︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ︾ ᠶᠢ ᠳᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2020/12/10
      ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢᠯᠠᠬᠤ᠂ ᠵᠢᠷᠤᠮᠵᠢᠭᠤᠯᠬᠤ᠂ ᠬᠠᠤᠯᠢ ᠳᠦᠷᠢᠮᠵᠢᠭᠦᠯᠬᠦ ᠶᠢ ᠠᠬᠢᠭᠤᠯᠵᠤ᠂ ᠪᠥᠬᠦ ᠣᠷᠣᠨ ᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠵᠢᠷᠤᠮᠵᠢᠭᠤᠨ ᠠᠵᠢᠯᠯᠠᠭᠠᠨ ᠢ ᠪᠠᠲᠤᠯᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠤᠷᠢᠶ᠎ᠠ ᠶᠢᠨ ᠠᠯᠪᠠᠨ ᠬᠡᠷ ᠠᠴᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠲᠠᠢ ᠬᠠᠮᠲᠤᠷᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠪᠠᠷᠢᠮᠵᠢᠶ᠎ᠠ︾ ︵ᠳᠣᠷᠣᠭᠰᠢ ︽ᠪᠠᠷᠢᠮᠵᠢᠶ᠎ᠠ︾ ᠭᠡᠵᠦ ᠲᠣᠪᠴᠢᠯᠠᠨ᠎ᠠ︶ ᠶᠢ ᠰᠤᠳᠤᠯᠤᠨ ᠲᠣᠭᠲᠠᠭᠠᠬᠤ ᠶᠢᠨ ᠬᠠᠮᠲᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠡᠯ᠎ᠡ ᠭᠠᠵᠠᠷ ᠤᠨ ᠬᠢᠨ ᠢ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠬᠡᠷᠡᠭᠵᠢᠭᠦᠯᠬᠦ ᠬᠡᠷᠡᠭᠲᠡᠶ ᠭᠡᠵᠦ ᠱᠠᠭᠠᠷᠳᠠᠪᠠ᠃      ︽ᠪᠠᠷᠢᠮᠵᠢᠶ᠎ᠠ︾ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠤᠨ ᠪᠠᠲᠤᠯᠠᠭ᠎ᠠ ᠶᠢ ᠴᠢᠩᠭᠠᠳᠬᠠᠬᠤ ᠪᠠᠷ ᠵᠤᠬᠰᠤᠴᠠ ᠪᠠᠨ ᠪᠣᠯᠭᠠᠵᠤ᠂ ᠪᠥᠬᠦ ᠣᠷᠣᠨ ᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢ ᠨᠠᠩ ᠰᠢᠨᠵᠢᠯᠡᠬᠦ ᠤᠬᠠᠭᠠᠠᠴᠢ ᠪᠤᠯᠭᠠᠵᠤ ᠵᠢᠷᠤᠮᠵᠢᠭᠤᠯᠬᠤ ᠶᠢ ᠳᠥᠯᠭᠢᠨ ᠠᠬᠢᠭᠤᠯᠪᠠ᠃ ︽ᠪᠠᠷᠢᠮᠵᠢᠶ᠎ᠠ︾ ᠳᠤ᠂ ᠡᠯ᠎ᠡ ᠭᠠᠵᠠᠷ ᠤᠨ ᠬᠢᠨ ᠲᠤᠰ ᠭᠠᠵᠠᠷ ᠣᠷᠣᠨ ᠤ ᠪᠠᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠡᠷᠡᠭᠴᠡᠭᠡ᠂ ᠡᠳ᠋ ᠤᠨ ᠵᠠᠰᠠᠭ ᠤᠨ ᠬᠠᠨᠭ᠍ᠭᠠᠯᠳᠠ ᠶᠢᠨ ᠴᠢᠳᠠᠪᠤᠷᠢ ᠵᠡᠷᠭᠡ ᠬᠦᠴᠦᠨ ᠵᠦᠢᠯ ᠲᠠᠢ ᠤᠶᠠᠯᠳᠤᠭᠤᠯᠤᠨ᠂ 1᠄ 7 — 1᠄ 10 ᠶᠢᠨ ᠬᠠᠷᠢᠴᠠᠯ ᠤᠨ ᠳᠣᠲᠣᠷ᠎ᠠ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠪᠠᠭᠰᠢ ᠠᠵᠢᠯᠲᠠᠨ ᠤ ᠣᠷᠣᠨ ᠲᠤᠭ᠎ᠠ ᠶᠢ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠶ ᠪᠠᠷ ᠬᠢᠨᠠᠨ ᠲᠣᠭᠲᠠᠭᠠᠵᠤ ᠪᠣᠯᠤᠨ᠎ᠠ᠃ ᠡᠭᠦᠨ ᠤ ᠬᠠᠮᠲᠤ ᠪᠠᠭᠰᠢ ᠨᠠᠷ ᠤᠨ ᠠᠵᠢᠯ ᠠᠴᠠ ᠪᠠᠨ ᠰᠠᠯᠵᠤ ᠲᠠᠪᠳᠠᠨ ᠰᠤᠷᠤᠯᠴᠠᠬᠤ᠂ ᠬᠦᠡᠭᠭᠡᠵᠢᠯ ᠤᠨ ᠴᠢᠯᠥᠭᠡ ᠠᠪᠬᠤ᠂ ᠰᠤᠷᠭᠠᠨ ᠬᠥᠮᠦᠵᠢᠯ ᠢ ᠳᠡᠮᠵᠢᠬᠦ ᠵᠡᠷᠭᠡ ᠠᠴᠠ ᠪᠤᠯᠤᠬᠰᠠᠨ ᠣᠨᠴᠠᠭᠠᠶ ᠪᠠᠶᠢᠳᠠᠯ ᠳᠤ᠂ ᠬᠡᠰᠡᠭ ᠣᠷᠣᠨ ᠲᠤᠭ᠎ᠠ ᠶᠢ ᠨᠡᠮᠡᠵᠦ ᠲᠤᠬᠳᠠᠭᠠᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠪᠠᠭᠰᠢ ᠠᠵᠢᠯᠲᠠᠨ ᠬᠦᠷᠦᠯᠴᠡᠬᠦ ᠥᠬᠡᠶ ᠪᠠᠶᠢᠭ᠎ᠠ ᠠᠰᠠᠭᠤᠳᠠᠯ ᠢ ᠨᠠᠮᠳᠠᠭᠤᠯᠵᠤ ᠪᠣᠯᠤᠨ᠎ᠠ ᠭᠡᠵᠦ ᠲᠣᠭᠲᠠᠭᠠᠪᠠ᠃      ︽ᠪᠠᠷᠢᠮᠵᠢᠶ᠎ᠠ︾ ᠳᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠᠷ ᠭᠠᠷᠳᠠᠬᠤ ᠴᠡᠭ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠣᠷᠣᠨ ᠲᠤᠭ᠎ᠠ ᠶᠢᠨ ᠡᠬᠢ ᠪᠠᠶᠠᠯᠢᠭ ᠢ ᠨᠠᠩ ᠰᠢᠯᠢᠳᠡᠭᠵᠢᠭᠦᠯᠦᠨ ᠳᠣᠭᠢᠷᠠᠭᠤᠯᠬᠤ ᠶᠢ ᠠᠬᠢᠭᠤᠯᠪᠠ᠃ ︽ᠪᠠᠷᠢᠮᠵᠢᠶ᠎ᠠ︾ ᠳᠤ᠂ ᠡᠯ᠎ᠡ ᠭᠠᠵᠠᠷ ᠤᠨ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠡᠷᠡᠭᠰᠡᠬᠦ ᠣᠷᠣᠨ ᠲᠤᠭ᠎ᠠ ᠶᠢ ᠠᠵᠢᠯ ᠦᠢᠯᠡᠰ ᠤᠨ ᠣᠷᠣᠨ ᠲᠤᠭ᠎ᠠ ᠶᠢᠨ ᠶᠡᠷᠦᠩᠬᠡᠶ ᠬᠡᠮᠵᠢᠶᠡᠨ ᠤ ᠳᠣᠲᠣᠷ᠎ᠠ ᠳᠣᠭᠢᠷᠠᠭᠤᠯᠤᠨ ᠰᠢᠢᠳᠪᠦᠷᠢᠯᠡᠬᠦ ᠬᠡᠷᠡᠭᠲᠡᠶ᠂ ᠳᠣᠭᠢᠷᠠᠭᠤᠯᠤᠭᠰᠠᠨ ᠤ ᠳᠠᠷᠠᠭ᠎ᠠ ᠮᠥᠨ ᠯᠡ ᠪᠠᠷᠢᠮᠵᠢᠶ᠎ᠠ ᠳᠤ ᠬᠦᠷᠦᠭᠡᠳᠦᠢ ᠵᠥᠷᠢᠶ᠎ᠡ ᠲᠤᠭ᠎ᠠ ᠳᠤ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠠᠵᠢᠯᠲᠠᠨ ᠤ ᠶᠡᠷᠦᠩᠬᠡᠶ ᠲᠤᠭ᠎ᠠ ᠶᠢᠨ ᠬᠠᠮᠢᠶᠠᠷᠤᠯᠲᠠ ᠶᠢ ᠰᠦᠪᠡᠭᠴᠢᠯᠡᠨ ᠬᠡᠷᠡᠭᠵᠢᠭᠦᠯᠵᠦ ᠪᠣᠯᠤᠨ᠎ᠠ᠃ ᠡᠭᠦᠨ ᠤ ᠬᠠᠮᠲᠤ ᠠᠵᠢᠯᠲᠠᠨ ᠤ ᠶᠡᠷᠦᠩᠬᠡᠶ ᠲᠤᠭ᠎ᠠ ᠪᠣᠯ ᠤᠳᠤᠷᠢᠳᠤᠯᠭ᠎ᠠ ᠶᠢᠨ ᠲᠤᠰᠢᠶᠠᠯ ᠤᠨ ᠲᠤᠭ᠎ᠠ ᠶᠢ ᠬᠢᠨᠠᠨ ᠲᠣᠭᠲᠠᠭᠠᠬᠤ᠂ ᠠᠵᠢᠯ ᠤᠨ ᠪᠠᠶᠢᠷᠢ ᠳᠣᠭᠢᠷᠠᠭᠤᠯᠬᠤ᠂ ᠮᠡᠷᠭᠡᠵᠢᠯ ᠤᠨ ᠴᠣᠯᠠ ᠦᠨᠡᠯᠡᠨ ᠲᠣᠭᠲᠠᠭᠠᠬᠤ ᠪᠠ ᠨᠡᠶᠢᠭᠡᠮ ᠤᠨ ᠪᠠᠲᠤᠯᠠᠭ᠎ᠠ ᠵᠡᠷᠭᠡ ᠵᠦᠢᠯᠡᠰ ᠤᠨ ᠴᠢᠬᠤᠯᠠ ᠦᠨᠳᠦᠰᠦᠯᠡᠯ ᠪᠤᠯᠤᠨ᠎ᠠ᠂ ᠵᠠᠷᠤᠳᠠᠯ ᠢ ᠬᠢᠨᠠᠨ ᠣᠯᠭᠤᠬᠤ ᠴᠢᠬᠤᠯᠠ ᠯᠠᠪᠯᠠᠯᠲᠠ ᠪᠣᠯᠭᠠᠵᠤ ᠴᠤ ᠪᠣᠯᠤᠨ᠎ᠠ ᠭᠡᠵᠦ ᠲᠣᠭᠲᠠᠭᠠᠪᠠ᠃      ︽ᠪᠠᠷᠢᠮᠵᠢᠶ᠎ᠠ︾ ᠳᠤ ᠰᠠᠯᠠᠭ᠎ᠠ ᠮᠥᠴᠢᠷ ᠤᠨ ᠬᠠᠮᠳᠤᠷᠠᠯ ᠤᠨ ᠬᠦᠴᠦᠨ ᠢ ᠨᠢᠭᠲᠠᠷᠠᠭᠤᠯᠬᠤ ᠪᠠᠷ ᠬᠦᠴᠦᠯᠡᠬᠦ ᠴᠡᠭ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠦᠢᠯᠡᠰ ᠤᠨ ᠨᠠᠩ ᠡᠷᠡᠭᠦᠯ ᠢᠶᠠᠷ ᠬᠥᠭᠵᠢᠬᠦ ᠶᠢ ᠳᠥᠯᠭᠢᠨ ᠠᠬᠢᠭᠤᠯᠪᠠ᠃ ︽ᠪᠠᠷᠢᠮᠵᠢᠶ᠎ᠠ︾ ᠳᠤ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠤᠮᠵᠢ ᠶᠢᠨ ᠣᠷᠣᠨ ᠲᠤᠭ᠎ᠠ᠂ ᠰᠤᠷᠭᠠᠨ ᠬᠥᠮᠦᠵᠢᠯ᠂ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠠᠵᠢᠯ ᠤᠨ ᠲᠣᠭᠲᠠᠴᠠ ᠪᠠᠨ ᠪᠦᠷᠢᠨᠰᠢᠭᠦᠯᠵᠦ᠂ ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠵᠤ ᠂ ᠵᠣᠬᠢᠴᠠᠯᠳᠤᠨ ᠬᠠᠮᠵᠢᠯᠴᠠᠬᠤ ᠪᠠᠨ ᠴᠢᠩᠭᠠᠳᠬᠠᠵᠤ᠂ ᠨᠠᠩ ᠶᠡᠭᠡ ᠡᠷᠴᠢᠮ᠂ ᠨᠠᠩ ᠪᠣᠳᠠᠲᠠᠶ ᠠᠷᠭ᠎ᠠ ᠬᠡᠮᠵᠢᠶ᠎ᠡ ᠪᠠᠷ ︽ᠪᠠᠷᠢᠮᠵᠢᠶ᠎ᠠ︾ ᠶᠢ ᠪᠥᠬᠦ ᠣᠷᠣᠨ ᠤ ᠡᠯ᠎ᠡ ᠭᠠᠵᠠᠷ ᠲᠤ ᠲᠦᠷᠭᠡᠯᠡᠨ ᠨᠠᠶᠢᠳᠠᠪᠤᠷᠢᠵᠢᠭᠤᠯᠵᠤ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠲᠣᠭᠲᠠᠭᠠᠪᠠ᠃http://mongol.people.com.cn/15832233.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号