ᠰᠢᠨ᠎ᠡ ᠬᠤᠲᠠ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠠᠵᠤ  ᠠᠬᠤᠶᠢᠯᠠᠯ ᠳᠤ ᠤᠷᠤᠵᠤ ᠳᠤᠲᠤᠨᠤ ᠦᠢᠯᠡᠴᠢᠯᠡᠭᠡ ᠶᠢᠨ ᠠᠵᠢᠯᠯᠠᠭ᠎ᠠ ᠦᠷᠨᠢᠭᠦᠯᠦᠨ᠎ᠡ
ᠨᠡᠶᠢᠲᠡᠯᠡᠭᠰᠡᠨ ᠴᠠᠭ᠄
2020/12/10
     ︽ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠢ ᠬᠡᠷᠬᠢᠨ ᠲᠤᠰᠢᠶᠠᠬᠤ᠂ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠᠨ ᠲᠠᠶᠢᠯᠬᠤ ᠬᠠᠷᠢᠴᠠᠯ ᠨᠢ ᠬᠡᠳᠦᠶ ᠪᠣᠶ︖ ᠡᠮᠨᠡᠯᠭᠡ ᠰᠢᠯᠵᠢᠬᠦ ᠳᠤ ᠬᠡᠷᠬᠢᠨ ᠭᠦᠢᠴᠡᠳᠭᠡᠬᠦ᠂ ᠭᠠᠳᠠᠷ ᠣᠷᠣᠨ ᠳᠤ ᠲᠦᠷᠭᠡᠨ ᠡᠮᠴᠢᠯᠡᠭᠡ ᠡᠭᠦᠰᠪᠡᠯ ᠶᠠᠭᠠᠬᠢᠪᠠᠯ ᠵᠣᠬᠢᠬᠤ ᠪᠣᠶ︖︾ 12 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠠᠰᠠᠭᠤᠨ ᠯᠠᠪᠯᠠᠬᠤ ᠪᠠᠷ ᠢᠷᠡᠭᠰᠡᠨ ᠰᠠᠭᠤᠭᠠᠯᠢ ᠠᠷᠠᠳ ᠲᠣᠰ ᠪᠡᠶ᠎ᠡ ᠶᠢᠨ ᠠᠩᠬᠠᠷᠴᠤ ᠪᠠᠶᠢᠭ᠎ᠠ ᠠᠰᠠᠭᠤᠳᠠᠯ ᠤᠨ ᠲᠤᠬᠠᠶ ᠰᠢᠨ᠎ᠡ ᠬᠤᠲᠠ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠲᠠᠢ ᠰᠠᠨᠠᠯ ᠢᠶᠠᠨ ᠰᠣᠯᠢᠯᠴᠠᠪᠠ᠃
      ᠰᠠᠭᠤᠭᠠᠯᠢ ᠠᠷᠠᠳ ᠲᠤ ᠬᠠᠮᠤᠭ ᠤᠨ ᠡᠷᠬᠡ ᠰᠦᠷᠲᠦ᠂ ᠬᠠᠮᠤᠭ ᠤᠨ ᠪᠦᠬᠦ ᠲᠠᠯ᠎ᠠ ᠶᠢᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠠᠩᠭᠠᠬᠤ ᠶᠢᠨ ᠲᠥᠯᠥᠭᠡ᠂ ᠰᠢᠨ᠎ᠡ ᠬᠤᠲᠠ ᠲᠣᠭᠤᠷᠢᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠡᠯ᠎ᠡ ᠰᠠᠯᠠᠭ᠎ᠠ ᠲᠠᠰᠤᠭ ᠤᠨ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ ᠢ ᠵᠣᠬᠢᠶᠠᠨ ᠪᠠᠶᠢᠭᠤᠯᠵᠤ ᠬᠥᠬᠡᠬᠤᠲᠠ ᠶᠢᠨ ᠤᠯᠤᠰ ᠤᠨ ᠠᠷᠠᠯᠵᠢᠶ᠎ᠠ ᠶᠢᠨ ᠪᠥᠭᠡᠮ ᠢᠶᠠᠷ ᠬᠤᠳᠠᠯᠳᠤᠬᠤ ᠬᠤᠲᠠ ᠳᠤ ᠬᠦᠷᠴᠦ᠂ ᠰᠠᠭᠤᠭᠠᠯᠢ ᠠᠷᠠᠳ ᠤᠨ ᠠᠰᠠᠭᠤᠳᠠᠯ ᠪᠠ ᠰᠡᠵᠢᠭ ᠢ ᠬᠢᠨᠠᠮᠠᠭᠠᠶ ᠬᠠᠷᠢᠭᠤᠯᠪᠠ᠃
     ᠡᠨᠡ ᠤᠳᠠᠭᠠᠨ ᠤ ᠠᠵᠢᠯᠯᠠᠭ᠎ᠠ ᠳᠤ᠂ ᠡᠮᠴᠢᠯᠡᠭᠡᠨ ᠤ ᠪᠠᠲᠤᠯᠠᠭ᠎ᠠ ᠶᠢᠨ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ᠂ ᠠᠷᠠᠳ ᠲᠤ ᠳᠥᠭᠦᠮ ᠦᠵᠡᠭᠦᠯᠵᠦ ᠠᠷᠠᠳ ᠲᠤ ᠠᠰᠢᠭ ᠬᠦᠷᠲᠡᠭᠡᠬᠦ ᠴᠢᠬᠤᠯᠠ ᠶᠡᠭᠡ ᠠᠷᠭ᠎ᠠ ᠬᠡᠮᠵᠢᠶ᠎ᠡ ᠪᠠ ᠭᠤᠤᠯᠳᠠᠯᠭ᠎ᠠ ᠲᠠᠢ ᠠᠵᠢᠯ ᠢᠶᠠᠷ ᠤᠬᠠᠭᠤᠯᠭ᠎ᠠ ᠶᠢᠨ ᠭᠤᠤᠯᠳᠠᠯᠭ᠎ᠠ ᠪᠣᠯᠭᠠᠵᠤ᠂ ᠳᠠᠭᠠᠳᠬᠠᠯ ᠳᠤ ᠣᠷᠣᠯᠴᠠᠵᠤ ᠳᠠᠩᠰᠠᠯᠠᠨ ᠲᠡᠮᠳᠡᠭᠯᠡᠬᠦ᠂ ᠰᠦᠢᠳᠭᠡᠯ ᠬᠤᠷᠢᠶᠠᠬᠤ ᠠᠴᠠ ᠡᠮᠨᠡᠯᠭᠡ ᠳᠤ ᠰᠠᠭᠤᠵᠤ ᠳᠠᠩᠰᠠᠯᠠᠨ ᠲᠡᠮᠳᠡᠭᠯᠡᠬᠦ᠂ ᠡᠮᠨᠡᠯᠭᠡ ᠶᠢᠨ ᠬᠢᠨᠠᠨ ᠪᠠᠶᠢᠴᠠᠭᠠᠵᠤ ᠳᠠᠩᠰᠠ ᠲᠠᠶᠢᠯᠬᠤ ᠬᠦᠷᠲᠡᠯ᠎ᠡ︔ ᠡᠳ᠋ ᠤᠨ ᠶᠠᠪᠤᠳᠠᠯ ᠤᠨ ᠬᠠᠮᠢᠶᠠᠷᠤᠯᠲᠠ᠂ ᠰᠠᠭᠤᠷᠢ ᠮᠥᠩᠭᠦ ᠥᠭᠬᠦ ᠠᠴᠠ ᠬᠢᠨᠠᠨ ᠬᠠᠷᠭᠤᠭᠤᠯᠵᠤ ᠬᠢᠨᠠᠨ ᠬᠠᠮᠢᠶᠠᠷᠬᠤ᠂ ᠵᠥᠪᠯᠡᠯᠴᠡᠭᠡᠷ ᠤᠨ ᠬᠢᠨᠠᠯᠲᠠ ᠲᠠᠯᠪᠢᠬᠤ ᠬᠦᠷᠲᠡᠯ᠎ᠡ︔ ᠡᠮ ᠤᠨ ᠵᠣᠶᠢᠯ ᠢ ᠬᠤᠳᠠᠯᠳᠤᠨ ᠠᠪᠬᠤ᠂ ᠦᠨ᠎ᠡ ᠬᠠᠩᠰᠢ ᠶᠢ ᠬᠢᠨᠠᠨ ᠲᠣᠭᠲᠠᠭᠠᠬᠤ ᠠᠴᠠ ᠡᠮ ᠡᠮᠨᠡᠯᠭᠡ ᠶᠢᠨ ᠠᠪᠤᠷᠠᠨ ᠲᠤᠰᠠᠯᠠᠬᠤ᠂ ᠡᠮ ᠡᠮᠨᠡᠯᠭᠡ ᠶᠢᠨ ᠳᠠᠭᠠᠳᠬᠠᠯ ᠢᠶᠠᠷ ᠶᠠᠳᠠᠭᠤ ᠶᠢ ᠲᠡᠳᠬᠦᠬᠦ ᠬᠦᠷᠲᠡᠯ᠎ᠡ ᠪᠦᠬᠦ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠦ᠂ ᠠᠮᠢᠳᠤᠯᠢᠭ ᠣᠯᠠᠨ ᠶᠠᠩᠵᠤ ᠶᠢᠨ᠂ ᠦᠵᠡᠵᠦ ᠰᠣᠨᠣᠰᠬᠤ ᠳᠤᠷᠠᠲᠠᠶ ᠬᠡᠯᠪᠡᠷᠢ ᠶᠢ ᠠᠪᠴᠤ᠂ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠪᠠᠶᠢᠭᠤᠯᠤᠯᠭ᠎ᠠ᠂ ᠬᠥᠳᠡᠭᠡ ᠲᠣᠰᠬᠤᠨ᠂ ᠨᠡᠶᠢᠭᠡᠮ ᠲᠣᠭᠤᠷᠢᠭ᠂ ᠰᠤᠷᠭᠠᠭᠤᠯᠢ᠂ ᠠᠵᠤ ᠠᠬᠤᠶᠢᠯᠠᠯ᠂ ᠡᠮᠨᠡᠯᠭᠡ ᠶᠢᠨ ᠬᠤᠷᠢᠶ᠎ᠠ᠂ ᠡᠮ ᠤᠨ ᠳᠡᠯᠭᠡᠭᠦᠷ᠂ ᠭᠡᠷ ᠪᠦᠯᠢ ᠳᠤ ᠣᠷᠣᠭᠤᠯᠬᠤ ᠶᠢ ᠠᠬᠢᠭᠤᠯᠵᠤ᠂ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ  ᠪᠦᠷᠬᠦᠴᠡ ᠶᠢ ᠳᠡᠭᠡᠭᠰᠢᠭᠦᠯᠵᠦ᠂ ᠰᠠᠭᠤᠭᠠᠯᠢ ᠠᠷᠠᠳ ᠪᠣᠯᠤᠨ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠬᠤ᠂ ᠡᠮ ᠡᠮᠨᠡᠯᠭᠡ ᠶᠢᠨ ᠳᠠᠭᠠᠳᠬᠠᠯ ᠤᠨ ᠦᠷ᠎ᠡ ᠪᠦᠲᠦᠭᠡᠯ ᠢ ᠬᠠᠮᠲᠤᠪᠠᠷ ᠬᠦᠷᠲᠡᠬᠦ ᠶᠢ ᠬᠥᠲᠥᠯᠥᠨ ᠵᠢᠯᠤᠭᠤᠳᠴᠣ᠂ ᠪᠦᠬᠦ ᠲᠤᠭᠤᠷᠢᠭ ᠤᠨ ᠡᠮ ᠡᠮᠨᠡᠯᠭᠡ ᠶᠢᠨ ᠪᠠᠲᠤᠯᠠᠭ᠎ᠠ ᠶᠢᠨ ᠠᠵᠢᠯ ᠤᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号