ᠰᠢᠨ᠎ᠡ ᠬᠤᠲᠠ ᠲᠣᠭᠤᠷᠢᠭ ᠤᠨ ᠵᠢᠷᠢᠮ ᠵᠠᠮ ᠤᠨ ᠨᠡᠶᠢᠭᠡᠮ ᠲᠣᠭᠤᠷᠢᠭ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠬᠤ ᠭᠤᠤᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/12/10
     ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠷᠭᠡᠨ ᠣᠯᠠᠨ ᠺᠠᠳ᠋ᠷ ᠣᠯᠠᠨ ᠲᠦᠮᠡᠨ ᠤ ᠦᠵᠡᠯ ᠰᠠᠨᠠᠭ᠎ᠠ ᠦᠢᠯᠡ ᠠᠵᠢᠯᠯᠠᠭ᠎ᠠ ᠶᠢ ᠪᠥᠬᠦᠳᠡ ᠬᠤᠷᠠᠯ ᠤᠨ ᠵᠣᠷᠢᠭ ᠰᠠᠨᠠᠭ᠎ᠠ ᠳᠡᠭᠡᠷ᠎ᠡ  ᠨᠢᠭᠡᠳᠭᠡᠬᠦ ᠶᠢ ᠤᠯᠠᠮ ᠨᠢᠭᠡ ᠠᠯᠬᠤᠮ ᠳᠠᠶᠢᠴᠢᠯᠠᠨ ᠣᠷᠠᠮᠰᠢᠭᠤᠯᠵᠤ᠂ ᠬᠦᠴᠦᠨ ᠴᠢᠳᠠᠯ ᠢᠶᠠᠨ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠣᠶᠢᠯ ᠤᠨ ᠡᠭᠦᠷᠭᠡ ᠶᠢ ᠪᠡᠶᠡᠯᠡᠭᠦᠯᠬᠦ ᠳᠡᠭᠡᠷ᠎ᠡ ᠨᠢᠭᠲᠠᠷᠠᠭᠤᠯᠬᠤ ᠶᠢᠨ  ᠲᠤᠰᠠᠲᠠ᠂ 12 ᠳ᠋ᠤᠭᠠᠷ ᠰᠠᠷ᠎ᠠ ᠶᠢᠨ 9 ᠤ ᠦᠳᠡ ᠶᠢᠨ ᠬᠤᠶᠢᠨ᠎ᠠ᠂ ᠵᠢᠷᠢᠮ ᠵᠠᠮ ᠤᠨ ᠨᠡᠶᠢᠭᠡᠮ ᠲᠣᠭᠤᠷᠢᠭ ᠺᠠᠳ᠋ᠷ ᠪᠣᠯᠤᠨ ᠬᠠᠷᠢᠶ᠎ᠠ ᠲᠤᠭᠤᠷᠢᠭ ᠤᠨ ᠨᠠᠮ ᠤᠨ ᠭᠡᠰᠢᠭᠦᠨ ᠢ ᠵᠣᠬᠢᠶᠠᠨ ᠪᠠᠶᠢᠭᠤᠯᠵᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠬᠤ ᠭᠤᠣᠯ ᠰᠡᠳᠦᠪᠲᠦ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠥᠷᠨᠢᠭᠦᠯᠪᠡ᠃
     ᠬᠤᠷᠠᠯ ᠳᠡᠭᠡᠷ᠎ᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢᠨ ᠰᠢᠨ᠎ᠡ ᠬᠤᠲᠠ ᠲᠣᠭᠤᠷᠢᠭ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ ᠮᠠ ᠿᠧᠨ ᠰᠢᠥᠢ ᠤᠬᠠᠭᠤᠯᠤᠨ ᠲᠠᠶᠢᠯᠪᠤᠷᠢᠯᠠᠭᠴᠢ ᠣᠯᠠᠨ ᠢ ᠳᠠᠭᠠᠭᠤᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠠᠴᠠ ᠨᠠᠰᠢ ᠣᠯᠤᠭᠰᠠᠨ ᠠᠮᠵᠢᠯᠲᠠ ᠶᠢ ᠨᠠᠷᠢᠨ ᠨᠢᠮᠪᠠᠶ ᠡᠮᠬᠢᠯᠡᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠪᠤᠳᠤᠯᠢᠶᠠᠨᠲᠠᠶ ᠳᠡᠯᠡᠬᠡᠶ ᠶᠢᠨ ᠪᠠᠶᠢᠳᠠᠯ᠂ ᠤᠯᠤᠰ ᠤᠨ ᠳᠤᠲᠤᠭᠠᠲᠤ ᠶᠢᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠭᠦᠷᠭᠡ ᠣᠨᠴᠠᠭᠠᠶᠢᠯᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠳᠤ ᠭᠦᠢᠴᠡᠳ ᠲᠠᠶᠢᠯᠤᠮᠵᠢ ᠬᠢᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠠᠯᠤᠰ ᠬᠡᠲᠦ ᠶᠢᠨ ᠬᠠᠷᠠᠯᠲᠠ ᠳᠤ ᠪᠦᠬᠦ ᠲᠠᠯ᠎ᠠ ᠶᠢᠨ ᠵᠠᠳᠠᠯᠤᠯᠲᠠ ᠬᠢᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠪᠠ ᠡᠷᠬᠡᠪᠰᠢ ᠵᠢᠷᠤᠮᠯᠠᠬᠤ ᠬᠡᠷᠡᠭᠲᠡᠶ ᠵᠠᠷᠴᠢᠮ ᠢ ᠳᠠᠬᠢᠨᠲᠠ ᠴᠢᠬᠤᠯᠠᠴᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠶᠢ ᠵᠣᠶᠢᠯ ᠳᠠᠷᠠᠭᠠᠯᠠᠨ ᠲᠠᠶᠢᠯᠪᠤᠷᠢᠯᠠᠪᠠ᠃      ᠤᠬᠠᠭᠤᠯᠤᠨ ᠲᠠᠶᠢᠯᠪᠤᠷᠢᠯᠠᠬᠤ ᠠᠵᠢᠯ ᠳᠠᠭᠤᠰᠤᠭᠰᠠᠨ ᠤ ᠳᠠᠷᠠᠭ᠎ᠠ᠂ ᠬᠤᠷᠠᠯ ᠳᠤ ᠣᠷᠣᠯᠴᠠᠭᠰᠠᠳ ᠢᠯᠡᠷᠬᠡᠶᠢᠯᠡᠭᠰᠡᠨ ᠨᠢ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠥᠬᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠰᠤᠷᠤᠯᠴᠠᠬᠤ ᠶᠢ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠦᠨᠡᠨ ᠬᠦ ᠰᠤᠷᠤᠯᠴᠠᠨ ᠣᠶᠢᠯᠠᠭᠠᠵᠤ  ᠪᠤᠲᠠᠲᠠᠶᠢᠵᠢᠭᠤᠯᠤᠨ᠎ᠠ ᠭᠡᠪᠡ  ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号