| | | ᠣᠷᠴᠢᠮ᠂ ᠬᠤᠲᠣᠩ ᠠᠷᠠᠳ ᠤᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠨ ᠬᠠᠷᠢᠶ᠎ᠠ ᠭᠠᠵᠠᠷ ᠤᠨ ᠢᠶᠠᠨ ᠳᠣᠲᠣᠷ᠎ᠠ ᠰᠤᠯᠢᠶᠤᠤ ᠶᠢᠨ | ᠪᠣᠬᠢᠷᠲᠤᠯ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠤᠬᠠᠭᠤᠯᠭ᠎ᠠ ᠶᠢᠨ ᠠᠵᠢᠯ ᠢ ᠥᠷᠨᠢᠭᠦᠯᠪᠡ᠃ ᠡᠨᠡ | ᠤᠳᠠᠭᠠᠨ ᠤ ᠤᠬᠠᠭᠤᠯᠭ᠎ᠠ ᠶᠢᠨ ᠠᠵᠢᠯ ᠨᠢ ᠭᠤᠣᠯᠳᠠᠭᠤ ᠬᠠᠷᠢᠶ᠎ᠠ ᠭᠠᠵᠠᠷ ᠤᠨ ᠳᠣᠲᠣᠷᠠᠬᠢ ᠰᠤᠯᠠ ᠬᠤᠳᠠᠯᠳᠤᠬᠤ | ᠡᠮ ᠤᠨ ᠳᠡᠯᠭᠡᠭᠦᠷ᠂ ᠭᠤᠶᠣᠯ ᠵᠠᠰᠠᠯ ᠤᠨ ᠡᠳ᠋ ᠬᠤᠳᠠᠯᠳᠤᠬᠤ ᠳᠡᠯᠭᠡᠭᠦᠷ᠂ ᠡᠯ᠎ᠡ ᠵᠦᠢᠯ ᠤᠨ ᠪᠦᠷᠢᠨ ᠪᠠᠷᠠᠭᠠᠲᠤ | ᠬᠡᠲᠦ ᠳᠡᠯᠭᠡᠭᠦᠷ ᠵᠡᠷᠭᠡ ᠡᠵᠡᠩᠨᠡᠯᠲᠡ ᠶᠢᠨ ᠭᠠᠵᠠᠷ ᠲᠤ ᠬᠠᠨᠳᠤᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ | ᠪᠠ ᠤᠯᠤᠰ ᠤᠨ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠬᠤ ᠠᠷᠭ᠎ᠠ ᠮᠠᠶ᠋ᠢᠭ ᠢᠶᠠᠷ ᠰᠤᠯᠢᠶᠤᠤ ᠶᠢᠨ ᠪᠣᠬᠢᠷᠲᠤᠯ ᠢ | ᠵᠠᠰᠠᠬᠤ ᠤᠬᠠᠭᠤᠯᠭ᠎ᠠ ᠶᠢᠨ ᠠᠵᠢᠯ ᠢ ᠥᠷᠭᠡᠨ ᠳᠡᠯᠭᠡᠷᠡᠩᠭᠦᠢ ᠥᠷᠨᠢᠭᠦᠯᠪᠡ᠃ ᠡᠵᠡᠩᠨᠡᠯᠲᠡ ᠬᠤᠳᠠᠯᠳᠤᠭᠠᠨ ᠤ | ᠡᠷᠦᠬᠡ ᠨᠦᠭᠦᠳ ᠴᠦ ᠪᠦᠬᠦ ᠲᠠᠯ᠎ᠠ ᠪᠠᠷ ︽ᠰᠤᠯᠢᠶᠤᠤ ᠶᠢ ᠬᠢᠵᠠᠭᠠᠷᠯᠠᠬᠤ︾ ︽ᠰᠤᠯᠢᠶᠤᠤ ᠶᠢ ᠪᠠᠭᠠᠰᠬᠠᠬᠤ︾ | ᠠᠵᠢᠯᠯᠠᠭ᠎ᠠ ᠳᠤ ᠢᠳᠡᠪᠬᠢᠲᠡᠢ ᠬᠠᠮᠵᠢᠯᠴᠠᠨ᠎ᠠ ᠭᠡᠵᠡᠭᠡᠪᠡ᠃ ᠰᠤᠷᠪᠤᠯᠵᠢᠯᠠᠭᠴᠢ ᠴᠢ ᠰᠢᠶᠥᠥ ᠶᠠᠨ ᠰᠡᠭᠦᠳᠡᠷᠯᠡᠪᠡ |