ᠲᠣᠭᠲᠠᠬᠤ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ 2020 ᠣᠨ ᠤ 14 ᠳ᠋ᠤᠭᠡᠷ ᠤᠳᠠᠭ᠎ᠠ᠂ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020/12/14
      12 ᠰᠠᠷ᠎ᠠ ᠶᠢᠨ 8 ᠤ ᠡᠳᠦᠷ᠂ ᠲᠣᠭᠲᠠᠬᠤ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠰᠢᠶᠠᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠤᠯ ᠳᠤᠭᠤᠶᠢᠯᠠᠩ ᠤᠨ 2020 ᠣᠨ ᠤ 14 ᠳ᠋ᠤᠭᠡᠷ ᠤᠳᠠᠭ᠎ᠠ᠂ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠲᠥᠪ ᠤᠨ ᠤᠬᠠᠭᠤᠯᠭ᠎ᠠ ᠶᠢᠨ ᠬᠡᠯᠲᠡᠰ ᠤᠨ ︽ᠨᠠᠮ ᠤᠨ ᠬᠤᠷᠢᠶᠠᠨ ᠤ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠯᠠᠪᠯᠠᠯᠲᠠ︾ ᠭᠡᠬᠦ ᠳᠥᠷᠪᠡᠳᠦᠭᠡᠷ ᠬᠤᠭᠤᠴᠠᠭᠠᠨ ᠤ ᠰᠡᠳᠬᠦᠯ ᠢ ᠤᠯᠠᠮᠵᠢᠯᠠᠨ ᠰᠤᠷᠤᠯᠴᠠᠵᠤ ︽ᠣᠳᠣᠬᠠᠨ ᠤ ᠪᠠᠶᠢᠳᠠᠯ ᠢ ᠪᠥᠬᠦ ᠲᠠᠯ᠎ᠠ ᠪᠠᠷ ᠣᠨᠣᠪᠴᠢᠲᠠᠶ ᠲᠠᠨᠢᠵᠤ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ︾ ᠭᠡᠰᠡᠨ ᠵᠣᠬᠢᠶᠠᠯ ᠨᠡᠶᠢᠲᠡᠯᠡᠪᠡ︔ ᠰᠢ ᠶᠢᠨ ᠫᠢᠩ ᠤᠨ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢᠨ ᠲᠤᠬᠠᠢ ᠥᠭᠦᠯᠡᠯᠲᠡ ᠶᠢ  ᠰᠤᠷᠤᠯᠴᠠᠵᠠᠢ᠃      ᠬᠤᠷᠠᠯ ᠠᠴᠠ᠂ ᠠᠵᠤ ᠠᠬᠤᠢ ᠶᠢᠨ ᠬᠥᠭᠵᠢᠯᠲᠡ ᠶᠢᠨ ᠪᠠᠶᠢᠳᠠᠯ ᠢ ᠪᠦᠬᠦ ᠲᠠᠯ᠎ᠠ ᠪᠠᠷ ᠲᠠᠨᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠲᠠᠢ ᠤᠶᠠᠯᠳᠤᠭᠤᠯᠤᠨ᠂ ᠮᠠᠨ ᠤ ᠤᠯᠤᠰ ᠤᠨ ᠰᠢᠨ᠎ᠡ ᠬᠥᠭᠵᠢᠯᠲᠡ ᠶᠢᠨ ᠱᠠᠳᠤᠨ ᠳᠤ ᠤᠷᠤᠭᠰᠠᠨ ᠴᠢᠬᠤᠯᠠ ᠶᠡᠭᠡ ᠮᠠᠭᠠᠳᠯᠠᠯᠲᠠ ᠪᠣᠯᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠰᠣᠩᠭᠤᠯᠲᠠ ᠶᠢ ᠣᠨᠣᠪᠴᠢᠲᠠᠶ ᠡᠵᠡᠮᠰᠢᠨ᠂ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ  ᠭᠦᠨᠵᠡᠭᠡᠢ ᠲᠤᠭᠤᠰᠢᠯᠠᠭᠤᠯᠵᠦ᠂ ᠬᠢᠵᠢᠭ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ᠵᠢᠯ ᠤᠨ ᠡᠴᠦᠰ ᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠦ᠂ ᠪᠦᠬᠦ ᠵᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠰᠢᠨᠵᠢᠯᠡᠬᠦ ᠤᠬᠠᠭᠠᠨᠴᠢ ᠪᠠᠷ ᠢᠷᠡᠬᠦ ᠵᠢᠯ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠠᠵᠢᠯ ᠢ ᠲᠦᠯᠦᠪᠯᠡᠵᠦ᠂ ᠬᠢᠮᠤᠷᠠᠯ ᠤᠨ ᠳᠤᠮᠳᠠ ᠰᠢᠨ᠎ᠡ ᠶᠢ ᠪᠤᠶᠢᠵᠢᠭᠤᠯᠬᠤ ᠲᠣᠬᠢᠶᠠᠯ ᠬᠤᠪᠢᠰᠤᠯᠲᠠ ᠶᠢᠨ ᠳᠤᠮᠳᠠ ᠰᠢᠨ᠎ᠡ ᠪᠠᠶᠢᠳᠠᠯ ᠢ ᠨᠡᠭᠡᠭᠡᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠦᠯᠦᠪᠵᠢᠭᠦᠯᠭᠡ ᠶᠢᠨ ᠬᠤᠭᠤᠴᠠᠭᠠᠨ ᠤ ᠰᠠᠶᠢᠨ ᠡᠬᠢᠯᠡᠯᠲᠡ ᠳᠤ ᠪᠠᠲᠤ ᠪᠠᠬᠢ ᠰᠠᠭᠤᠷᠢ ᠶᠢ ᠲᠠᠯᠪᠢᠵᠤ ᠦᠭᠭᠦᠭᠰᠡᠨ ᠪᠠᠶᠢᠨ᠎ᠠ᠃      ᠬᠤᠷᠠᠯ ᠠᠴᠠ᠂ ᠲᠥᠪᠯᠡᠷᠡᠭᠦᠯᠦᠨ ᠰᠤᠷᠤᠯᠴᠠᠬᠤ᠂ ᠥᠪᠡᠰᠦᠪᠡᠨ ᠰᠤᠷᠤᠯᠴᠠᠬᠤ᠂ ᠬᠠᠪᠰᠤᠷᠤᠨ ᠵᠢᠯᠣᠭᠤᠳᠬᠤ ᠪᠠ ᠰᠤᠷᠤᠯᠴᠠᠯᠭ᠎ᠠ ᠪᠠᠷ ᠲᠠᠮᠵᠢᠭᠤᠯᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠢᠨ᠎ᠡ ᠬᠥᠭᠵᠢᠯᠲᠡ ᠶᠢᠨ ᠪᠠᠶᠢᠳᠠᠯ᠂ ᠰᠢᠨ᠎ᠡ ᠬᠥᠭᠵᠢᠯᠲᠡ ᠶᠢᠨ ᠱᠠᠳᠤ᠂ ᠰᠢᠨ᠎ᠡ ᠬᠥᠭᠵᠢᠯᠲᠡ ᠶᠢᠨ ᠪᠠᠶᠢᠷᠢᠰᠢᠯ᠂ ᠰᠢᠨ᠎ᠡ ᠬᠥᠭᠵᠢᠯᠲᠡ ᠶᠢᠨ ᠬᠠᠷᠠᠯᠲᠠ᠂ ᠰᠢᠨ᠎ᠡ ᠬᠥᠭᠵᠢᠯᠲᠡ ᠶᠢᠨ ᠡᠭᠦᠷᠭᠡ ᠶᠢ ᠰᠡᠳᠬᠢᠯ ᠲᠠᠯᠪᠢᠨ ᠤᠶᠢᠯᠠᠭᠠᠬᠤ ᠬᠡᠷᠡᠭᠲᠡᠶ᠃ ᠪᠥᠬᠦᠳᠡ ᠬᠤᠷᠠᠯ ᠤᠨ ᠵᠣᠷᠢᠭ ᠰᠠᠨᠠᠭ᠎ᠠ ᠲᠠᠢ ᠪᠦᠬᠦ ᠲᠠᠯ᠎ᠠ ᠪᠠᠷ ᠬᠠᠷᠢᠴᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠰᠢᠶᠠᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠴᠢᠨᠠᠷ ᠰᠠᠶᠢᠲᠠᠶ ᠨᠠᠶᠢᠷᠠᠭᠤᠯᠤᠨ ᠵᠤᠬᠢᠶᠠᠬᠤ ᠬᠡᠷᠡᠭᠳᠡᠢ ᠭᠡᠵᠦ ᠱᠠᠭᠠᠷᠳᠠᠪᠠ᠃      ᠬᠤᠷᠠᠯ ᠠᠴᠠ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠳᠠ ᠶᠢᠨ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠦᠯᠦᠨ ᠪᠤᠢ ᠪᠣᠯᠤᠭᠰᠠᠨ ᠴᠢᠬᠤᠯᠠ ᠶᠡᠭᠡ ᠤᠨᠤᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠮᠥᠨ᠂ ᠮᠠᠷᠺᠰ ᠤᠨ ᠦᠵᠡᠯ ᠤᠨ ᠬᠠᠤᠯᠢᠵᠢᠯ ᠤᠨ ᠤᠨᠤᠯ ᠢ ᠳᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠦᠨᠳᠦᠰᠦᠨ ᠵᠢᠷᠤᠮᠯᠠᠯ ᠪᠠ ᠠᠵᠢᠯᠯᠠᠭᠠᠨ ᠤ ᠵᠦᠭᠯᠡᠭᠦᠷ ᠮᠥᠨ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠠᠳᠠᠯᠢᠬᠠᠨ ᠢᠶᠠᠷ ᠨᠢᠭᠡ ᠵᠦᠢᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠦᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠤᠠᠬᠤᠭᠤᠯᠭ᠎ᠠ ᠲᠠᠶᠢᠯᠪᠤᠷᠢᠯᠠᠯᠲᠠ ᠶᠢ ᠨᠢᠭᠡ ᠴᠣᠭᠴᠠᠵᠢᠭᠤᠯᠤᠨ ᠠᠬᠢᠭᠤᠯᠵᠤ᠂ ᠦᠨᠳᠦᠰᠦᠨ ᠵᠣᠷᠢᠭ ᠰᠠᠨᠠᠭ᠎ᠠ ᠶᠢ ᠨᠡᠪᠲᠡᠷᠡᠲᠡᠯ᠎ᠡ ᠣᠶᠢᠯᠠᠭᠠᠵᠤ᠂ ᠭᠤᠤᠯ ᠠᠭᠤᠯᠭ᠎ᠠ ᠶᠢ ᠡᠵᠡᠮᠳᠡᠨ᠂ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠭᠦᠨᠵᠡᠭᠡᠶ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠠᠭᠤᠰᠤᠯᠴᠠᠭᠤᠯᠤᠨ ᠨᠡᠪᠲᠡᠷᠡᠯᠴᠡᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠵᠢᠠᠭᠠᠨ ᠭᠠᠷᠭᠠᠪᠠ᠃      ᠶᠦᠨ ᠷᠦᠢ ᠵᠢᠶᠦ᠋ᠨ᠂ ᠲᠢᠶᠠᠨ ᠸᠧᠨ ᠭᠧ ᠵᠡᠷᠭᠡ ᠰᠢᠶᠠᠨ ᠤ ᠨᠠᠮ ᠤᠨ ᠬᠤᠷᠢᠶᠠᠨ ᠤ ᠭᠤᠣᠯ ᠳᠤᠭᠤᠶᠢᠯᠠᠩ ᠤᠨ ᠪᠦᠷᠢᠯᠳᠦᠭᠦᠨ ᠰᠤᠷᠤᠯᠴᠠᠯᠭ᠎ᠠ ᠶᠢᠨ ᠬᠤᠷᠠᠯ ᠳᠤ ᠣᠷᠣᠯᠴᠠᠪᠠ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号