ᠬᠤᠲᠠ ᠶᠢᠨ ᠵᠠᠰᠠᠭ ᠤᠨ ᠣᠷᠳᠣᠨ 2020 ᠣᠨ ᠤ 43 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/12/10
ᠵᠠᠩ ᠪᠠᠢ ᠴᠧᠩ ᠡᠷᠬᠢᠯᠡᠵᠦ ᠯᠥᠸᠧ ᠴᠢᠩ ᠣᠷᠣᠯᠴᠠᠪᠠ      ︵ᠰᠤᠷᠪᠤᠯᠵᠢᠯᠠᠭᠴᠢ ᠠᠷᠢᠭᠤᠨ᠎ᠠ ᠯᠢ ᠬᠠᠢ ᠵᠧᠨ︶ 12 ᠳ᠋ᠤᠭᠠᠷ ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠲᠠ ᠶᠢᠨ ᠵᠠᠰᠠᠭ ᠤᠨ ᠣᠷᠳᠣᠨ ᠤ 2020 ᠣᠨ ᠤ 43 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠠᠴᠠ ︽ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠬᠢᠭᠡᠳ 2035 ᠣᠨ ᠤ ᠬᠤᠯᠠ ᠶᠢᠨ ᠬᠠᠷᠠᠯᠲᠠ ᠶᠢ ᠲᠣᠭᠲᠠᠭᠠᠬᠤ ᠲᠤᠬᠠᠢ ᠰᠠᠨᠠᠭᠤᠯᠭ᠎ᠠ︾ ᠶᠢ ᠰᠤᠳᠤᠯᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠤᠨ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠦᠭᠰᠡᠨ ᠤ ᠳᠠᠷᠠᠭᠠᠬᠢ᠂ ᠠᠰᠢᠭᠲᠠᠢ ᠪᠠᠶᠢᠳᠠᠯ ᠢ ᠠᠮᠵᠢᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠨᠢᠭᠡᠳᠦᠭᠡᠷ ᠲᠠᠪᠤᠨ ᠵᠢᠯ ᠪᠣᠯᠣᠨ᠎ᠠ᠂ ᠮᠥᠨᠴᠦ ᠮᠠᠨ ᠤ ᠬᠤᠲᠠ ᠶᠢᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠪᠠᠶᠢᠳᠠᠯ ᠳᠤ ᠰᠠᠭᠤᠷᠢᠯᠠᠨ᠂ ᠰᠢᠨ᠎ᠡ ᠠᠵᠠ ᠲᠣᠬᠢᠶᠠᠯ ᠢ ᠠᠳᠬᠤᠵᠤ᠂ ᠥᠪᠡᠷᠲᠡᠭᠡᠨ ᠵᠠᠰᠠᠬᠤ ᠣᠷᠣᠨ ᠠᠴᠠ ᠮᠠᠨ ᠤ ᠬᠤᠲᠠ ᠳᠤ ᠳᠤᠷᠠᠳᠤᠭᠰᠠᠨ ︽ᠡᠮᠦᠨ᠎ᠡ ᠨᠢ ᠶᠠᠪᠤᠵᠤ᠂ ᠳᠠᠭᠤᠷᠢᠶᠠᠯ ᠪᠣᠯᠬᠤ︾ ᠱᠠᠭᠠᠷᠳᠠᠯᠭ᠎ᠠ ᠶᠣᠰᠣᠭᠠᠷ᠂ ᠲᠥᠪ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠥᠭᠵᠢᠯᠲᠡ ᠪᠠ 2035 ᠣᠨ ᠤ ᠬᠤᠯᠠ ᠶᠢᠨ ᠬᠠᠷᠠᠯᠲᠠ ᠶᠢ ᠰᠢᠨᠵᠢᠯᠡᠬᠦ ᠤᠬᠠᠭᠠᠨᠴᠢ ᠪᠠᠷ ᠲᠥᠯᠥᠪᠯᠡᠨ᠂ ︽ᠪᠣᠳᠠᠲᠤ ᠬᠦᠴᠦᠨ ᠢᠶᠠᠷ ᠨᠡᠩ ᠴᠢᠩᠭ᠎ᠠ᠂ ᠶᠠᠰᠤ ᠴᠢᠨᠠᠷ ᠢᠶᠠᠷ ᠨᠡᠩ ᠥᠨᠳᠥᠷ᠂ ᠬᠤᠲᠠ ᠪᠠᠯᠭᠠᠰᠤ ᠨᠡᠩ ᠭᠤᠶᠣ᠂ ᠠᠷᠠᠳ ᠤᠨ ᠠᠮᠢᠳᠤᠷᠠᠯ ᠨᠡᠩ ᠵᠢᠷᠭᠠᠯᠲᠠᠢ︾ ᠦᠵᠡᠰᠬᠦᠯᠡᠩᠲᠦ ᠰᠠᠶᠢᠬᠠᠨ ᠬᠥᠬᠡᠬᠤᠲᠠ᠂ ᠥᠨᠢᠷ ᠪᠠᠶᠠᠨ ᠲᠠᠯ᠎ᠠ ᠨᠤᠲᠤᠭ ᠤᠨ ᠬᠤᠲᠠ ᠶᠢ ᠪᠦᠬᠦ ᠬᠦᠴᠦᠨ ᠢᠶᠠᠷ ᠢᠶᠠᠨ ᠪᠦᠲᠦᠭᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠲᠠᠢ᠂ ᠪᠠᠶᠠᠨ ᠲᠠᠩᠰᠤᠭ ᠠᠮᠢᠳᠤᠷᠠᠯ ᠲᠠᠢ᠂ ᠪᠦᠲᠦᠮᠵᠢ ᠰᠠᠶᠢᠲᠠᠢ ᠵᠠᠰᠠᠯᠲᠠ ᠲᠠᠢ  ᠤᠳᠤᠬᠢᠴᠢᠯᠠᠭᠰᠠᠨ ᠲᠥᠪ ᠬᠤᠲᠠ ᠶᠢ ᠴᠣᠭᠴᠠᠯᠠᠨ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ ︵ᠲᠥᠰᠥᠯ︶︾ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠠᠢ᠃      ᠬᠤᠷᠠᠯ ᠠᠴᠠ ᠵᠢᠭᠠᠭᠰᠠᠨ ᠨᠢ᠂  ︽ᠬᠥᠬᠡᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢᠨ ᠳᠦᠷᠢᠮ︾ ᠢ ᠲᠣᠭᠲᠠᠭᠠᠨ ᠨᠡᠶᠢᠲᠡᠯᠡᠬᠦ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠲᠥᠷᠭᠡᠳᠬᠡᠨ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠮᠥᠨᠴᠦ ᠮᠠᠨ ᠤ ᠬᠤᠲᠠ ᠶᠢᠨ ᠨᠤᠭᠤ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠨᠤᠭᠤ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠲᠡᠭᠦᠯᠳᠡᠷᠵᠢᠭᠦᠯᠬᠦ ᠪᠣᠳᠠᠲᠠᠢ ᠱᠠᠭᠠᠷᠳᠠᠯᠭ᠎ᠠ ᠮᠥᠨ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠦᠬᠦ ᠲᠠᠯ᠎ᠠ ᠪᠠᠷ ᠬᠠᠮᠠᠭᠠᠯᠠᠵᠤ᠂ ᠰᠢᠨᠵᠢᠯᠡᠬᠦ ᠤᠬᠠᠭᠠᠨᠴᠢ ᠪᠠᠷ ᠰᠡᠷᠭᠦᠭᠡᠵᠦ᠂ ᠵᠣᠬᠢᠰᠲᠠᠢ ᠠᠰᠢᠭᠯᠠᠵᠤ᠂ ᠦᠷᠭᠦᠯᠵᠢᠯᠡᠨ ᠬᠥᠭᠵᠢᠭᠦᠯᠬᠦ ᠵᠠᠷᠴᠢᠮ ᠢ ᠴᠠᠭ ᠢᠮᠠᠭᠲᠠ ᠪᠠᠷᠢᠮᠲᠠᠯᠠᠵᠤ᠂ ᠨᠤᠭᠤ ᠭᠠᠵᠠᠷ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠬᠥᠮᠥᠨ ᠪᠠᠶᠢᠭᠠᠯᠢ ᠶᠢᠨ ᠡᠶ᠎ᠡ ᠵᠣᠬᠢᠴᠠᠨ ᠣᠷᠣᠰᠢᠬᠤ ᠶᠢ ᠠᠬᠢᠭᠤᠯᠵᠤ᠂ ᠴᠢᠨᠠᠷ ᠰᠠᠶᠢᠲᠠᠢ ᠦᠷᠭᠦᠯᠵᠢᠯᠡᠭᠰᠡᠨ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠪᠠᠰᠠ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠥᠪᠥᠷ ᠮᠣᠩᠭᠤᠯ ᠤᠨ ᠱᠢ ᠬᠤᠩ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠷᠠᠨ ᠲᠠᠷᠢᠶᠠᠨ ᠭᠠᠵᠠᠷ ᠢ ᠬᠠᠮᠠᠭᠠᠯᠠᠨ ᠪᠣᠶᠢᠵᠢᠭᠤᠯᠬᠤ ᠪᠠ ᠣᠷᠴᠢᠯ ᠲᠠᠷᠢᠶᠠᠯᠠᠩ ᠤᠨ ᠰᠤᠳᠤᠯᠭᠠᠨ ᠤ ᠬᠦᠷᠢᠶᠡᠯᠡᠩ ᠢ ᠪᠠᠶᠢᠭᠤᠯᠬᠤ ᠲᠤᠬᠠᠢ ᠬᠠᠮᠲᠤᠷᠠᠯᠴᠠᠭ᠎ᠠ ᠶᠢᠨ ᠵᠥᠪᠯᠡᠯᠴᠡᠭᠡᠷ ᠢ ᠰᠤᠳᠤᠯᠪᠠ᠃      ᠬᠤᠲᠠ ᠶᠢᠨ ᠤᠳᠤᠷᠢᠳᠤᠯᠭ᠎ᠠ ᠯᠥᠸᠧ ᠴᠢᠩ᠂ ᠯᠢᠦ ᠴᠧᠩ ᠮᠢᠨ᠂ ᠸᠠᠩ ᠬᠤᠤ ᠯᠧᠢ᠂ ᠰᠢᠦᠢ ᠷᠦᠢ ᠰᠢᠶᠠ᠂ ᠪᠢ ᠭᠥᠸᠧ ᠴᠧᠨ᠂ ᠶᠦᠨ ᠰᠢᠨ ᠮᠢᠩ᠂ ᠴᠢᠶᠥᠥ ᠶᠦᠨ ᠯᠢ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠬᠤᠷᠠᠯ ᠳᠤ ᠣᠷᠣᠯᠴᠠᠵᠤ᠂ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号