ᠮᠠᠨ ᠤ ᠬᠤᠲᠠ ᠶᠢᠨ ᠨᠢᠭᠡ ᠵᠢᠭᠤᠯᠴᠢᠯᠠᠯ ᠤᠨ ᠬᠤᠷᠢᠶ᠎ᠠ ᠵᠢᠭᠤᠯᠴᠢᠯᠠᠭᠴᠢ ᠲᠠᠢ ᠵᠥᠪᠳᠡᠵᠦ ᠰᠠᠨᠠᠯ ᠨᠢᠭᠡᠳᠦᠭᠰᠡᠨ ᠦᠭᠡᠢ ᠪᠠᠷ ᠥᠭᠡᠷ᠎ᠡ ᠲᠥᠯᠥᠪᠦᠷᠢ ᠲᠠᠢ ᠵᠢᠭᠤᠯᠴᠢᠯᠠᠯ ᠤᠨ ᠵᠦᠢᠯ ᠢ  ᠲᠣᠬᠢᠷᠠᠭᠤᠯᠤᠭᠠᠳ 10 ᠲᠦᠮᠡᠨ ᠲᠥᠭᠦᠷᠢᠭ ᠢᠶᠠᠷ ᠲᠣᠷᠭᠠᠭᠳᠠᠪᠠ
ᠨᠡᠶᠢᠲᠡᠯᠡᠭᠰᠡᠨ ᠴᠠᠭ᠄
2020/12/10
      ︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠠᠴᠠ ᠣᠷᠴᠢᠮ ᠴᠢᠩᠳᠣᠣ ᠶᠢᠨ ᠶᠤᠸᠠᠨ ᠰᠢᠶᠠᠩ ᠣᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ ᠵᠢᠭᠤᠯᠴᠢᠯᠠᠭᠴᠢ ᠲᠠᠢ ᠵᠥᠪᠳᠡᠵᠦ ᠰᠠᠨᠠᠯ ᠨᠢᠭᠡᠳᠦᠭᠰᠡᠨ ᠦᠭᠡᠢ ᠪᠠᠷ ᠥᠭᠡᠷ᠎ᠡ ᠲᠥᠯᠥᠪᠦᠷᠢ ᠲᠠᠢ ᠵᠢᠭᠤᠯᠴᠢᠯᠠᠯ ᠤᠨ ᠵᠦᠢᠯ ᠢ ᠲᠣᠬᠢᠷᠠᠭᠤᠯᠤᠭᠰᠠᠨ ᠬᠠᠤᠯᠢ ᠶᠢ ᠵᠥᠷᠢᠴᠡᠭᠰᠡᠨ ᠬᠡᠷᠡᠭ ᠲᠤ ᠵᠠᠷᠯᠢᠭᠳᠠᠨ ᠵᠠᠯᠠᠷᠠᠭᠤᠯᠵᠤ᠂ 10 ᠲᠦᠮᠡᠨ ᠲᠥᠭᠦᠷᠢᠭ ᠢᠶᠠᠷ ᠲᠣᠷᠭᠠᠨ᠂ 2 ᠰᠠᠷ᠎ᠠ ᠡᠵᠡᠩᠨᠡᠯᠲᠡ ᠪᠠᠨ ᠵᠣᠭᠰᠣᠵᠤ ᠴᠡᠭᠴᠡᠯᠡᠨ ᠰᠠᠶᠢᠵᠢᠷᠠᠭᠤᠯᠬᠤ ᠵᠠᠰᠠᠭ ᠵᠠᠬᠢᠷᠭᠠᠨ ᠤ ᠰᠢᠢᠳᠬᠡᠯ ᠥᠭᠪᠡ᠃      ᠣᠶᠢᠯᠠᠭᠠᠭᠰᠠᠨ ᠢᠶᠠᠷ᠂ 2020 ᠣᠨ ᠤ 6 ᠳ᠋ᠤᠭᠠᠷ ᠰᠠᠷ᠎ᠠ ᠠᠴᠠ ᠡᠬᠢᠯᠡᠨ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠴᠢᠩᠳᠣᠣ ᠶᠢᠨ ᠶᠤᠸᠠᠨ ᠰᠢᠶᠠᠩ ᠣᠯᠠᠨ ᠤᠯᠤᠰ ᠤᠨ ᠵᠢᠭᠤᠯᠴᠢᠯᠠᠯ ᠤᠨ ᠬᠤᠷᠢᠶ᠎ᠠ ᠶᠢᠨ ᠬᠢᠵᠠᠭᠠᠷᠲᠤ ᠺᠣᠮᠫᠠᠨᠢ ᠶᠢᠨ ᠬᠥᠬᠡᠬᠤᠲᠠ ᠶᠢᠨ ᠬᠤᠪᠢᠶᠠᠷᠢ ᠺᠣᠮᠫᠠᠨᠢ ᠶᠢᠨ ᠲᠤᠬᠠᠢ  ᠵᠠᠭᠠᠯᠳᠤᠯᠭ᠎ᠠ ᠶᠢ ᠣᠯᠠᠨ ᠤᠳᠠᠭ᠎ᠠ ᠲᠣᠰᠴᠤ᠂ ᠣᠬᠤᠷ ᠬᠤᠭᠤᠴᠠᠭᠠᠨ ᠳᠠᠬᠢ ᠶᠡᠭᠡ ᠬᠡᠮᠵᠢᠶᠡᠨ ᠤ ᠵᠠᠭᠠᠯᠳᠤᠯᠭ᠎ᠠ ᠨᠢ ᠨᠢᠭᠡ ᠬᠡᠮᠵᠢᠶᠡᠨ ᠤ ᠨᠡᠶᠢᠭᠡᠮ ᠤᠨ ᠨᠥᠯᠥᠭᠡ ᠶᠢ ᠪᠤᠢ ᠪᠣᠯᠭᠠᠵᠠᠢ᠃
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ