ᠵᠠᠩ ᠪᠠᠢ ᠴᠧᠩ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠴᠢᠩᠭ᠎ᠠ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2020/12/11
      12 ᠳ᠋ᠤᠭᠠᠷ ᠰᠠᠷ᠎ᠠ ᠶᠢᠨ 10 ᠤ ᠡᠳᠦᠷ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠲᠠᠷᠬᠠᠭᠰᠠᠨ ᠤ ᠲᠠᠷᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠪᠦᠬᠦ ᠤᠯᠤᠰ ᠤᠨ ᠠᠶᠤᠯᠭᠦᠢ ᠦᠢᠯᠡᠳᠪᠦᠷᠢᠯᠡᠯ ᠤᠨ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠨ ᠬᠢᠬᠦ ᠲᠠᠯ᠎ᠠ ᠪᠠᠷ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠵᠠᠩ ᠪᠠᠢ ᠴᠧᠩ ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠠᠶᠤᠯᠭᠦᠢ ᠦᠢᠯᠡᠳᠪᠦᠷᠢᠯᠡᠯ ᠤᠨ ᠴᠡᠭᠴᠡᠯᠡᠨ ᠵᠠᠰᠠᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠲᠠᠢ ᠤᠶᠠᠯᠳᠤᠭᠤᠯᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢ ᠳᠣᠪᠣᠶᠢᠯᠭᠠᠨ᠂ ᠡᠪᠦᠯ ᠬᠠᠪᠤᠷ ᠤᠨ ᠵᠠᠭᠤᠨ ᠡᠳᠦᠷ ᠤᠨ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠨᠡᠨᠬᠦ ᠰᠠᠶᠢᠬᠠᠨ ᠥᠷᠨᠢᠭᠦᠯᠬᠦ ᠬᠡᠷᠡᠭᠲᠡᠢ᠃ ᠣᠷᠴᠢᠮ ᠤᠨ ᠬᠤᠭᠤᠴᠠᠭᠠᠨ ᠳᠤ ᠪᠦᠬᠦ ᠤᠯᠤᠰ ᠲᠤ ᠦᠷᠭᠦᠯᠵᠢᠯᠡᠨ ᠭᠠᠷᠤᠭᠰᠠᠨ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠢ ᠶᠢᠨ ᠭᠡᠨᠡᠳᠡᠯ ᠠᠴᠠ ᠭᠦᠨᠵᠡᠭᠡᠢ ᠰᠤᠷᠭᠠᠮᠵᠢ ᠠᠪᠴᠤ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠶᠤᠯᠭᠦᠢ ᠶᠢᠨ ᠵᠥᠪᠯᠡᠯ ᠤᠨ ᠨᠡᠭᠦᠷᠡᠰᠦᠨ ᠠᠭᠤᠷᠬᠠᠢ ᠶᠢᠨ ᠬᠦᠷᠢᠶ᠎ᠡ ᠴᠠᠷᠠᠭ᠎ᠠ ᠶᠢ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠶᠢ ᠴᠢᠩᠭᠠᠳᠬᠠᠬᠤ ᠲᠤᠬᠠᠢ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠨᠡᠭᠦᠷᠡᠰᠦᠨ ᠠᠭᠤᠷᠬᠠᠢ ᠶᠢᠨ ᠠᠵᠤ ᠠᠬᠤᠶᠢᠯᠠᠯ ᠤᠨ ᠠᠶᠤᠯᠭᠦᠢ ᠦᠢᠯᠡᠳᠪᠦᠷᠢᠯᠡᠯ ᠢ ᠴᠢᠩᠭ᠎ᠠ ᠠᠩᠬᠠᠷᠤᠨ ᠪᠣᠳᠠᠲᠠᠢ ᠠᠳᠬᠤᠵᠤ᠂ ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠤᠨ ᠠᠶᠤᠯᠭᠦᠢ ᠶᠢᠨ ᠭᠡᠨᠡᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃ ᠠᠶᠤᠯᠲᠠᠢ ᠬᠢᠮᠢ ᠶᠢᠨ ᠪᠣᠳᠠᠰ᠂ ᠨᠡᠭᠦᠷᠡᠰᠦᠨ ᠤ ᠪᠤᠰᠤ ᠠᠭᠤᠷᠬᠠᠢ ᠵᠡᠷᠭᠡ ᠭᠤᠣᠯᠳᠠᠯᠭ᠎ᠠ  ᠲᠠᠢ ᠬᠦᠷᠢᠶ᠎ᠡ ᠴᠠᠷᠠᠭ᠎ᠠ ᠶᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠠᠵᠢᠯ ᠲᠥᠷᠥᠯ ᠤᠨ ᠠᠶᠤᠯᠭᠦᠢ ᠦᠢᠯᠡᠳᠪᠦᠷᠢᠯᠡᠯ ᠢ ᠬᠢᠨᠠᠨ ᠬᠠᠮᠢᠶᠠᠷᠬᠤ ᠪᠠᠨ ᠦᠷᠭᠦᠯᠵᠢᠯᠡᠨ ᠴᠢᠩᠭᠠᠳᠬᠠᠬᠤ ᠬᠡᠷᠡᠭᠲᠡᠢ᠃ ︽ᠬᠠᠷ᠎ᠠ ᠲᠣᠰᠣ ᠨᠡᠮᠡᠬᠦ ᠥᠷᠲᠡᠭᠡ︾ ᠳᠤ ᠴᠣᠬᠢᠯᠲᠠ ᠥᠭᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠡᠶᠢᠮᠦᠷᠬᠦ ᠬᠦᠨᠳᠦ ᠶᠡᠭᠡ ᠠᠶᠤᠯᠭᠦᠢ ᠶᠢᠨ ᠳᠠᠯᠳᠠ ᠭᠡᠮ ᠢ ᠡᠷᠡᠰ ᠠᠷᠢᠯᠭᠠᠬᠤ ᠬᠡᠷᠡᠭᠲᠡᠢ᠃ ᠬᠤᠸᠠᠷ ᠫᠤᠤᠵᠢᠩ ᠢ ᠪᠣᠷᠣᠯᠠᠭᠤᠯᠬᠤ᠂ ᠲᠠᠯᠪᠢᠬᠤ ᠪᠠ ᠲᠡᠭᠡᠭᠡᠪᠦᠷᠢᠯᠡᠬᠦ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠬᠤ ᠬᠡᠷᠡᠭᠲᠡᠢ ᠭᠡᠵᠡᠢ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠬᠦᠴᠦᠲᠡᠢ ᠠᠷᠭ᠎ᠠ ᠬᠡᠮᠵᠢᠶ᠎ᠡ ᠠᠪᠴᠤ᠂ ᠡᠪᠦᠯ ᠤᠨ ᠤᠯᠠᠷᠢᠯ ᠤᠨ ᠮᠠᠭᠤᠬᠠᠢ ᠡᠳᠦᠷ ᠴᠠᠰᠤ ᠮᠥᠰᠥ ᠬᠥᠯᠳᠡᠭᠰᠡᠨ ᠵᠠᠮ ᠳᠡᠭᠡᠷ᠎ᠡ ᠠᠮᠠᠷᠬᠠᠨ ᠵᠠᠮ ᠬᠠᠷᠢᠯᠴᠠᠭ᠎ᠠ ᠲᠡᠭᠡᠭᠡᠪᠦᠷᠢ ᠶᠢᠨ ᠠᠳᠡᠯ ᠭᠠᠷᠬᠤ ᠪᠠᠶᠢᠳᠠᠯ ᠳᠤ ᠴᠢᠭᠯᠡᠭᠦᠯᠦᠨ᠂ ᠳᠠᠯᠳᠠ ᠭᠡᠮ ᠢ ᠪᠠᠶᠢᠴᠠᠭᠠᠨ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠷᠠᠳ  ᠤᠯᠠᠨ ᠤ ᠶᠠᠪᠤᠵᠤ ᠰᠠᠭᠤᠬᠤ ᠶᠢᠨ ᠠᠶᠤᠯᠭᠦᠢ ᠶᠢ ᠪᠠᠲᠤᠯᠠᠬᠤ ᠬᠡᠷᠡᠭᠲᠡᠢ᠃ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠤᠨ ᠠᠵᠢᠯ ᠵᠣᠭᠰᠣᠭᠰᠠᠨ ᠬᠤᠭᠤᠴᠠᠭᠠᠨ ᠳᠠᠬᠢ ᠠᠶᠤᠯᠭᠦᠢ ᠶᠢᠨ ᠠᠰᠠᠭᠤᠳᠠᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠤᠷ ᠲᠥᠪᠰᠢᠨ ᠤ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠨ᠂ ᠦᠯᠡᠳᠡᠵᠦ ᠬᠤᠴᠣᠷᠤᠭᠰᠠᠨ ᠬᠥᠮᠥᠰ ᠤᠨ ᠠᠮᠤᠷ ᠲᠦᠪᠰᠢᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠡᠢ᠃      ᠵᠠᠩ ᠪᠠᠢ ᠴᠧᠩ ᠴᠢᠬᠤᠯᠠᠴᠢᠯᠠᠬᠤ ᠳᠠᠭᠠᠨ᠂ ᠰᠢᠨ᠎ᠡ ᠵᠢᠯ ᠴᠠᠭᠠᠨ ᠰᠠᠷ᠎ᠠ ᠣᠶᠢᠷᠠᠲᠤᠵᠤ᠂ ᠡᠯ᠎ᠡ ᠱᠠᠲᠤᠨ ᠤ ︽ᠬᠤᠶᠠᠷ ᠬᠤᠷᠠᠯ︾ ᠴᠦ ᠵᠠᠯᠭᠠᠪᠠᠷ ᠡᠬᠢᠯᠡᠬᠦ ᠪᠤᠯᠤᠯ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠡᠭᠦᠷᠭᠡ ᠲᠤᠰᠢᠶᠠᠯ ᠢᠶᠠᠨ ᠪᠡᠶᠡᠯᠡᠭᠦᠯᠬᠦ ᠶᠢᠨ ᠬᠠᠮᠲᠤ ᠬᠠᠷᠢᠯᠴᠠᠨ ᠨᠢᠭᠲᠠ ᠬᠠᠮᠵᠢᠯᠴᠠᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠦᠨ᠂ ᠬᠠᠮᠲᠤ ᠪᠠᠷ ᠲᠥᠪ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠪᠣᠳᠠᠲᠠᠢ ᠠᠳᠬᠤᠵᠤ ᠨᠠᠷᠢᠯᠢᠭ ᠠᠳᠬᠤᠵᠤ᠂ ᠪᠦᠬᠦ ᠬᠤᠲᠠ ᠶᠢᠨ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠲᠤ ᠠᠮᠤᠷ ᠲᠣᠭᠲᠠᠭᠤᠨ ᠬᠥᠭᠵᠢᠯᠲᠡ ᠶᠢᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠡᠢ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号