ᠲᠣᠭᠲᠠᠬᠤ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠬᠡᠰᠡᠭ ᠲᠣᠭᠤᠷᠢᠭ ᠤᠨ ᠳᠤᠯᠠᠭᠠᠯᠠᠭ᠎ᠠ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020/12/11
      ᠡᠪᠦᠯ ᠤᠨ ᠤᠯᠠᠷᠢᠯ ᠳᠤ ᠢᠯᠴᠢ ᠬᠠᠩᠭᠠᠬᠤ ᠨᠢ ᠣᠯᠠᠨ ᠲᠦᠮᠡᠨ ᠤ ᠬᠠᠯᠠᠭᠤᠨ ᠳᠤᠯᠠᠭᠠᠨ ᠳᠤ ᠬᠤᠪᠤᠭᠳᠠᠬᠤ ᠠᠷᠠᠳ ᠤᠨ ᠠᠮᠢᠳᠤᠷᠠᠯ ᠤᠨ ᠴᠢᠬᠤᠯᠠ ᠢᠨᠵᠧᠨᠧᠷᠢᠩ ᠪᠤᠯᠬᠤᠷ ᠣᠳᠣᠬᠠᠨ ᠤ ᠠᠷᠠᠳ ᠤᠨ ᠬᠠᠮᠤᠭ ᠤᠨ ᠪᠠᠴᠢᠮ᠂ ᠬᠠᠮᠤᠭ ᠤᠨ ᠶᠡᠭᠡ ᠶᠠᠪᠤᠳᠠᠯ ᠪᠣᠯᠤᠨ᠎ᠠ᠃ 12 ᠰᠠᠷ᠎ᠠ ᠶᠢᠨ 4 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠣᠷᠣᠯᠠᠭᠴᠢ ᠳᠠᠷᠤᠭ᠎ᠠ ᠯᠢᠦ ᠵᠢᠶ ᠶᠢᠩ ᠱᠤᠸᠠᠩ ᠾᠧ ᠬᠤᠷᠢᠶᠠᠯᠠᠯ᠂ ᠱᠠᠩ ᠳ᠋ᠦᠩ ᠮᠢᠩ ᠵᠢᠶᠦ᠋ᠨ ᠬᠤᠷᠢᠶᠠᠯᠠᠯ᠂ ᠺᠦᠨ ᠾᠧ ᠬᠤᠷᠢᠶᠠᠯᠠᠯ ᠳᠤ ᠭᠦᠨᠵᠡᠭᠡᠶᠢᠷᠡᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠵᠤ᠂ ᠰᠢᠶᠠᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ᠂ ᠢᠯᠴᠢ ᠬᠠᠩᠭᠠᠬᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠣᠭᠤᠷᠢᠨ ᠦᠵᠡᠵᠦ ᠪᠠᠶᠢᠴᠠᠭᠠᠨ ᠰᠤᠳᠤᠯᠬᠤ ᠳᠤ ᠣᠷᠣᠯᠴᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠰᠠᠭᠤᠭᠠᠯᠢ ᠠᠷᠠᠳ ᠤᠨ ᠬᠡᠷ ᠲᠤ ᠣᠷᠣᠵᠤ ᠢᠷᠡᠪᠡᠯ᠂ ︽ᠬᠡᠷ ᠤᠨ ᠳᠤᠯᠠᠭᠠᠨ ᠬᠡᠳᠦᠢ ᠬᠦᠷᠴᠦ ᠳᠡᠶᠢᠯᠬᠦ ᠪᠣᠶ︖ ᠰᠥᠨᠢ ᠬᠦᠢᠲᠡᠨ ᠤᠤ︖ ᠳᠤᠯᠠᠭᠠᠯᠠᠭ᠎ᠠ ᠶᠢᠨ ᠠᠵᠢᠯ ᠳᠤ ᠶᠠᠮᠠᠷ ᠰᠠᠨᠠᠯ ᠰᠠᠨᠠᠭᠤᠯᠭ᠎ᠠ ᠪᠠᠶᠢᠬᠤ ᠪᠤᠢ︖ ᠡᠷᠦᠬᠡ ᠪᠦᠷᠢ ᠳᠤ᠂ ᠪᠠᠶᠢᠴᠠᠭᠠᠨ ᠰᠤᠳᠤᠯᠬᠤ ᠳᠤᠭᠤᠶᠢᠯᠠᠩ ᠴᠥᠮ ᠢᠯᠴᠢ ᠬᠠᠩᠭᠠᠬᠤ ᠪᠠᠶᠢᠳᠠᠯ ᠢ ᠨᠠᠷᠢᠨ ᠠᠰᠠᠭᠤᠵᠤ ᠣᠶᠢᠯᠭᠠᠨ᠂ ᠳᠤᠯᠠᠭᠠᠨ ᠤ ᠬᠡᠮᠵᠢᠭᠦᠷ ᠢ ᠨᠠᠷᠢᠨ ᠬᠢᠨᠠᠮᠠᠭᠠᠶ ᠪᠠᠶᠢᠴᠠᠭᠠᠨ ᠦᠵᠡᠵᠦ᠂ ᠳᠤᠯᠠᠭᠠᠮᠵᠢ ᠶᠢᠨ ᠢᠯᠲᠠᠰᠤ᠂ ᠢᠯᠴᠢ ᠬᠠᠩᠭᠠᠬᠤ ᠬᠤᠭᠤᠯᠠᠶ ᠶᠢ ᠭᠠᠷ ᠢᠶᠠᠷ ᠢᠶᠠᠨ ᠮᠡᠳᠡᠷᠡᠵᠦ᠂ ᠳᠤᠯᠠᠭᠠᠯᠠᠭ᠎ᠠ ᠶᠢᠨ ᠳᠤᠯᠠᠭᠠᠨ ᠤ ᠬᠡᠮᠵᠢᠶ᠎ᠡ ᠶᠢ ᠪᠡᠶ᠎ᠡ ᠪᠠᠷ ᠢᠶᠠᠨ ᠤᠶᠢᠯᠠᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠰᠠᠭᠤᠭᠠᠯᠢ ᠠᠷᠠᠳ ᠤᠨ ᠭᠡᠷ ᠤᠨ ᠳᠤᠯᠠᠭᠠᠨ ᠨᠢ ᠮᠠᠨ ᠤ ᠠᠷᠠᠳ ᠤᠨ ᠠᠮᠢᠳᠤᠷᠠᠯ ᠤᠨ ᠠᠵᠢᠯ ᠤᠨ ᠣᠪᠣᠷ ᠪᠣᠯᠤᠨ ᠡᠷᠴᠢᠮ ᠢ ᠲᠤᠰᠬᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠂ ᠢᠯᠴᠢ ᠬᠠᠩᠭᠠᠬᠤ ᠠᠵᠤ ᠠᠬᠤᠶᠢᠯᠠᠯ ᠤᠯᠤᠰ ᠲᠥᠷᠥ ᠶᠢ ᠡᠷᠬᠢᠮᠯᠡᠬᠦ ᠥᠨᠳᠥᠷᠴᠡ ᠳᠤ ᠵᠤᠭᠰᠤᠵᠤ᠂ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠣᠯᠠᠨ ᠲᠦᠮᠡᠨ ᠤ ᠪᠣᠳᠣᠵᠤ ᠪᠠᠶᠢᠭ᠎ᠠ ᠵᠦᠢᠯ ᠢ ᠪᠣᠳᠣᠵᠤ᠂ ᠣᠯᠠᠨ ᠲᠦᠮᠡᠨ ᠤ ᠬᠦᠴᠢᠷᠳᠡᠯ ᠢ ᠰᠢᠢᠳᠪᠦᠷᠢᠯᠡᠵᠦ᠂ ᠡᠪᠦᠯ ᠤᠨ ᠤᠯᠠᠷᠢᠯ ᠤᠨ ᠢᠯᠴᠢ ᠬᠠᠩᠭᠠᠬᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠨᠴᠠ ᠵᠠᠷᠢᠮ ᠣᠯᠠᠨ ᠲᠦᠮᠡᠨ ᠤ ᠭᠡᠷ ᠲᠤ ᠤᠷᠤᠰᠢᠵᠦ ᠪᠠᠶᠢᠭ᠎ᠠ ᠢᠯᠴᠢ ᠬᠠᠩᠭᠠᠬᠤ ᠠᠰᠠᠭᠤᠳᠠᠯ ᠳᠤ᠂ ︽ᠰᠤᠳᠠᠯ ᠪᠠᠷᠢᠵᠤ ᠣᠨᠣᠰᠢᠯᠠᠬᠤ︾᠂ ᠬᠡᠮ ᠰᠣᠭᠤᠭ ᠢ ᠨᠢ ᠡᠷᠢᠵᠦ᠂ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠬᠦ ᠬᠡᠷᠡᠭᠳᠡᠢ ᠭᠡᠵᠦ ᠵᠢᠭᠠᠨ ᠭᠠᠷᠭᠠᠪᠠ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠢᠯᠴᠢ ᠬᠠᠩᠭᠠᠬᠤ ᠠᠵᠤ ᠠᠬᠤᠶᠢᠯᠠᠯ ᠤᠨ ᠬᠢᠨ ᠦᠵᠡᠯ ᠰᠠᠨᠠᠭ᠎ᠠ ᠲᠠᠨᠢᠯᠳᠠ ᠪᠣᠯᠤᠨ ᠦᠢᠯᠡᠴᠢᠯᠡᠭᠡᠨ ᠤ ᠦᠵᠡᠯ ᠤᠬᠠᠮᠰᠠᠷ ᠢᠶᠠᠨ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠭᠡᠷ ᠲᠤ ᠬᠦᠷᠴᠦ ᠳᠤᠯᠠᠭᠠᠯᠠᠯᠭ᠎ᠠ ᠶᠢᠨ ᠦᠷ᠎ᠡ ᠪᠦᠲᠦᠮᠵᠢ ᠶᠢ ᠤᠶᠢᠯᠠᠭᠠᠵᠦ᠂ ᠳᠤᠯᠠᠭᠠᠯᠠᠭ᠎ᠠ ᠶᠢᠨ ᠰᠠᠨᠠᠯ ᠢ ᠰᠣᠨᠣᠰᠤᠨ᠎ᠠ᠃ ᠠᠶᠤᠯᠭᠦᠶ ᠦᠶ᠋ᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠢᠳᠠᠪᠤᠷᠢᠵᠢᠭᠤᠯᠬᠤ᠂ ᠠᠵᠤ  ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠢᠯᠴᠢ ᠬᠠᠩᠭᠠᠬᠤ ᠲᠦᠭᠦᠷᠦᠮᠵᠢ ᠶᠢ ᠰᠡᠯᠪᠢᠨ ᠵᠠᠰᠠᠵᠤ ᠠᠷᠠᠴᠢᠯᠠᠬᠤ᠂ ᠵᠢᠵᠢᠭᠦᠷᠯᠡᠨ ᠰᠠᠬᠢᠬᠤ᠂ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠪᠣᠯᠤᠨ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠭᠦᠯᠦᠨ᠎ᠡ᠃ ᠭᠡᠨᠡᠳᠲᠡ ᠶᠢᠨ ᠬᠡᠷᠡᠭ᠂ ᠬᠡᠲᠦᠷᠡᠮᠡᠬᠡᠶ ᠴᠠᠭ ᠠᠭᠤᠷ ᠢ ᠠᠷᠭᠠᠴᠠᠬᠤ ᠴᠢᠳᠠᠪᠤᠷᠢ ᠪᠣᠯᠤᠨ ᠠᠶᠤᠯ ᠠᠴᠠ ᠠᠪᠤᠷᠠᠨ ᠰᠢᠢᠳᠪᠦᠷᠢᠯᠡᠬᠦ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠡᠪᠦᠯ ᠤᠨ ᠤᠯᠠᠷᠢᠯ ᠤᠨ ᠢᠯᠴᠢ ᠬᠠᠩᠭᠠᠬᠤ ᠡᠯ᠎ᠡ  ᠵᠦᠢᠯ ᠤᠨ ᠠᠵᠢᠯ ᠢ ᠯᠠᠪᠳᠠᠭᠤᠨ ᠪᠠᠲᠤᠲᠠᠶ ᠨᠠᠷᠢᠯᠢᠭ ᠰᠠᠶᠢᠳᠤᠷ ᠬᠢᠵᠦ᠂ ᠪᠦᠬᠦ ᠰᠢᠶᠠᠨ ᠤ ᠠᠷᠠᠳ ᠣᠯᠠᠨ ᠤ ᠳᠤᠯᠠᠭᠠᠨ ᠡᠪᠦᠯ ᠥᠩᠭᠡᠷᠡᠬᠦ᠂ ᠲᠠᠭᠠᠯᠠᠮᠵᠢᠲᠠᠶ ᠡᠪᠦᠯᠵᠢᠬᠦ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号