ᠠᠷᠠᠳ ᠤᠨ ᠰᠦᠯᠵᠢᠶ᠎ᠡ ᠶᠢᠨ ᠬᠥᠬᠡᠬᠤᠲᠠ ᠶᠢᠨ 12 ᠰᠠᠷ᠎ᠠ ᠶᠢᠨ 9 ᠤ ᠡᠳᠦᠷ ᠤᠨ ᠮᠡᠳᠡᠭᠡ ︵ᠸᠠᠩ ᠬᠤᠶ︶ | 12 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠰᠤᠷᠪᠤᠯᠵᠢᠯᠠᠭᠴᠢ ᠬᠥᠬᠡᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯᠳᠤᠭᠤᠯᠤᠭᠰᠠᠨ ᠰᠣᠨᠢᠨ ᠮᠡᠳᠡᠭᠡ | ᠨᠡᠶᠢᠲᠡᠯᠡᠬᠦ ᠬᠤᠷᠠᠯ ᠠᠴᠠ ᠣᠶᠢᠯᠠᠭᠠᠭᠰᠠᠨ ᠢᠶᠠᠷ᠂ ︽ᠬᠥᠬᠡᠬᠤᠲᠠ ᠶᠢᠨ ᠪᠣᠯᠪᠠᠰᠤᠨ ᠦᠢᠯᠡ ᠠᠵᠢᠯᠯᠠᠭ᠎ᠠ ᠶᠢ | ᠠᠬᠢᠭᠤᠯᠬᠤ ᠲᠦᠷᠢᠮ︾ ︵ᠳᠣᠷᠣᠭᠰᠢ ︽ᠲᠦᠷᠢᠮ︾ ᠭᠡᠵᠦ ᠲᠣᠪᠴᠢᠯᠠᠨ᠎ᠠ︶ ᠢ ᠢᠷᠡᠬᠦ ᠵᠢᠯ ᠤᠨ 3 ᠰᠠᠷ᠎ᠠ ᠶᠢᠨ | 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠠᠶᠢᠨ᠎ᠠ᠃ | ᠲᠠᠨᠢᠯᠴᠠᠭᠤᠯᠤᠭᠰᠠᠨ ᠢ ᠦᠨᠳᠦᠰᠦᠯᠡᠪᠡᠯ᠂ ︽ᠲᠦᠷᠢᠮ︾ ᠨᠢ ᠨᠡᠶᠢᠲᠡ ᠲᠠᠪᠤᠨ ᠪᠦᠯᠦᠭ 36 ᠵᠦᠢᠯ ᠢᠶᠠᠷ | ᠪᠦᠷᠢᠯᠳᠦᠵᠦ᠂ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠠᠵᠢᠯ ᠤᠨ ᠰᠠᠯᠠᠭ᠎ᠠ ᠮᠥᠴᠢᠷ᠂ ᠵᠠᠷᠤᠳᠠᠯ᠂ | ᠪᠣᠯᠪᠠᠰᠤᠨ ᠦᠢᠯᠡ ᠠᠵᠢᠯᠯᠠᠭ᠎ᠠ ᠶᠢᠨ ᠦᠨᠳᠦᠰᠦᠨ ᠵᠢᠷᠤᠮᠵᠢᠯ᠂ ᠰᠠᠨᠠᠭᠠᠴᠢᠯᠠᠭ᠎ᠠ ᠪᠠ ᠵᠣᠷᠢᠭᠵᠢᠭᠤᠯᠤᠯ᠂ | ᠬᠡᠷᠡᠭᠵᠢᠭᠦᠯᠦᠯᠳᠡ ᠪᠠ ᠪᠠᠲᠤᠯᠠᠭ᠎ᠠ ᠵᠡᠷᠭᠡ ᠲᠠᠯ᠎ᠠ ᠪᠠᠷ ᠵᠢᠷᠤᠮᠵᠢᠭᠤᠯᠵᠠᠶ᠃ ᠲᠣᠰ ᠲᠦᠷᠢᠮ ᠳᠤ ︽ᠬᠠᠤᠯᠢ ᠶᠢ ᠨᠠᠷᠢᠯᠢᠭ | ᠤᠨᠤᠪᠴᠢᠳᠠᠢ ᠲᠣᠭᠲᠠᠭᠠᠬᠤ᠂ ᠭᠤᠤᠯᠳᠠᠯᠭ᠎ᠠ ᠶᠢ ᠳᠣᠪᠤᠶᠢᠯᠭᠠᠬᠤ︾᠂ ︽ᠬᠠᠤᠯᠢ ᠶᠢ ᠨᠠᠷᠢᠨ ᠨᠢᠮᠪᠠᠢ ᠲᠤᠬᠳᠠᠭᠠᠬᠤ᠂ | ᠨᠡᠶᠢᠭᠡᠮ ᠢᠶᠠᠷ ᠢᠶᠠᠨ ᠬᠠᠮᠲᠤ ᠪᠠᠷ ᠵᠠᠰᠠᠬᠤ︾᠂ ︽ᠬᠠᠤᠯᠢ ᠶᠢ ᠨᠠᠷᠢᠯᠢᠭ ᠲᠣᠭᠲᠠᠭᠠᠬᠤ᠂ ᠣᠷᠣᠨ ᠨᠤᠲᠤᠭ ᠤᠨ | ᠣᠨᠴᠠᠯᠢᠭ ᠢ ᠢᠯᠡᠷᠡᠭᠦᠯᠬᠦ︾ ᠭᠤᠷᠪᠠᠨ ᠶᠡᠭᠡ ᠣᠨᠴᠠᠯᠢᠭ ᠲᠠᠢ᠃ ᠣᠯᠠᠨ ᠲᠦᠮᠡᠨ ᠤ ᠲᠥᠪᠯᠡᠷᠡᠩᠭᠦᠶ ᠪᠠᠷ ᠲᠤᠰᠬᠠᠵᠤ | ᠪᠠᠶᠢᠭ᠎ᠠ ᠨᠡᠶᠢᠳᠡᠮ ᠤᠨ ᠴᠢᠨᠠᠷᠲᠠᠶ ᠪᠣᠯᠪᠠᠰᠤᠨ ᠪᠤᠰᠤ ᠦᠢᠯᠡ ᠠᠵᠢᠯᠯᠠᠭ᠎ᠠ ᠳᠤ ᠴᠢᠭᠯᠡᠭᠦᠯᠦᠨ ᠨᠠᠩ ᠨᠠᠷᠢᠯᠢᠭ | ᠲᠣᠳᠣᠷᠬᠠᠶ ᠪᠥᠭᠡᠳ ᠬᠡᠷᠡᠭᠵᠢᠭᠦᠯᠦᠰᠢᠳᠡᠢ ᠲᠣᠭᠲᠠᠭᠠᠯ ᠭᠠᠷᠭᠠᠬᠤ ᠶᠢᠨ ᠬᠠᠮᠲᠤ ︽ᠠᠷᠠᠳ ᠢᠷᠭᠡᠳ ᠤᠨ ᠪᠠᠭᠠᠲᠤᠷ | ᠵᠢᠱᠢᠶᠡᠴᠢ ᠠᠴᠠ ᠰᠤᠷᠤᠯᠴᠠᠬᠤ ᠶᠢ ᠰᠠᠨᠠᠭᠠᠴᠢᠯᠠᠬᠤ︾ ᠵᠡᠷᠭᠡ ᠦᠨᠳᠦᠰᠦᠨ ᠱᠠᠲᠤᠨ ᠳᠤ ᠣᠶᠢᠷᠠᠲᠤᠭᠰᠠᠨ ᠵᠦᠢᠯ | ᠵᠤᠷᠪᠤᠰ ᠢ ᠲᠦᠷᠢᠮ ᠳᠤ ᠪᠢᠴᠢᠨ ᠣᠷᠣᠭᠤᠯᠵᠤ᠂ ᠠᠷᠠᠳ ᠢᠷᠭᠡᠳ ᠤᠨ ᠦᠢᠯᠡ ᠠᠵᠢᠯᠯᠠᠭ᠎ᠠ ᠶᠢᠨ ᠶᠡᠷᠦᠩᠬᠡᠶ | ᠱᠠᠭᠠᠷᠳᠠᠯᠭ᠎ᠠ ᠶᠢᠨ ᠠᠭᠤᠯᠭ᠎ᠠ ᠪᠣᠯᠭᠠᠵᠤ᠂ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠲᠥᠪ ᠬᠤᠲᠠ ᠳᠤ | ᠤᠯᠠᠮᠵᠢᠯᠠᠨ ᠪᠠᠳᠠᠷᠠᠭᠤᠯᠬᠤ ᠶᠢ ᠴᠢᠬᠤᠯᠠᠴᠢᠯᠠᠪᠠ᠃ | ︽ᠲᠦᠷᠢᠮ︾ ᠤᠨ ᠠᠭᠤᠯᠭ᠎ᠠ ᠳᠤ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠎ᠠ᠃ ᠵᠥᠪ | ᠲᠠᠯ᠎ᠠ ᠶᠢᠨ ᠵᠣᠷᠢᠭᠵᠢᠭᠤᠯᠤᠯ ᠪᠠ ᠰᠠᠨᠠᠭᠠᠴᠢᠯᠠᠭ᠎ᠠ ᠶᠢ ᠳᠣᠪᠤᠶᠢᠯᠭᠠᠵᠤ᠂ ᠢᠯᠡ ᠲᠣᠳᠣ ᠶᠣᠰᠣ ᠮᠣᠷᠠᠯ ᠤᠨ | ᠤᠳᠤᠷᠢᠳᠤᠮᠵᠢ ᠶᠢ ᠪᠣᠶ ᠪᠣᠯᠭᠠᠨ᠎ᠠ᠃ ᠡᠭᠦᠨ ᠤ ᠬᠠᠮᠲᠤ ᠴᠢᠭᠯᠡᠬᠦᠯᠦᠯᠳᠦ ᠴᠢᠨᠠᠷ ᠢ ᠴᠢᠩᠭᠠᠳᠬᠠᠵᠤ᠂ ᠪᠤᠯᠪᠠᠰᠤᠨ | ᠪᠤᠰᠤ ᠦᠢᠯᠡ ᠠᠵᠢᠯᠯᠠᠭ᠎ᠠ ᠶᠢ ᠬᠢᠵᠠᠭᠠᠷᠯᠠᠨ ᠵᠢᠷᠤᠮᠵᠢᠭᠤᠯᠤᠨ᠎ᠠ᠃ ᠬᠠᠲᠠᠭᠤ ᠬᠡᠷᠡᠭᠰᠡᠯ ᠤᠨ ᠪᠥᠲᠥᠭᠡᠨ | ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠬᠦ ᠪᠠ ᠵᠥᠭᠡᠯᠡᠨ ᠣᠷᠴᠢᠨ ᠲᠣᠭᠤᠷᠢᠨ ᠢ ᠰᠢᠯᠢᠳᠡᠭᠵᠢᠭᠦᠯᠵᠦ᠂ | ᠬᠡᠷᠡᠭᠵᠢᠭᠦᠯᠦᠯᠲᠡ ᠶᠢᠨ ᠪᠠᠲᠤᠯᠠᠭ᠎ᠠ ᠶᠢ ᠪᠥᠬᠦ ᠲᠠᠯ᠎ᠠ ᠪᠠᠷ ᠴᠢᠩᠭᠠᠳᠬᠠᠨ᠎ᠠ ᠬᠡᠪᠡ᠃ ︽ᠲᠦᠷᠢᠮ︾ ᠨᠢ 29 | ᠵᠦᠢᠯ ᠤᠨ ᠪᠣᠯᠪᠠᠰᠤᠨ ᠪᠤᠰᠤ ᠠᠵᠢᠯᠯᠠᠭ᠎ᠠ ᠳᠤ ᠴᠠᠭᠠᠵᠠᠯᠠᠬᠤ ᠴᠢᠨᠠᠷᠲᠠᠢ ᠵᠢᠷᠤᠮᠵᠢᠯ ᠭᠠᠷᠭᠠᠵᠤ᠂ ᠬᠠᠤᠯᠢ ᠪᠠᠷ ᠵᠠᠰᠠᠬᠤ | ᠰᠡᠳᠬᠢᠬᠦᠢ᠂ ᠬᠠᠤᠯᠢ ᠪᠠᠷ ᠵᠠᠰᠠᠬᠤ ᠠᠷᠭ᠎ᠠ ᠪᠠᠷ ᠬᠢᠵᠠᠭᠠᠷᠯᠠᠬᠤ ᠦᠢᠯᠡᠳᠦᠯ ᠢ ᠴᠢᠩᠭᠠᠳᠬᠠᠪᠠ᠃ ︽ᠲᠦᠷᠢᠮ︾ ᠳᠤ᠂ | ᠴᠣᠩᠬᠤᠪᠴᠢ ᠶᠢᠨ ᠦᠢᠯᠡᠴᠢᠯᠡᠭᠡᠨ ᠤ ᠠᠵᠢᠯ ᠲᠥᠷᠥᠯ ᠨᠢ ᠠᠵᠢᠯ ᠮᠡᠷᠭᠡᠵᠢᠯ ᠤᠨ ᠶᠣᠰᠣ ᠮᠣᠷᠠᠯ ᠤᠨ ᠵᠢᠷᠤᠮᠵᠢᠯ ᠪᠠ | ᠴᠢᠨᠠᠷ ᠰᠠᠶᠢᠲᠠᠶ ᠦᠢᠯᠡᠴᠢᠯᠡᠭᠡᠨ ᠤ ᠪᠠᠷᠢᠮᠵᠢᠶ᠎ᠠ ᠶᠢ ᠲᠣᠭᠲᠠᠭᠠᠵᠤ᠂ ᠴᠣᠩᠬᠤᠪᠴᠢ ᠶᠢᠨ ᠦᠢᠯᠡᠴᠢᠯᠡᠭᠡᠨ ᠤ ᠪᠣᠯᠪᠠᠰᠤᠨ | ᠳᠦᠷᠢ ᠲᠥᠷᠬᠦ ᠶᠢ ᠪᠣᠶ ᠪᠣᠯᠭᠠᠬᠤ ᠬᠡᠷᠡᠭᠲᠡᠶ ᠭᠡᠵᠦ ᠲᠣᠭᠲᠠᠭᠠᠵᠠᠶ᠃ ︽ᠲᠦᠷᠢᠮ︾ ᠳᠤ ᠶᠠᠮᠠᠷᠪᠠ ᠨᠢᠭᠡᠴᠡ ᠪᠠ | ᠬᠤᠪᠢ ᠬᠥᠮᠦᠨ ᠴᠥᠮ ᠪᠣᠯᠪᠠᠰᠤᠨ ᠦᠢᠯᠡ ᠠᠵᠢᠯᠯᠠᠭ᠎ᠠ ᠶᠢ ᠠᠬᠢᠭᠤᠯᠬᠤ ᠠᠵᠢᠯ ᠳᠤ ᠰᠠᠨᠠᠯ ᠪᠠ ᠰᠠᠨᠠᠭᠤᠯᠭ᠎ᠠ | ᠳᠤᠷᠠᠳᠬᠤ ᠡᠷᠬᠡ ᠲᠠᠢ᠂ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠢᠳᠬᠠᠨ ᠬᠤᠷᠢᠭᠯᠠᠵᠤ᠂ ᠢᠯᠡᠴᠢᠯᠡᠨ | ᠮᠡᠳᠡᠭᠦᠯᠵᠦ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠥᠬᠡᠶ | ᠶᠠᠪᠤᠳᠠᠯ ᠢ ᠵᠠᠭᠠᠯᠳᠤᠬᠤ ᠪᠤᠶᠤ ᠲᠤᠰᠬᠠᠵᠤ᠂ ᠪᠥᠬᠦ ᠬᠤᠲᠠ ᠳᠤ ᠨᠢᠭᠡᠳᠦᠯᠲᠡᠶ ᠵᠠᠭᠠᠯᠳᠤᠵᠤ ᠢᠯᠡᠴᠢᠯᠡᠨ ᠮᠡᠳᠡᠭᠦᠯᠬᠦ | ᠲᠠᠪᠴᠠᠩ ᠪᠠᠶᠢᠭᠤᠯᠵᠤ᠂ ᠵᠠᠭᠠᠯᠳᠤᠯᠭ᠎ᠠ ᠪᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠶ ᠳᠤᠨᠢ ᠭᠥᠯᠢᠶᠡᠨ ᠠᠪᠴᠤ | ᠰᠢᠢᠳᠪᠦᠷᠢᠯᠡᠨ᠎ᠡ ᠭᠡᠵᠦ ᠲᠣᠭᠲᠠᠭᠠᠪᠠ᠃ | http://mongol.people.com.cn/15832356.html |