠵᠢᠯ ᠤᠨ ᠡᠭᠦᠷᠭᠡ ᠬᠠᠷᠠᠯᠲᠠ ᠶᠢ ᠲᠣᠭᠲᠠᠭᠰᠠᠨ ᠴᠠᠭ ᠲᠠᠭᠠᠨ ᠴᠢᠨᠠᠷ ᠢ ᠪᠠᠲᠤᠯᠠᠨ ᠪᠡᠶᠡᠯᠡᠭᠦᠯᠬᠦ ᠬᠡᠷᠡᠭᠲᠡᠢ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ