ᠲᠣᠭᠲᠠᠬᠤ ᠰᠢᠶᠠᠨ 2020 ᠣᠨ ᠤ ᠦᠨᠳᠦᠰᠦᠨ ᠬᠠᠤᠯᠢ ᠶᠢ ᠠᠵᠤ ᠠᠬᠤᠶᠢᠯᠠᠯ ᠳᠤ ᠣᠷᠣᠭᠤᠯᠬᠤ ᠵᠢᠴᠢ ᠡᠶ᠎ᠡ ᠵᠤᠬᠢᠴᠡᠯᠳᠦ ᠬᠥᠳᠡᠯᠮᠦᠷᠢ ᠶᠢᠨ ᠬᠠᠷᠢᠴᠠᠭ᠎ᠠ ᠶᠢ ᠠᠬᠢᠭᠤᠯᠬᠤ ᠪᠠᠶᠢᠭᠤᠯᠤᠯᠲᠠ ᠶᠢᠨ ᠭᠤᠤᠯ ᠰᠡᠳᠦᠪᠲᠦ ᠪᠣᠯᠪᠠᠰᠤᠷᠠᠯ ᠡᠷᠭᠢᠯᠡᠪᠡ
ᠨᠡᠶᠢᠲᠡᠯᠡᠭᠰᠡᠨ ᠴᠠᠭ᠄
2020/12/14
      12 ᠰᠠᠷ᠎ᠠ ᠶᠢᠨ 4 ᠤ ᠡᠳᠦᠷ᠂ ᠲᠤᠭᠳᠠᠬᠤ ᠰᠢᠶᠠᠨ ᠤ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ ᠭᠤᠷᠪᠠᠨ ᠲᠠᠯ᠎ᠠ ᠶᠢᠨ ᠳᠥᠷᠪᠡᠨ ᠰᠠᠯᠠᠭ᠎ᠠ ᠮᠥᠴᠢᠷ 2020 ᠣᠨ ᠤ ᠲᠣᠭᠲᠠᠬᠤ ᠰᠢᠶᠠᠨ ᠤ ᠦᠨᠳᠦᠰᠦᠨ ᠬᠠᠤᠯᠢ ᠶᠢ ᠠᠵᠤ ᠠᠬᠤᠶᠢᠯᠠᠯ ᠳᠤ ᠤᠷᠤᠭᠤᠯᠬᠤ ᠵᠢᠴᠢ ᠡᠶ᠎ᠡ ᠵᠤᠬᠢᠴᠡᠯᠳᠦ ᠬᠥᠳᠡᠯᠮᠦᠷᠢ ᠶᠢᠨ ᠬᠠᠷᠢᠴᠠᠭ᠎ᠠ ᠶᠢ ᠠᠬᠢᠭᠤᠯᠬᠤ ᠪᠠᠶᠢᠭᠤᠯᠤᠯᠲᠠ ᠶᠢᠨ ᠭᠤᠤᠯ ᠰᠡᠳᠦᠪᠲᠦ ᠪᠣᠯᠪᠠᠰᠤᠷᠠᠭᠤᠯᠤᠯ ᠢ ᠡᠷᠭᠢᠯᠡᠪᠡ᠃ ᠪᠣᠯᠪᠠᠰᠤᠷᠠᠭᠤᠯᠤᠯ ᠳᠤ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠪᠠ ᠰᠦᠯᠵᠢᠶᠡᠨ ᠳᠡᠭᠡᠷᠡᠬᠢ ᠰᠢᠭᠤᠳ ᠨᠡᠪᠳᠡᠷᠡᠯᠬᠡ ᠶᠢ ᠬᠡᠷᠡᠭᠯᠡᠨ ᠬᠠᠮᠲᠤ ᠳᠤᠨᠢ ᠶᠠᠷᠢᠶ᠎ᠠ ᠲᠠᠯᠪᠢᠵᠤ᠂ ᠪᠥᠬᠦ ᠰᠢᠶᠠᠨ ᠤ 60 ᠭᠠᠷᠤᠶ ᠠᠵᠤ ᠠᠬᠤᠶᠢᠯᠠᠯ ᠤᠨ ᠨᠡᠶᠢᠲᠡ 90 ᠭᠠᠷᠤᠶ ᠬᠥᠮᠦᠨ ᠲᠤᠬᠠᠶ ᠶᠢᠨ ᠲᠠᠯᠠᠪᠤᠷ ᠤᠨ ᠪᠣᠯᠪᠠᠰᠤᠷᠠᠭᠤᠯᠤᠯ ᠳᠤ ᠣᠷᠣᠯᠴᠠᠪᠠ᠃      ᠠᠵᠢᠯᠯᠠᠭ᠎ᠠ ᠶᠢᠨ ᠠᠬᠤᠶ ᠲᠠᠯᠠᠪᠠᠶ ᠳᠤ᠂ ᠪᠣᠯᠪᠠᠰᠤᠷᠠᠭᠤᠯᠤᠯ ᠤᠨ ᠯᠧᠺᠲ᠋ᠣᠷ ᠯᠢᠦ ᠳ᠋ᠦᠩ ᠭᠠᠩ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ︾ ᠶᠢᠨ ᠠᠷᠠᠳ ᠠᠴᠠ ᠡᠵᠡᠩᠨᠡᠭᠰᠡᠨ ᠠᠵᠤ ᠠᠬᠤᠶ ᠶᠢᠨ ᠬᠦᠭᠵᠢᠯᠳᠡ ᠳᠤ ᠦᠵᠡᠭᠦᠯᠬᠦ ᠦᠨᠳᠦᠰᠦᠨ ᠪᠠᠲᠤᠯᠠᠭ᠎ᠠ ᠶᠢᠨ ᠦᠢᠡᠯᠳᠡᠦᠯ᠂ ᠠᠵᠤ ᠠᠬᠤᠶᠢᠯᠠᠯ ᠤᠨ ᠬᠠᠤᠯᠢ ᠶᠣᠰᠣᠭᠠᠷ ᠡᠶ᠎ᠡ ᠵᠤᠬᠢᠴᠠᠩᠭᠤᠢ ᠬᠥᠳᠡᠯᠮᠦᠷᠢ ᠶᠢᠨ ᠬᠠᠷᠢᠴᠠᠭ᠎ᠠ ᠶᠢ ᠪᠠᠶᠢᠭᠤᠯᠬᠤ ᠵᠡᠷᠭᠡ ᠠᠭᠤᠯᠭ᠎ᠠ ᠶᠢᠨ ᠲᠣᠭᠤᠷᠢᠨ ᠳᠤ ᠨᠠᠷᠢᠨ ᠲᠣᠳᠣᠷᠬᠠᠶ ᠲᠠᠶᠢᠯᠤᠮᠵᠢ ᠬᠢᠪᠠ᠃      ᠲᠤᠰ ᠤᠳᠠᠭᠠᠨ ᠤ ᠪᠣᠯᠪᠠᠰᠤᠷᠠᠯ ᠢᠶᠠᠷ ᠳᠠᠮᠵᠢᠨ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠬᠤ ᠶᠢᠨ ᠲᠥᠯᠥᠭᠡ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠬᠤ ᠳᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠨᠢ ᠮᠠᠰᠢ ᠴᠢᠬᠤᠯᠠ ᠠᠴᠢ ᠬᠤᠯᠪᠣᠭᠳᠠᠯ ᠲᠠᠢ ᠶᠤᠮ᠂ ᠲᠤᠭᠳᠠᠬᠤ ᠰᠢᠶᠠᠨ ᠤ ᠬᠥᠳᠡᠯᠮᠦᠷᠢ ᠶᠢᠨ ᠬᠠᠷᠢᠴᠠᠭᠠᠨ ᠤ ᠡᠶ᠎ᠡ ᠵᠣᠬᠢᠴᠠᠯ ᠲᠠᠢ ᠲᠣᠭᠲᠠᠭᠤᠨ ᠢ ᠬᠠᠮᠠᠭᠠᠯᠠᠬᠤ ᠳᠤ ᠪᠠᠲᠤ ᠪᠠᠬᠢ ᠰᠠᠭᠤᠷᠢ ᠲᠠᠯᠪᠢᠵᠠᠶ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号