ᠦᠪᠣᠷ ᠮᠣᠩᠭᠤᠯ ᠤᠨ ᠦᠪᠡᠷᠳᠡᠭᠡᠨ ᠵᠠᠰᠠᠬᠤ ᠤᠷᠤᠨ 776 ᠦᠪᠡᠷᠳᠡᠭᠡᠨ ᠵᠠᠰᠠᠬᠤ ᠤᠷᠤᠨ  ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠡᠨ ᠢ ᠬᠦᠬᠢᠬᠦᠯᠣᠨ ᠰᠠᠶᠢᠰᠢᠶᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2020/12/10
     ᠦᠪᠣᠷ ᠮᠣᠩᠭᠤᠯ ᠤᠨ ᠡᠳᠣᠷ ᠤᠨ ᠰᠤᠨᠢᠨ   ᠤ 12  ᠰᠠᠷ᠎ᠠ ᠶᠢᠨ 8 ᠤ ᠡᠳᠣᠷ ᠤᠨ ᠮᠡᠳᠡᠭᠡ ︵ ᠰᠤᠷᠪᠤᠯᠵᠢᠯᠠᠭᠴᠢ  ᠰᠤ᠋ ᠶᠦᠩ ᠱᠧᠩ︶ 12 ᠰᠠᠷ᠎ᠠ ᠶᠢᠨ 8 ᠤ ᠡᠳᠦᠷ᠂ ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠰᠣᠨᠢᠨ ᠮᠡᠳᠡᠭᠡ ᠨᠡᠶᠢᠳᠡᠯᠡᠬᠦ ᠬᠤᠷᠠᠯ ᠬᠢᠵᠦ᠂ ᠦᠪᠣᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠣᠳᠠᠯ ᠦᠭᠡᠢ ᠬᠤᠷᠠᠯᠳᠣᠬᠤ ᠭᠡᠵᠦ ᠪᠠᠶᠢᠭ᠎ᠠ ᠦᠪᠡᠷᠳᠡᠭᠡᠨ ᠵᠠᠰᠠᠬᠤ ᠣᠷᠣᠨ ᠤ ᠬᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠳᠠᠨ ᠢ  ᠬᠦᠬᠢᠭᠦᠯᠦᠨ ᠰᠠᠶᠢᠰᠢᠶᠠᠬᠤ ᠶᠡᠭᠡ ᠬᠤᠷᠠᠯ ᠤᠨ ᠬᠠᠮᠢᠶ᠎ᠠ ᠪᠦᠬᠦᠢ ᠠᠭᠤᠯᠭ᠎ᠠ ᠵᠢᠴᠢ ᠪᠦᠬᠦ ᠣᠯᠣᠰ᠂ ᠦᠪᠡᠷᠳᠡᠭᠡᠨ ᠵᠠᠰᠠᠬᠤ ᠣᠷᠣᠨ ᠤ ᠬᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠳᠠᠨ ᠢ ᠳᠡᠪᠰᠢᠭᠦᠯᠦᠨ ᠳᠠᠨᠢᠯᠴᠠᠭᠤᠯᠵᠣ ᠰᠢᠯᠭᠠᠷᠠᠭᠤᠯᠣᠭᠰᠠᠨ ᠪᠠᠶᠢᠳᠠᠯ ᠢ ᠵᠠᠷᠯᠠᠨ ᠮᠡᠳᠡᠭᠳᠡᠪᠡ᠃    ᠰᠣᠨᠢᠨ ᠮᠡᠳᠡᠭᠡ ᠨᠡᠶᠢᠳᠡᠯᠡᠬᠦ ᠬᠤᠷᠠᠯ ᠠᠴᠠ ᠵᠠᠳᠠᠷᠠᠭᠤᠯᠣᠭᠰᠠᠨ ᠢᠶᠠᠷ᠂ ᠦᠪᠡᠷᠳᠡᠭᠡᠨ ᠵᠠᠰᠠᠬᠤ ᠣᠷᠣᠨ   ᠤ  ᠨᠠᠮ ᠤᠨ ᠬᠤᠷᠢᠶ᠎ᠠ᠂ ᠵᠠᠰᠠᠭ ᠤᠨ ᠣᠷᠳᠣᠨ 12 ᠰᠠᠷ᠎ᠠ ᠶᠢᠨ 10 ᠤ ᠡᠳᠦᠷ ᠬᠥᠬᠡᠬᠤᠲᠠ ᠳᠤ ᠥᠪᠡᠷᠲᠡᠭᠡᠨ ᠵᠠᠰᠠᠬᠤ ᠣᠷᠣᠨ ᠤ ᠬᠦᠳᠡᠯᠮᠣᠷᠢ ᠶᠢᠨ ᠵᠢᠱᠢᠶᠡᠴᠢ ᠪᠣᠯᠤᠨ ᠲᠡᠷᠢᠭᠦᠨ ᠠᠵᠢᠯᠳᠡᠨ ᠢ ᠬᠦᠬᠢᠬᠦᠯᠣᠨ ᠰᠠᠶᠢᠰᠢᠶᠠᠬᠤ ᠶᠡᠭᠡ ᠬᠤᠷᠠᠯ ᠬᠤᠷᠠᠯᠳᠣᠭᠤᠯᠵᠣ᠂ 2016 ᠤᠨ ᠠᠴᠠ ᠨᠠᠭᠠᠰᠢ ᠡᠯ᠎ᠠ ᠠᠵᠢᠯ ᠲᠦᠷᠦᠯ ᠤᠨ ᠲᠤᠪᠤᠶᠢᠮ᠎ᠠ ᠬᠤᠪᠢ ᠨᠡᠮᠡᠷᠢ ᠭᠠᠷᠭᠠᠭᠰᠠᠨ 525 ᠦᠪᠡᠷᠳᠡᠭᠡᠨ ᠵᠠᠰᠠᠬᠤ ᠤᠷᠤᠨ ᠤ ᠬᠥᠳᠡᠯᠮᠦᠷᠢ ᠶᠢᠨ ᠵᠢᠱᠢᠶᠡᠴᠢ ᠪᠣᠯᠤᠨ 251 ᠦᠪᠡᠷᠳᠡᠭᠡᠨ ᠵᠠᠰᠠᠬᠤ ᠤᠷᠤᠨ ᠤ ᠲᠡᠷᠢᠭᠦᠨ ᠤ ᠠᠵᠢᠯᠳᠡᠨ ᠢ ᠬᠦᠬᠢᠭᠦᠯᠦᠨ ᠰᠠᠶᠢᠰᠢᠶᠠᠬᠤ ᠪᠣᠯᠣᠨ᠎ᠠ᠃    ᠣᠢᠢᠯᠠᠭᠠᠭᠰᠠᠨ ᠢᠶᠠᠷ᠂ ᠡᠨᠡ ᠤᠳᠠᠭᠠᠨ ᠤ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠲᠠᠨ ᠢ  ᠰᠢᠯᠭᠠᠷᠠᠭᠤᠯᠬᠤ ᠠᠵᠢᠯ ᠨᠢ ᠥᠪᠡᠷᠲᠡᠭᠡᠨ ᠵᠠᠰᠠᠬᠤ ᠣᠷᠣᠨ ᠤ ᠭᠤᠷᠪᠠᠨ ᠪᠣᠭᠤᠮᠲᠠ ᠰᠢᠪᠲᠤᠯᠬᠤ ᠳᠠᠶᠢᠯᠠᠯᠳᠤᠭᠠᠨ᠂ ᠴᠢᠨᠠᠷ ᠰᠠᠶᠢᠳᠠᠢ ᠬᠥᠭᠵᠢᠯᠲᠡ ᠪᠠ ᠭᠤᠣᠯᠳᠠᠯᠭ᠎ᠠ ᠲᠠᠢ ᠬᠦᠷᠢᠶ᠎ᠡ᠂ ᠭᠤᠤᠯᠳᠠᠯᠭ᠎ᠠ ᠲᠠᠢ ᠲᠦᠷᠦᠯ ᠵᠦᠢᠯ ᠲᠠᠢ ᠨᠢᠭᠳᠠ ᠣᠶᠠᠯᠳᠣᠭᠤᠯᠵᠣ᠂ ᠠᠵᠤ ᠠᠬᠤᠢ ᠶᠢᠨ ᠬᠦᠭᠵᠢᠯᠳᠠ ᠶᠢᠨ ᠨᠢᠭᠡᠳᠦᠭᠡᠷ ᠹᠷᠣᠨᠲ᠂ ᠰᠢᠨᠵᠢᠯᠡᠬᠦ ᠤᠬᠠᠭᠠᠨ   ᠤ ᠰᠤᠳᠤᠯᠭᠠᠨ ᠤ ᠰᠢᠨ᠎ᠡ ᠶᠢ ᠡᠬᠦᠳᠬᠦ ᠬᠤᠰᠢᠭᠤᠴᠢ ᠰᠢᠯᠢᠳᠡᠭ ᠬᠦᠳᠡᠯᠮᠦᠷᠢᠯᠡᠭᠴᠢᠳ ᠢᠶᠠᠷ ᠭᠤᠤᠯᠳᠠᠯᠭ᠎ᠠ ᠪᠤᠯᠭᠠᠵᠤ᠂ ᠪᠠᠰᠠ130 ᠲᠤᠰᠬᠠᠢ ᠲᠦᠷᠣᠯ ᠤᠨ ᠬᠦᠷᠢᠶᠡᠨ ᠤ ᠣᠷᠣᠨ ᠲᠤᠭ᠎ᠠ ᠲᠤᠬᠢᠷᠠᠭᠤᠯᠵᠠᠢ᠃ ᠰᠢᠯᠭᠠᠷᠠᠭᠤᠯᠬᠤ ᠶᠠᠪᠣᠴᠠ ᠳᠤ ᠂ ᠦᠨᠳᠦᠰᠦᠨ ᠱᠠᠲᠤ ᠪᠠ ᠨᠢᠭᠡᠳᠦᠭᠡᠷ ᠹᠷᠣᠨᠲ ᠲᠤ ᠬᠠᠨᠳᠤᠭᠤᠯᠬᠤ ᠶᠢ ᠪᠠᠷᠢᠮᠲᠠᠯᠠᠬᠤ ᠶᠢᠨ ᠬᠠᠮᠲᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠲᠠᠢ ᠡᠰᠡᠷᠬᠦᠴᠡᠭᠰᠡᠨ ᠨᠢᠭᠡᠳᠦᠭᠡᠷ ᠹᠷᠣᠨᠲ ᠤᠨ ᠬᠦᠮᠣᠰ ᠳᠠᠰᠢ ᠬᠡᠯᠪᠠᠶᠢᠯᠭᠡᠪᠡ᠃ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢ ᠰᠢᠯᠭᠠᠷᠠᠭᠤᠯᠬᠤ ᠳᠤ ᠠᠵᠤ ᠠᠬᠤᠢᠢᠯᠠᠯ ᠤᠨ ᠠᠵᠢᠯᠲᠠᠨ ᠠᠵᠢᠯᠴᠢᠨ ᠪᠠ ᠲᠤᠰᠬᠠᠢ ᠮᠡᠷᠭᠡᠵᠢᠯ ᠤᠨ ᠠᠵᠢᠯᠳᠠᠨ ᠢ ᠶᠡᠷᠦᠩᠭᠡᠢ ᠲᠤᠭᠠᠨ ᠤ 45% ᠠᠴᠠ ᠲᠡᠭᠡᠭᠰᠢ ᠪᠠᠶᠢᠯᠭᠠᠬᠤ ᠶᠢ ᠱᠠᠭᠠᠷᠳᠠᠵᠤ᠂ ᠲᠡᠭᠡᠷ᠎ᠠ ᠬᠤᠭᠤᠴᠠᠭᠠᠨ   ᠤ ᠬᠢ ᠠᠴᠠ ᠵᠠᠭᠤᠨ ᠤ ᠬᠠᠷᠢᠴᠠᠯ ᠢᠶᠠᠷ 5 ᠬᠤᠪᠢ ᠳᠡᠭᠡᠭᠰᠢᠯᠡᠭᠦᠯᠵᠡᠢ᠃ ᠠᠵᠤ ᠠᠬᠤᠢᠢᠯᠠᠯ ᠤᠨ ᠬᠠᠷᠢᠭᠤᠴᠠᠯᠭᠠᠳᠠᠨ ᠢ ᠶᠡᠷᠦᠩᠭᠡᠢ ᠲᠤᠭᠠᠨ ᠤ 5% ᠠᠴᠠ ᠳᠠᠪᠠᠭᠤᠯᠬᠤ ᠦᠭᠡᠢ ᠪᠠᠶᠢᠬᠤ ᠶᠢ ᠱᠠᠭᠠᠷᠳᠠᠵᠤ᠂ ᠲᠡᠭᠡᠷ᠎ᠠ ᠬᠤᠭᠤᠴᠠᠭᠠᠨ ᠤ ᠬᠢ ᠠᠴᠠ ᠵᠠᠭᠤᠨ   ᠤ ᠬᠠᠷᠢᠴᠠᠯ ᠢᠶᠠᠷ 3 ᠬᠤᠪᠢ ᠪᠠᠭᠤᠷᠠᠭᠤᠯᠵᠠᠢ᠃ ᠬᠥᠬᠢᠭᠦᠯᠦᠨ ᠰᠠᠶᠢᠰᠢᠶᠠᠬᠤ ᠪᠠᠷ ᠪᠠᠶᠢᠭ᠎ᠠ ᠪᠣᠢ ᠪᠦᠬᠦᠢ ᠵᠢᠱᠢᠭᠳᠡᠭᠴᠢ ᠶᠢ ᠴᠦᠮ ᠦᠨᠳᠦᠰᠦᠨ ᠱᠠᠳᠣᠨ ᠤ ᠨᠢᠭᠡᠴᠢ ᠶᠢᠨ ᠠᠷᠠᠳᠴᠢᠯᠠᠯ ᠤᠨ ᠡᠮᠬᠢ ᠳᠠᠷᠠᠭᠠᠯᠠᠯ ᠢ ᠬᠡᠷᠡᠭᠵᠢᠭᠦᠯᠦᠨ ᠳᠣᠣᠷ᠎ᠠ ᠠᠴᠠ ᠳᠡᠭᠡᠭᠰᠢ ᠱᠠᠳᠣ ᠱᠠᠳᠣ ᠪᠠᠷ ᠳᠡᠪᠰᠢᠭᠦᠯᠦᠨ ᠳᠠᠨᠢᠯᠴᠠᠭᠤᠯᠵᠣ᠂ ᠥᠪᠡᠷᠲᠡᠭᠡᠨ ᠵᠠᠰᠠᠬᠤ ᠣᠷᠣᠨ ᠤ ᠬᠥᠳᠡᠯᠮᠦᠷᠢ ᠶᠢᠨ ᠵᠢᠱᠢᠶᠡᠴᠢ ᠶᠢ ᠬᠦᠬᠢᠭᠦᠯᠦᠨ ᠰᠠᠶᠢᠰᠢᠶᠠᠬᠤ ᠠᠵᠢᠯ ᠤᠨ ᠪᠡᠯᠡᠳᠬᠡᠯ ᠺᠣᠮᠢᠰ ᠤᠨ ᠠᠯᠪᠠᠨ ᠭᠡᠷ ᠠᠴᠠ ᠴᠢᠩᠭ᠎ᠠ ᠬᠢᠨᠠᠨ ᠬᠠᠷᠭᠤᠭᠤᠯᠬᠤ ᠶᠢᠨ ᠬᠠᠮᠲᠤ ᠺᠠᠳ᠋ᠷ ᠤᠨ ᠬᠠᠮᠢᠶᠠᠷᠤᠯᠲᠠ ᠶᠢᠨ ᠡᠷᠬᠡ ᠮᠠᠲᠠᠯ ᠶᠣᠰᠣᠭᠠᠷ ᠲᠠᠪᠰᠢᠬᠦᠯᠦᠭᠰᠡᠨ ᠵᠢᠱᠢᠭᠳᠡᠭᠰᠡᠳ ᠤᠨ ᠳᠣᠬᠠᠢ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠳᠣᠲᠣᠭᠠᠳᠤ ᠶᠢ ᠬᠠᠮᠠᠭᠠᠯᠠᠬᠤ ᠲᠢᠩᠬᠢᠮ ᠵᠡᠷᠭᠡ 11 ᠨᠢᠭᠡᠴᠢ ᠶᠢᠨ ᠰᠠᠨᠠᠯ ᠢ ᠲᠣᠰ ᠲᠣᠰ ᠬᠤᠷᠢᠶᠠᠬᠤ ᠶᠢᠨ ᠬᠠᠮᠳᠤ᠂ ᠪᠡᠯᠡᠳᠬᠡᠯ ᠵᠥᠪᠯᠡᠯ ᠤᠨ ᠡᠯ᠎ᠠ ᠭᠡᠰᠢᠭᠦᠳ ᠤᠨ ᠰᠠᠨᠠᠯ ᠢ ᠬᠤᠷᠢᠶᠠᠨ᠂ ᠪᠦᠬᠦ ᠣᠯᠣᠰ᠂ ᠦᠪᠡᠷᠳᠡᠭᠡᠨ ᠵᠠᠰᠠᠬᠤ ᠣᠷᠣᠨ ᠬᠤᠶᠠᠷ ᠱᠠᠳᠤᠨ ᠤ ᠬᠥᠳᠡᠯᠮᠦᠷᠢ ᠶᠢᠨ ᠵᠢᠱᠢᠶᠡᠴᠢ ᠶᠢᠨ ᠦᠷᠭᠡᠨ ᠳᠡᠯᠭᠡᠷ ᠲᠡᠷᠢᠬᠦᠨ ᠤ ᠴᠢᠨᠠᠷ᠂ ᠲᠦᠯᠦᠭᠡᠯᠡᠬᠦ ᠴᠢᠨᠠᠷ᠂ ᠣᠯᠠᠨ ᠲᠦᠮᠡᠨᠴᠢ ᠴᠢᠨᠠᠷ ᠢ ᠦᠨᠡᠨᠬᠦ ᠪᠠᠲᠤᠯᠠᠵᠠᠢ᠃    ᠡᠭᠦᠨ ᠠᠴᠠ ᠭᠠᠳᠠᠨ᠎ᠠ᠂ ᠪᠦᠬᠦ ᠣᠯᠣᠰ ᠤᠨ ᠬᠥᠳᠡᠯᠮᠦᠷᠢ ᠶᠢᠨ ᠵᠢᠱᠢᠶᠡᠴᠢ ᠪᠣᠯᠤᠨ ᠲᠡᠷᠢᠭᠦᠨ ᠤ ᠠᠵᠢᠯᠳᠡᠨ ᠢ ᠬᠦᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠦᠪᠡᠷᠳᠡᠭᠡᠨ ᠵᠠᠰᠠᠬᠤ ᠣᠷᠣᠨ ᠤ ᠪᠦᠬᠦ ᠣᠯᠣᠰ ᠤᠨ ᠬᠥᠳᠡᠯᠮᠦᠷᠢ ᠶᠢᠨ ᠵᠢᠱᠢᠶᠡᠴᠢ 41 ᠬᠦᠮᠦᠨ᠂ ᠪᠦᠬᠦ ᠤᠯᠤᠰ ᠤᠨ ᠲᠡᠷᠢᠬᠦᠨ ᠤ ᠠᠵᠢᠯᠳᠠᠨ 20 ᠨᠡᠷᠡᠰ ᠪᠥᠬᠦ ᠤᠯᠤᠰ ᠤᠨ ᠲᠡᠷᠢᠭᠦᠨ ᠤ ᠠᠵᠢᠯᠲᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠥᠬᠢᠭᠦᠯᠦᠯ ᠢ ᠭᠥᠷᠳᠡᠪᠡ᠃ 61 ᠬᠥᠮᠦᠨ ᠤ ᠳᠣᠲᠣᠷ᠎ᠠ᠂ ᠠᠵᠤ ᠠᠬᠤᠢᠢᠯᠠᠯ ᠤᠨ ᠠᠵᠢᠯᠲᠠᠨ ᠠᠵᠢᠯᠴᠢᠨ ᠪᠠ ᠪᠤᠰᠤᠳ ᠬᠥᠳᠡᠯᠮᠦᠷᠢᠴᠢᠨ 28 ᠬᠦᠮᠤᠨ᠂ ᠮᠠᠯᠴᠢᠨ ᠲᠠᠷᠢᠶᠠᠴᠢᠨ 13 ᠬᠦᠮᠤᠨ᠂ ᠪᠠᠶᠢᠭᠤᠯᠭ᠎ᠠ ᠠᠵᠢᠯ ᠦᠢᠯᠡᠰ  ᠤᠨ ᠨᠢᠭᠡᠴᠢ ᠶᠢᠨ ᠠᠵᠢᠯᠳᠠᠨ 20 ᠬᠦᠮᠤᠨ ᠪᠣᠢ᠃http://mongol.people.com.cn/15832220.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号