ᠮᠠᠨ ᠤ ᠬᠤᠲᠠ ᠢᠨᠲ᠋ᠧᠷ ᠰᠦᠯᠵᠢᠶᠡᠨ ᠤ ᠳᠤᠭᠤᠶ ᠲᠡᠷᠭᠡ ᠶᠢᠨ ᠵᠢᠷᠤᠮᠵᠢᠭᠤᠨ ᠪᠥᠭᠡᠳ ᠡᠮᠬᠢ ᠵᠢᠷᠤᠮ ᠲᠠᠢ ᠬᠥᠭᠵᠢᠯᠲᠡ ᠶᠢ ᠵᠣᠷᠢᠭᠵᠢᠭᠤᠯᠤᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ ᠨᠡᠶᠢᠲᠡᠯᠡᠪᠡ
ᠨᠡᠶᠢᠲᠡᠯᠡᠭᠰᠡᠨ ᠴᠠᠭ᠄
2020/12/10
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠶᠦᠨ ᠶᠠᠨ ᠹᠠᠩ︶ ᠮᠠᠨ ᠤ ᠬᠤᠲᠠ ᠶᠢᠨ ᠢᠡᠲ᠋ᠧᠷ ᠰᠦᠯᠵᠢᠶᠡᠨ ᠤ ᠲᠦᠷᠢᠶᠡᠰᠦᠨ ᠳᠤᠭᠤᠶ ᠲᠡᠷᠭᠡ ︵ᠳᠣᠷᠣᠭᠰᠢ ᠢᠡᠲ᠋ᠧᠷ ᠰᠦᠯᠵᠢᠶᠡᠨ ᠤ ᠳᠤᠭᠤᠶ ᠲᠡᠷᠭᠡ ᠭᠡᠵᠦ ᠲᠣᠪᠴᠢᠯᠠᠨ᠎ᠠ︶ ᠶᠢᠨ ᠵᠢᠷᠤᠮᠵᠢᠭᠤᠨ ᠡᠮᠬᠢ ᠵᠢᠷᠤᠮ ᠲᠠᠢ ᠪᠥᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠤᠲᠠ ᠶᠢᠨ ᠠᠷᠠᠳ ᠤᠨ ᠪᠣᠬᠢᠷᠲᠤᠯ ᠥᠬᠡᠶ ᠶᠠᠪᠤᠵᠤ ᠰᠠᠭᠤᠬᠤ ᠶᠢ ᠰᠠᠨᠠᠭᠠᠴᠢᠯᠠᠨ᠂ ᠡᠯ᠎ᠡ ᠲᠠᠯ᠎ᠠ ᠶᠢᠨ ᠬᠢᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ ᠮᠠᠨ ᠤ ᠬᠤᠲᠠ ᠣᠶᠢᠷ᠎ᠠ ᠳᠤ ︽ᠢᠡᠲ᠋ᠧᠷ ᠰᠦᠯᠵᠢᠶᠡᠨ ᠤ ᠲᠦᠷᠢᠶᠡᠰᠦᠨ ᠳᠤᠭᠤᠶ ᠲᠡᠷᠭᠡ ᠶᠢᠨ ᠬᠥᠭᠵᠢᠯᠲᠡ ᠶᠢ ᠵᠢᠷᠤᠮᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠲᠣᠭᠲᠠᠭᠠᠨ ᠬᠡᠷᠡᠭᠵᠢᠭᠦᠯᠪᠡ᠃      ︽ᠰᠠᠨᠠᠯ︾ ᠳᠤ᠂ ᠢᠨᠲ᠋ᠧᠷ ᠰᠦᠯᠵᠢᠶᠡᠨ ᠤ ᠳᠤᠭᠤᠶ ᠲᠡᠷᠭᠡ ᠶᠢ ᠨᠢᠭᠡᠳᠦᠯᠲᠡᠶ ᠲᠥᠯᠥᠪᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠣᠯᠠᠨ ᠨᠡᠶᠢᠲᠡ ᠶᠢᠨ ᠲᠦᠷᠢᠶᠡᠰᠦᠨ ᠳᠤᠭᠤᠶ ᠲᠡᠷᠭᠡ ᠪᠣᠯᠤᠨ ᠢᠨᠲ᠋ᠧᠷ ᠰᠦᠯᠵᠢᠶᠡᠨ ᠤ ᠲᠦᠷᠢᠶᠡᠰᠦᠨ ᠳᠤᠭᠤᠶ ᠲᠡᠷᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠬᠤ ᠬᠡᠷᠡᠭᠲᠡᠶ᠃ ᠢᠨᠲ᠋ᠧᠷ ᠰᠦᠯᠵᠢᠶᠡᠨ ᠤ ᠳᠤᠭᠤᠶ ᠲᠡᠷᠭᠡᠨ ᠤ ᠬᠥᠭᠵᠢᠯᠲᠡ ᠶᠢᠨ ᠬᠡᠪᠴᠢᠶ᠎ᠡ ᠳᠤ ᠶᠡᠷᠦᠩᠬᠡᠶ ᠬᠡᠮᠵᠢᠶ᠎ᠡ ᠶᠢ ᠲᠣᠬᠢᠷᠠᠭᠤᠯᠤᠨ ᠡᠵᠡᠮᠳᠡᠬᠦ ᠶᠢ ᠬᠡᠷᠡᠭᠵᠢᠭᠦᠯᠵᠦ᠂ ᠬᠤᠲᠠ ᠶᠢᠨ ᠠᠷᠠᠳ ᠤᠨ ᠤᠢᠢᠷ᠎ᠠ ᠬᠠᠪᠢ ᠳᠠᠭᠠᠨ ᠭᠠᠷᠴᠤ ᠶᠠᠪᠤᠬᠤ ᠬᠡᠷᠡᠭᠴᠡᠭᠡ ᠱᠠᠭᠠᠷᠳᠠᠯᠭ᠎ᠠ᠂ ᠬᠤᠲᠠ ᠶᠢᠨ ᠣᠷᠣᠨ ᠵᠠᠶ ᠶᠢᠨ ᠳᠠᠭᠠᠭᠠᠬᠤ ᠴᠢᠳᠠᠪᠤᠷᠢ᠂ ᠵᠠᠮ ᠤᠨ ᠡᠬᠢ ᠪᠠᠶᠠᠯᠢᠭ ᠬᠢᠭᠡᠳ ᠲᠡᠷᠭᠡ ᠵᠣᠭᠰᠣᠭᠠᠬᠤ ᠪᠡᠯᠡᠳᠬᠡᠮᠵᠢ ᠲᠦᠭᠦᠭᠡᠷᠦᠮᠵᠢ ᠶᠢᠨ ᠳᠠᠭᠠᠭᠠᠬᠤ ᠴᠢᠳᠠᠪᠤᠷᠢ ᠯᠤᠭ᠎ᠠ ᠵᠤᠬᠢᠴᠠᠯᠳᠤᠭᠤᠯᠵᠤ᠂ ᠲᠤᠭᠤᠢ ᠲᠡᠷᠭᠡ ᠲᠤᠬᠢᠷᠠᠭᠤᠯᠵᠤ ᠲᠠᠯᠪᠢᠬᠤ ᠶᠡᠷᠦᠩᠬᠡᠶ ᠬᠡᠮᠵᠢᠶ᠎ᠡ ᠪᠠ ᠠᠶᠢᠵᠠᠮ ᠢ ᠰᠢᠨᠵᠢᠯᠡᠬᠦ ᠤᠬᠠᠭᠠᠨᠴᠢ ᠪᠠᠷ ᠡᠵᠡᠮᠳᠡᠵᠦ᠂ ᠰᠣᠬᠤᠷ ᠪᠠᠯᠠᠶ ᠪᠠᠷ ᠥᠷᠭᠡᠳᠬᠡᠬᠦ ᠶᠢ ᠰᠡᠷᠭᠡᠶᠢᠯᠡᠨ᠂ ᠬᠥᠳᠡᠯᠦᠩᠭᠦᠢ ᠲᠡᠩᠴᠡᠭᠦᠷᠢᠲᠡᠶ ᠪᠠᠶᠢᠬᠤ ᠶᠢ ᠪᠠᠲᠤᠯᠠᠵᠤ᠂ ᠡᠮᠬᠢ ᠵᠢᠷᠤᠮ ᠲᠠᠢ ᠪᠠᠷ ᠬᠥᠭᠵᠢᠬᠦ ᠶᠢ ᠠᠬᠢᠭᠤᠯᠤᠨ᠎ᠠ ᠭᠡᠵᠦ ᠵᠢᠭᠠᠵᠤ ᠭᠠᠷᠭᠠᠪᠠ᠃      ︽ᠰᠠᠨᠠᠯ︾ ᠳᠤ᠂ ᠡᠵᠡᠩᠨᠡᠯᠲᠡ ᠶᠢᠨ ᠠᠵᠤ ᠠᠬᠤᠶᠢᠯᠠᠯ ᠨᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠤᠮᠯᠠᠨ ᠰᠠᠬᠢᠵᠤ᠂ ᠡᠵᠡᠩᠨᠡᠯᠲᠡ ᠶᠢᠨ ᠬᠡᠪᠴᠢᠶ᠎ᠡ ᠲᠠᠢ ᠪᠠᠨ ᠵᠣᠬᠢᠴᠠᠯᠳᠤᠬᠰᠠᠨ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ ᠪᠦᠷᠢᠯᠳᠦᠭᠦᠯᠬᠦ ᠶᠢᠨ ᠬᠠᠮᠲᠤ ᠵᠠᠰᠠᠭ ᠤᠨ ᠣᠷᠳᠣᠨ ᠤ ᠬᠠᠮᠢᠶ᠎ᠠ ᠪᠥᠬᠦᠶ ᠡᠭᠦᠷᠭᠡ ᠴᠢᠳᠠᠪᠭᠢᠲᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠲᠡᠷᠭᠡ ᠬᠥᠰᠬᠡ ᠶᠢᠨ ᠶᠠᠰᠤ ᠴᠢᠨᠠᠷ ᠤᠨ ᠠᠮᠤᠷ ᠲᠦᠪᠰᠢᠨ ᠢ ᠪᠠᠲᠤᠯᠠᠵᠤ ᠂ ᠠᠵᠤ ᠠᠬᠤᠶᠢᠯᠠᠯ ᠤᠨ ᠲᠤᠬᠢᠷᠠᠭᠤᠯᠵᠤ ᠲᠠᠯᠪᠢᠬᠤ ᠭᠡᠵᠦ ᠪᠠᠶᠢᠭ᠎ᠠ ᠲᠡᠷᠭᠡ ᠬᠥᠰᠬᠡ ᠶᠢ ᠴᠠᠭ ᠲᠤᠬᠠᠶ ᠳᠤᠨᠢ ᠣᠷᠣᠨ ᠪᠠᠶᠢᠷᠢ ᠲᠣᠭᠲᠠᠭᠠᠬᠤ ᠪᠠ ᠣᠨᠣᠪᠴᠢᠲᠠᠶ ᠪᠠᠶᠢᠴᠠᠭᠠᠨ ᠡᠷᠢᠬᠦ ᠴᠢᠳᠠᠮᠵᠢ ᠲᠠᠢ ᠪᠠᠶᠢᠯᠭᠠᠵᠤ᠂ ᠲᠡᠷᠭᠡᠨ ᠳᠤ ᠳᠠᠭᠠᠭᠤᠯᠢ ᠣᠳᠣ ᠪᠠᠷ ᠣᠷᠣᠨ ᠪᠠᠶᠢᠷᠢ ᠲᠣᠭᠲᠠᠭᠠᠬᠤ ᠪᠠ ᠣᠶᠤᠨᠴᠢ ᠴᠢᠮᠡᠭᠡ ᠨᠡᠪᠲᠡᠷᠡᠯᠭᠡ ᠶᠢᠨ ᠡᠵᠡᠮᠳᠡᠬᠦᠷ ᠤᠨ ᠣᠶᠤᠨᠴᠢ ᠣᠨᠢᠰᠤ ᠶᠢ ᠨᠡᠮᠡᠵᠦ ᠤᠭᠰᠠᠷᠠᠬᠤ ᠬᠡᠷᠡᠭᠲᠡᠶ︔ ᠲᠡᠷᠭᠡᠨ ᠤ ᠵᠢᠷᠤᠭ ᠲᠥᠯᠥᠪᠯᠡᠭᠡ ᠨᠢ ᠭᠤᠶᠤ᠂ ᠢᠯᠭᠠᠨ ᠲᠠᠨᠢᠵᠤ ᠪᠣᠯᠬᠤ ᠢᠯᠡ ᠲᠣᠳᠣ ᠲᠡᠮᠳᠡᠭ ᠲᠠᠢ ᠪᠦᠭᠡᠳ ᠵᠠᠷ ᠮᠡᠳᠡᠭᠡ ᠦᠭᠡᠢ ᠪᠠᠶᠢᠯᠭᠠᠵᠤ᠂ ᠬᠤᠲᠠ ᠶᠢᠨ ᠦᠵᠡᠮᠵᠢ ᠶᠢ ᠨᠥᠯᠥᠭᠡᠯᠡᠵᠦ ᠪᠤᠯᠬᠤ ᠦᠭᠡᠢ︔ ᠲᠡᠷᠭᠡ ᠬᠥᠰᠬᠡ ᠲᠡᠭᠡᠭᠡᠪᠦᠷᠢ ᠡᠵᠡᠩᠨᠡᠵᠦ ᠪᠠᠶᠢᠭ᠎ᠠ ᠬᠤᠭᠤᠴᠠᠭᠠᠨ ᠳᠤ᠂ ᠲᠡᠷᠭᠡ ᠬᠥᠰᠬᠡ ᠶᠢ ᠬᠠᠮᠠᠭᠠᠯᠠᠬᠤ ᠳᠠᠩᠰᠠ ᠡᠪᠬᠡᠮᠡᠯ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠡᠯᠪᠢᠨ ᠵᠠᠰᠠᠵᠤ ᠬᠠᠮᠠᠭᠠᠯᠠᠨ᠂ ᠲᠡᠷᠭᠡ ᠬᠥᠰᠬᠡ ᠶᠢᠨ ᠮᠡᠷᠭᠡᠵᠢᠯ ᠤᠨ ᠪᠠᠶᠢᠳᠠᠯ ᠰᠠᠶᠢᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠡᠭᠦᠨ ᠠᠴᠠ ᠭᠠᠳᠠᠨ᠎ᠠ᠂ ᠠᠵᠤ ᠠᠬᠤᠶᠢᠯᠠᠯ ᠨᠢ ᠬᠡᠷᠡᠭᠯᠡᠭᠴᠢ ᠶᠢ ᠦᠨᠡᠨ ᠨᠡᠷ᠎ᠡ ᠶᠢᠨ ᠲᠦᠷᠢᠮ ᠢᠶᠠᠷ ᠳᠠᠩᠰᠠᠯᠠᠭᠤᠯᠤᠨ ᠪᠦᠷᠢᠳᠬᠡᠭᠦᠯᠬᠦ ᠶᠢᠨ ᠬᠠᠮᠲᠤ ᠬᠡᠷᠡᠭᠯᠡᠭᠴᠢ ᠲᠠᠢ ᠦᠢᠯᠡᠴᠢᠯᠡᠭᠡᠨ ᠤ ᠬᠡᠯᠡᠯᠴᠡᠭᠡᠷ ᠲᠣᠭᠲᠠᠭᠠᠵᠤ᠂ ᠬᠤᠶᠠᠷ ᠲᠠᠯ᠎ᠠ ᠶᠢᠨ ᠡᠷᠬᠡ ᠡᠭᠦᠷᠭᠡ ᠪᠠᠨ ᠲᠣᠳᠣᠷᠬᠠᠶᠢᠯᠠᠨ᠂ ᠬᠡᠷᠡᠭᠯᠡᠭᠴᠢ ᠶᠢᠨ ᠳᠤᠭᠤᠶ ᠤᠨᠤᠬᠤ᠂ ᠲᠤᠭᠤᠢ ᠵᠤᠬᠰᠤᠭᠠᠬᠤ ᠵᠡᠷᠭᠡ ᠲᠠᠯ᠎ᠠ ᠶᠢᠨ ᠱᠠᠭᠠᠷᠳᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠪᠦᠬᠦᠯᠢ 12 ᠨᠠᠰᠤ ᠬᠦᠷᠦᠭᠡᠳᠦᠢ ᠨᠠᠰᠤᠨ ᠳᠤ ᠥᠯᠥ ᠬᠦᠷᠦᠭᠰᠡᠳ ᠲᠤ ᠢᠨᠲ᠋ᠧᠷ ᠰᠦᠯᠵᠢᠶᠡᠨ ᠤ ᠳᠤᠭᠤᠢ ᠲᠡᠷᠭᠡ ᠶᠢ ᠳᠠᠩᠰᠠᠯᠠᠭᠤᠯᠬᠤ᠂ ᠲᠦᠷᠢᠶᠡᠰᠦᠯᠡᠬᠦ ᠦᠢᠯᠡᠴᠢᠯᠡᠭᠡ ᠬᠠᠨᠭ᠍ᠭᠠᠬᠤ ᠶᠢ ᠴᠠᠭᠠᠵᠠᠯᠠᠬᠤ ᠬᠡᠷᠡᠭᠲᠡᠢ︔ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠰᠦᠢᠳᠬᠡᠯ ᠪᠣᠳᠣᠬᠤ ᠠᠷᠭ᠎ᠠ ᠬᠡᠯᠪᠡᠷᠢ ᠪᠣᠯᠤᠨ ᠰᠦᠢᠳᠬᠡᠯ ᠬᠤᠷᠢᠶᠠᠬᠤ ᠪᠠᠷᠢᠮᠵᠢᠶ᠎ᠠ ᠶᠢ ᠨᠡᠶᠢᠭᠡᠮ ᠳᠤ ᠢᠯᠡ ᠨᠡᠶᠢᠲᠡᠯᠡᠵᠦ᠂ ᠦᠨ᠎ᠡ ᠶᠢ ᠢᠯᠡ ᠪᠤᠯᠭᠠᠬᠤ ᠬᠡᠷᠡᠭᠲᠡᠢ︔ ᠠᠵᠤ ᠠᠬᠤᠶᠢᠯᠠᠯ ᠳᠠᠭᠠᠳᠬᠠᠯ ᠤᠨ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠲᠦᠷᠢᠶᠡᠰᠦᠯᠡᠭᠴᠢ ᠳᠤ ᠬᠥᠮᠦᠨ ᠤ ᠪᠡᠶ᠎ᠡ ᠶᠢᠨ ᠰᠠᠨᠠᠭᠠᠨ ᠳᠤ ᠦᠭᠡᠢ ᠭᠡᠮᠲᠦᠯ ᠤᠨ ᠳᠠᠭᠠᠳᠬᠠᠯ ᠪᠠ ᠭᠤᠷᠪᠠᠳᠠᠬᠢ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ ᠬᠤᠳᠠᠯᠳᠤᠨ ᠠᠪᠴᠤ ᠥᠭᠬᠦ ᠶᠢᠨ ᠬᠠᠮᠲᠤ ᠲᠦᠷᠢᠶᠡᠰᠦᠯᠡᠭᠴᠢ ᠶᠢᠨ ᠳᠠᠭᠠᠳᠬᠠᠯ ᠤᠨ ᠲᠥᠯᠥᠪᠦᠷᠢ ᠶᠢ ᠢᠳᠡᠪᠬᠢᠲᠡᠢ ᠪᠠᠷ ᠬᠠᠮᠵᠢᠨ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠱᠠᠭᠠᠷᠳᠠᠪᠠ᠃http://mongol.people.com.cn/15832234.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号