ᠠᠵᠤ ᠦᠢᠯᠡᠰ ᠤᠨ ᠰᠢᠰᠲ᠋ᠧᠮᠵᠢ
ᠨᠡᠶᠢᠲᠡᠯᠡᠭᠰᠡᠨ ᠴᠠᠭ᠄
2020/12/11
     ᠨᠢᠭᠡᠨ ᠣᠶᠣᠨᠲᠤ᠂ ᠪᠣᠬᠢᠷᠲᠤᠯ ᠦᠭᠡᠢ᠂ ᠰᠢᠨ᠎ᠡ ᠶᠢ ᠡᠭᠦᠳᠬᠦ᠂ ᠥᠨᠳᠥᠷ ᠪᠦᠲᠦᠮᠵᠢᠲᠡᠶ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠤᠨ᠎ᠠ᠃      ᠪᠣᠬᠢᠷᠲᠤᠯ ᠦᠭᠡᠢ ᠬᠥᠭᠵᠢᠭᠦᠯᠬᠦ᠂ ᠣᠷᠴᠢᠨ ᠲᠣᠭᠤᠷᠢᠨ ᠢ ᠤᠷᠢᠳᠠᠪᠠᠷ ᠪᠣᠳᠣᠯᠬᠢᠯᠠᠬᠤ᠂ ᠰᠢᠨ᠎ᠡ ᠶᠢ ᠡᠭᠦᠳᠦᠨ ᠬᠥᠭᠵᠢᠭᠦᠯᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠥᠲᠥᠯᠥᠨ ᠳᠠᠭᠠᠭᠤᠯᠬᠤ᠂ ᠠᠭᠤᠰᠤᠯᠴᠠᠨ ᠬᠥᠭᠵᠢᠬᠦ᠂ ᠡᠵᠡᠩᠨᠡᠯᠲᠡ ᠶᠢᠨ ᠬᠡᠯᠪᠡᠷᠢ ᠪᠠᠶᠢᠳᠠᠯ ᠢ ᠰᠢᠯᠢᠳᠡᠭᠵᠢᠭᠦᠯᠬᠦ᠂ ᠲᠥᠪᠯᠡᠷᠡᠭᠦᠯᠦᠨ ᠬᠥᠭᠵᠢᠭᠦᠯᠬᠦ᠂ ᠬᠠᠮᠵᠢᠯᠴᠠᠨ ᠣᠨᠳᠣᠤᠰᠢᠬᠤ᠂ ᠨᠡᠭᠡᠭᠡᠯᠲᠡᠲᠡᠢ ᠬᠥᠭᠵᠢᠬᠦ᠂ ᠬᠠᠮᠲᠤᠷᠠᠨ ᠠᠵᠢᠯᠯᠠᠵᠤ ᠬᠠᠮᠲᠤᠪᠠᠷ ᠠᠰᠢᠭ ᠬᠦᠷᠲᠡᠬᠦ᠃        ︽1+N︾ ᠰᠢᠰᠲ᠋ᠧᠮᠵᠢ ᠶᠢ ᠢᠳᠡᠪᠬᠢᠲᠡᠢ ᠪᠠᠶᠢᠭᠤᠯᠵᠤ ᠪᠠᠶᠢᠨ᠎ᠠ᠃ ︽ᠬᠤᠷᠢᠨᠭᠡᠷ ᠰᠢᠨ᠎ᠡ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ + ︽ᠬᠤᠷᠢᠨᠭᠡᠷ ᠰᠢᠨ᠎ᠡ ᠲᠣᠭᠤᠷᠢᠭ ᠤᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠬᠤᠷᠢᠨᠭᠡᠷ ᠰᠢᠨ᠎ᠡ ᠲᠣᠭᠤᠷᠢᠭ ᠤᠨ ᠲᠣᠨᠣᠭᠯᠠᠯ ᠦᠢᠯᠡᠳᠬᠦ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠬᠤᠷᠢᠨᠭᠡᠷ ᠰᠢᠨ᠎ᠡ ᠲᠣᠭᠤᠷᠢᠭ ᠤᠨ ᠲᠣᠮᠣ ᠡᠷᠡᠭᠦᠯ ᠮᠡᠨᠳᠦ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠬᠤᠷᠢᠨᠭᠡᠷ ᠰᠢᠨ᠎ᠡ ᠲᠣᠭᠤᠷᠢᠭ ᠤᠨ ᠠᠭᠠᠷ ᠤᠨ ᠠᠶᠠᠯᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠰᠢᠨ᠎ᠡ ᠲᠣᠭᠤᠷᠢᠭ ᠤᠨ ᠪᠣᠬᠢᠷᠲᠤᠯ ᠦᠭᠡᠢ ᠢᠳᠡᠭᠡᠨ ᠤ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠬᠤᠷᠢᠨᠭᠡᠷ ᠰᠢᠨ᠎ᠡ ᠲᠣᠭᠤᠷᠢᠭ ᠤᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ︾ ︽ᠬᠤᠷᠢᠨᠭᠡᠷ ᠰᠢᠨ᠎ᠡ ᠲᠣᠭᠤᠷᠢᠭ ᠤᠨ ᠡᠨᠧᠷᠭᠢ ᠬᠢᠮᠢ ᠶᠢᠨ ᠠᠵᠤ ᠦᠢᠯᠡᠳᠪᠦᠷᠢ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ︾ ︽ᠬᠤᠷᠢᠨᠭᠡᠷ ᠰᠢᠨ᠎ᠡ ᠲᠣᠭᠤᠷᠢᠭ ᠤᠨ ᠳ᠋ᠠ ᠵᠢᠶᠠᠩ ᠬᠦᠷᠢᠶᠡᠯᠡᠩ ᠲᠣᠭᠤᠷᠢᠭ ᠤᠨ ᠠᠵᠤ ᠦᠢᠯᠡᠰ ᠤᠨ ᠲᠥᠯᠥᠪᠵᠢᠭᠦᠯᠭᠡ ︾ ︽ᠬᠤᠷᠢᠨᠭᠡᠷ ᠰᠢᠨ᠎ᠡ ᠲᠣᠭᠤᠷᠢᠭ ᠤᠨ ᠨᠤᠲᠤᠭ ᠤᠨ ᠬᠠᠮ ᠵᠢᠭᠤᠯᠴᠢᠯᠠᠯ ᠤᠨ ᠬᠥᠭᠵᠢᠯᠲᠡ ᠶᠢᠨ ᠲᠥᠯᠥᠪᠵᠢᠭᠦᠯᠭᠡ︾ ᠵᠡᠷᠭᠡ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠪᠡ᠃      ︽ᠰᠢᠨ᠎ᠡ ᠠᠵᠤ ᠠᠬᠤᠶ ᠪᠠᠷ ᠰᠢᠨ᠎ᠡ ᠤᠳᠤᠷᠢᠳᠤᠮᠵᠢ ᠪᠣᠯᠭᠠᠨ᠂ ᠰᠢᠨ᠎ᠡ ᠮᠡᠷᠭᠡᠵᠢᠯ ᠢᠶᠠᠷ ᠰᠢᠨ᠎ᠡ ᠬᠥᠳᠡᠯᠭᠡᠭᠴᠢ ᠴᠢᠳᠠᠮᠵᠢ ᠪᠣᠯᠭᠠᠵᠤ᠂ ᠲᠣᠮᠣ ᠳ᠋ᠠᠶᠢᠲ᠋ᠠ᠂ ᠳᠡᠭᠡᠳᠦ ᠲᠡᠰ ᠤᠨ ᠲᠣᠨᠣᠭᠯᠠᠯ᠂ ᠰᠢᠨ᠎ᠡ ᠮᠠᠲ᠋ᠧᠷᠢᠶᠠᠯ᠂ ᠰᠢᠨ᠎ᠡ ᠡᠨᠧᠷᠭᠢ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠲᠦᠷᠭᠡᠳᠬᠡᠨ ᠪᠤᠶᠢᠵᠢᠭᠤᠯᠵᠤ᠂ ᠡᠷᠡᠭᠦᠯ ᠮᠡᠨᠳᠦ ᠶᠢᠨ ᠠᠵᠤ ᠦᠢᠯᠡᠰ᠂ ᠰᠡᠯᠡᠭᠦᠴᠡᠯ ᠵᠢᠭᠤᠯᠴᠢᠯᠠᠯ ᠵᠡᠷᠭᠡ ᠦᠨᠳᠦᠰᠦᠲᠡᠨ ᠤ ᠣᠨᠴᠠᠯᠢᠭ ᠪᠠ ᠲᠠᠯ᠎ᠠ ᠨᠤᠲᠤᠭ ᠤᠨ ᠣᠨᠴᠠᠯᠢᠭ ᠪᠦᠬᠦᠢ ᠡᠷᠡᠭᠦᠯᠵᠢᠯ ᠰᠡᠯᠡᠭᠦᠴᠡᠯ ᠤᠨ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠪᠣᠬᠢᠷᠲᠤᠯ ᠦᠭᠡᠢ ᠢᠳᠡᠭᠡᠨ ᠢ ᠡᠳ᠋ᠰᠢᠭᠦᠯᠬᠦ᠂ ᠠᠮᠢ ᠠᠬᠤᠶ ᠶᠢ ᠰᠡᠷᠭᠦᠭᠡᠬᠦ ᠵᠡᠷᠭᠡ ᠪᠦᠬᠦ ᠤᠯᠤᠰ ᠲᠤ ᠳᠠᠪᠠᠭᠤᠯᠢᠭ ᠪᠣᠬᠢᠷᠲᠤᠯ ᠦᠭᠡᠢ ᠠᠮᠢ ᠠᠬᠤᠢ ᠶᠢᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠣᠳᠣ ᠦᠶ᠎ᠡ ᠶᠢᠨ ᠪᠠᠷᠠᠭᠠᠨ ᠤ ᠭᠦᠢᠯᠭᠡᠭᠡ᠂ ᠮᠥᠩᠭᠦᠨ ᠭᠦᠢᠯᠭᠡᠭᠡ᠂ ᠬᠤᠷᠠᠯ ᠦᠵᠡᠰᠬᠦᠯᠡᠩ᠂ ᠰᠣᠶᠣᠯ ᠤᠨ ᠪᠦᠲᠦᠭᠡᠯᠴᠢ ᠲᠥᠰᠦᠪᠯᠡᠯ᠂ ᠳᠡᠭᠡᠳᠦ ᠲᠠᠰ ᠤᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠵᠡᠷᠭᠡ ᠲᠤᠯᠭᠠᠭᠤᠷᠢᠯᠠᠯ ᠤᠨ ᠬᠡᠯᠪᠡᠷᠢ ᠶᠢᠨ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠬᠡᠪᠡᠷ ᠬᠥᠭᠵᠢᠭᠦᠯᠵᠦ᠂ ᠣᠶᠣᠨᠲᠤ᠂ ᠪᠣᠬᠢᠷᠲᠤᠯ ᠥᠬᠡᠶ᠂ ᠰᠢᠨ᠎ᠡ ᠶᠢ ᠡᠭᠦᠳᠬᠦ᠂ ᠥᠨᠳᠥᠷ ᠪᠦᠲᠦᠮᠵᠢᠲᠡᠶ ᠣᠲᠣ ᠦᠶ᠎ᠡ ᠶᠢᠨ ᠠᠵᠤ ᠦᠢᠯᠡᠰ ᠤᠨ ᠰᠢᠰᠲ᠋ᠧᠮᠵᠢ ᠶᠢ ᠬᠦᠴᠦᠯᠡᠨ ᠪᠠᠶᠢᠭᠤᠯᠬᠤ︾ ᠠᠵᠤ ᠦᠢᠯᠡᠰ ᠤᠨ ᠬᠥᠭᠵᠢᠯᠲᠡ ᠶᠢᠨ ᠰᠡᠳᠬᠢᠮᠵᠢ ᠶᠢ ᠲᠣᠳᠣᠷᠬᠠᠶᠢᠯᠠᠪᠠ᠃           ᠬᠤᠷᠢᠨᠭᠡᠷ ᠰᠢᠨ᠎ᠡ ᠲᠣᠭᠤᠷᠢᠭ ᠤᠨ ᠠᠵᠤ ᠦᠢᠯᠡᠰ ᠤᠨ           ᠰᠢᠰᠲ᠋ᠧᠮᠵᠢ ᠶᠢᠨ ᠲᠥᠯᠥᠪᠵᠢᠭᠦᠯᠭᠡ ᠶᠢᠨ ᠵᠢᠷᠤᠭ
ᠢᠷᠡᠯᠲᠡ᠄ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ