ᠥᠪᠥᠷ ᠮᠣᠩᠭᠤᠯ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠥᠷᠨᠢᠭᠦᠯᠵᠦ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠲᠣᠭᠤᠷᠢᠨ ᠢ ᠪᠣᠶ ᠪᠣᠯᠭᠠᠪᠠ
ᠨᠡᠶᠢᠲᠡᠯᠡᠭᠰᠡᠨ ᠴᠠᠭ᠄
2020/12/11
      ᠰᠢᠨᠬᠤᠸᠠ ᠬᠤᠷᠢᠶᠠᠨ ᠤ ᠬᠥᠬᠡᠬᠤᠲᠠ ᠶᠢᠨ 12 ᠰᠠᠷ᠎ᠠ ᠶᠢᠨ 9 ᠤ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠵᠢᠩ︶ ᠰᠤᠷᠪᠤᠯᠵᠢᠯᠠᠭᠴᠢ 9 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠢᠩᠬᠢᠮ᠂ ᠥᠪᠥᠷ ᠮᠣᠩᠭᠤᠯ ᠤᠨ ᠠᠮᠢ ᠠᠬᠤᠶ ᠶᠢᠨ ᠣᠷᠴᠢᠨ ᠲᠣᠭᠤᠷᠢᠨ ᠤ ᠲᠢᠩᠬᠢᠮ ᠵᠡᠷᠭᠡ 6 ᠰᠠᠯᠠᠭ᠎ᠠ ᠮᠥᠴᠢᠷ ᠣᠶᠢᠷ᠎ᠠ ᠳᠤ ᠪᠥᠬᠦ ᠣᠷᠣᠨ ᠤ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠬᠠᠮᠲᠤᠷᠠᠨ ᠡᠬᠢᠯᠡᠭᠦᠯᠵᠦ᠂ 2022 ᠣᠨ ᠤ ᠡᠴᠦᠰ ᠪᠣᠯᠲᠠᠯ᠎ᠠ᠂ ᠪᠥᠬᠦ ᠣᠷᠣᠨ ᠤ 60% ᠠᠴᠠ ᠳᠡᠭᠡᠭᠰᠢᠬᠢ ᠬᠤᠲᠠ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ ᠡᠭᠦᠳᠦᠨ ᠪᠠᠶᠢᠭᠤᠯᠬᠤ ᠱᠠᠭᠠᠷᠳᠠᠯᠭ᠎ᠠ ᠳᠤ ᠬᠦᠷᠦᠭᠦᠯᠭᠦ ᠪᠠᠷ ᠲᠥᠯᠥᠪᠯᠡᠵᠦ ᠪᠠᠶᠢᠨ᠎ᠠ᠃      ᠪᠥᠬᠦ ᠣᠷᠣᠨ ᠤ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠲᠤᠰᠠᠳᠠ᠂ 6 ᠰᠠᠯᠠᠭ᠎ᠠ ᠮᠥᠴᠢᠷ ᠲᠦᠷᠦᠭᠦᠬᠡᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠬᠠᠮᠲᠤᠷᠠᠨ ᠳᠠᠷᠤᠮᠠᠯᠯᠠᠨ ᠲᠠᠷᠬᠠᠭᠠᠵᠤ ᠬᠡᠷᠡᠭᠵᠢᠭᠦᠯᠪᠡ᠃ ᠲᠣᠬᠢᠷᠠᠭᠤᠯᠤᠯᠲᠠ ᠶᠣᠰᠣᠭᠠᠷ᠂ ᠥᠪᠥᠷ ᠮᠣᠩᠭᠤᠯ ᠤᠨ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠨᠢ ᠬᠤᠲᠠ ︵ᠬᠤᠰᠢᠭᠤ ᠰᠢᠶᠠᠨ ᠪᠠᠭᠲᠠᠨ᠎ᠠ︶ ᠶᠢᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠥᠪᠯᠡᠯ ᠤᠨ ᠬᠠᠷᠢᠶᠠᠨ ᠳᠠᠬᠢ ᠣᠷᠣᠨ ᠵᠠᠶ ᠶᠢᠨ ᠣᠷᠣᠨ ᠪᠦᠰᠡ ᠪᠠᠷ ᠡᠭᠦᠳᠦᠨ ᠪᠠᠶᠢᠭᠤᠯᠬᠤ ᠡᠲᠡᠭᠡᠳ ᠪᠣᠯᠭᠠᠨ᠎ᠠ᠃ 2021 ᠣᠨ ᠤ ᠡᠴᠤᠰ ᠪᠣᠯᠬᠤ ᠳᠤ᠂ ᠪᠥᠬᠦ ᠣᠷᠣᠨ ᠤ 30% ᠠᠴᠠ ᠳᠡᠭᠡᠭᠰᠢᠬᠢ ᠬᠤᠲᠠ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ ᠡᠭᠦᠳᠦᠨ ᠪᠠᠶᠢᠭᠤᠯᠬᠤ ᠱᠠᠭᠠᠷᠳᠠᠯᠭ᠎ᠠ ᠳᠤ ᠬᠦᠷᠦᠭᠦᠯᠦᠨ᠎ᠡ︔ 2022 ᠣᠨ ᠤ ᠡᠴᠦᠰ ᠪᠣᠯᠬᠤ ᠳᠤ᠂ ᠪᠥᠬᠦ ᠣᠷᠣᠨ ᠤ 60% ᠠᠴᠠ ᠳᠡᠭᠡᠭᠰᠢᠬᠢ ᠬᠤᠲᠠ ᠶᠢᠨ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠳᠤ ᠣᠷᠣᠯᠴᠠᠭᠤᠯᠬᠤ ᠶᠢᠨ ᠬᠠᠮᠲᠤ ᠡᠭᠦᠳᠦᠨ ᠪᠠᠶᠢᠭᠤᠯᠬᠤ ᠱᠠᠭᠠᠷᠳᠠᠯᠭ᠎ᠠ ᠳᠤ ᠬᠦᠷᠦᠭᠦᠯᠵᠦ᠂ ᠨᠡᠶᠢᠭᠡᠮ ᠲᠣᠭᠤᠷᠢᠭ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠪᠡᠷ ᠲᠡᠭᠰᠢ᠂ ᠲᠠᠭᠠᠯᠠᠮᠵᠢᠲᠠᠶ᠂ ᠠᠮᠤᠷ ᠲᠦᠪᠰᠢᠨ᠂ ᠦᠵᠡᠰᠬᠦᠯᠡᠩᠲᠦ ᠰᠠᠶᠢᠬᠠᠨ ᠪᠣᠯᠭᠠᠬᠤ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃      ᠲᠣᠰ ᠤᠳᠠᠭᠠᠨ ᠤ ᠥᠪᠥᠷ ᠮᠣᠩᠭᠤᠯ ᠤᠨ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠡᠭᠦᠳᠦᠨ ᠪᠠᠶᠢᠭᠤᠯᠬᠤ ᠠᠭᠤᠯᠭ᠎ᠠ ᠶᠢ ᠭᠤᠤᠯᠳᠠᠭᠤ ᠨᠡᠶᠢᠭᠡᠮ ᠲᠣᠭᠤᠷᠢᠭ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠪᠥᠲᠥᠭᠡᠨ ᠪᠠᠶᠢᠭᠤᠯᠤᠯᠲᠠ ᠪᠠ ᠴᠡᠭᠴᠡᠯᠡᠨ ᠵᠠᠰᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ᠂ ᠨᠡᠶᠢᠭᠡᠮ ᠲᠣᠭᠤᠷᠢᠭ ᠤᠨ ᠰᠠᠭᠤᠷᠢ ᠲᠥᠬᠦᠭᠡᠷᠦᠮᠵᠢ ᠶᠢ ᠪᠣᠬᠢᠷᠲᠤᠯ ᠥᠬᠡᠶ ᠪᠣᠯᠭᠠᠬᠤ ᠶᠢ ᠳᠥᠯᠭᠢᠨ ᠠᠬᠢᠭᠤᠯᠬᠤ᠂ ᠨᠡᠶᠢᠭᠡᠮ ᠲᠣᠭᠤᠷᠢᠭ ᠤᠨ ᠣᠷᠣᠰᠢᠨ ᠰᠠᠭᠤᠬᠤ ᠳᠤ ᠲᠣᠬᠢᠷᠠᠮᠵᠢᠲᠠᠶ ᠣᠷᠴᠢᠨ ᠨᠥᠬᠦᠴᠡᠯ ᠢ ᠪᠣᠶ ᠪᠣᠯᠭᠠᠬᠤ᠂ ᠨᠡᠶᠢᠭᠡᠮ ᠲᠣᠭᠤᠷᠢᠭ ᠤᠨ ᠮᠡᠳᠡᠭᠡ ᠵᠠᠩᠭᠢᠵᠢᠯᠲᠠ ᠤᠶᠤᠨᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠪᠠ ᠨᠡᠶᠢᠭᠡᠮ ᠲᠣᠭᠤᠷᠢᠭ ᠤᠨ ᠪᠣᠬᠢᠷᠲᠤᠯ ᠥᠬᠡᠶ ᠰᠣᠶᠣᠯ ᠢ ᠪᠤᠶᠢᠵᠢᠭᠤᠯᠬᠤ ᠵᠡᠷᠭᠡ ᠲᠠᠪᠤᠨ ᠲᠠᠯ᠎ᠠ ᠳᠤ ᠬᠠᠨᠳᠤᠭᠤᠯᠤᠭᠰᠠᠨ ᠪᠥᠭᠡᠳ 16 ᠵᠦᠢᠯ ᠤᠨ ᠡᠭᠦᠳᠦᠨ ᠪᠠᠶᠢᠭᠤᠯᠬᠤ ᠪᠣᠳᠠᠲᠠᠶ ᠪᠠᠷᠢᠮᠵᠢᠶ᠎ᠠ ᠪᠣᠯᠭᠠᠨ ᠨᠠᠷᠢᠯᠢᠬᠵᠢᠭᠤᠯᠪᠠ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠲᠠᠷᠠᠭᠠᠴᠢ ᠶᠢᠨ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠠᠵᠢᠯᠯᠠᠭ᠎ᠠ ᠳᠤᠮᠳᠠ᠂ ᠥᠪᠥᠷ ᠮᠣᠩᠭᠤᠯ ᠤᠨ ᠡᠯ᠎ᠡ ᠠᠶᠢᠮᠠᠭ ᠬᠤᠲᠠ ᠶᠢᠨ ᠬᠢᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠪᠣᠬᠢᠷᠲᠤᠯ ᠥᠬᠡᠶ ᠪᠠᠷᠢᠯᠭ᠎ᠠ ᠵᠡᠷᠭᠡ ᠡᠯ᠎ᠡ ᠲᠥᠷᠥᠯ ᠤᠨ ᠰᠠᠭᠤᠭᠠᠯᠢ ᠠᠷᠠᠳ ᠤᠨ ᠲᠣᠭᠤᠷᠢᠭ ᠲᠤ ᠬᠤᠯᠪᠣᠭᠳᠠᠬᠤ ᠡᠯ᠎ᠡ ᠵᠦᠢᠯ ᠤᠨ ᠪᠠᠯᠠ ᠮᠥᠩᠭᠦ ᠶᠢ ᠨᠢᠭᠡᠳᠦᠯᠲᠡᠶ ᠲᠦᠯᠦᠪᠵᠢᠭᠦᠯᠦᠨ ᠰᠠᠶᠢᠲᠤᠷ ᠬᠡᠷᠡᠭᠯᠡᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠡᠭᠦᠨ ᠠᠴᠠ ᠭᠠᠳᠠᠨ᠎ᠠ᠂ ᠡᠯ᠎ᠡ ᠠᠶᠢᠮᠠᠭ ᠬᠤᠲᠠ ᠨᠢ ᠪᠠᠰᠠ ᠨᠡᠶᠢᠭᠡᠮ ᠤᠨ ᠬᠥᠷᠥᠩᠭᠡ ᠪᠠ ᠨᠡᠶᠢᠭᠡᠮ ᠤᠨ ᠬᠦᠴᠦᠨ ᠢ ᠬᠥᠲᠥᠯᠥᠨ ᠵᠢᠯᠣᠭᠤᠳᠬᠤ ᠪᠠ ᠵᠣᠷᠢᠭᠵᠢᠭᠤᠯᠵᠤ ᠪᠠᠶᠢᠭᠠᠳ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠳᠤ ᠪᠠᠯᠠ ᠣᠷᠣᠭᠤᠯᠤᠨ ᠣᠷᠣᠯᠴᠠᠭᠤᠯᠵᠤ᠂ ᠲᠣᠰ ᠲᠣᠰ ᠤᠨ ᠣᠨᠴᠠᠯᠢᠭ ᠲᠠᠢ ᠪᠣᠬᠢᠷᠲᠤᠯ ᠥᠬᠡᠶ ᠨᠡᠶᠢᠭᠡᠮ ᠲᠣᠭᠤᠷᠢᠭ ᠢ ᠡᠭᠦᠳᠦᠨ ᠪᠠᠶᠢᠭᠤᠯᠬᠤ ᠵᠠᠭᠪᠤᠷ ᠪᠠ ᠲᠤᠷᠰᠢᠯᠭ᠎ᠠ ᠶᠢ ᠪᠦᠷᠢᠯᠳᠦᠭᠦᠯᠦᠨ᠎ᠡ᠃http://mongol.people.com.cn/15832354.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号