ᠲᠤᠭᠳᠠᠬᠤ ᠰᠢᠶᠠᠨ ᠤ ᠤᠯᠤᠰ ᠲᠥᠷᠥ ᠶᠢᠨ ᠵᠥᠪᠯᠡᠯᠭᠡᠨ ᠠᠴᠠ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ  ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠲᠤᠰᠬᠠᠶ ᠰᠡᠳᠦᠪᠲᠦ ᠲᠠᠶᠢᠯᠤᠮᠵᠢ ᠡᠷᠭᠢᠯᠡᠪᠡ
ᠨᠡᠶᠢᠲᠡᠯᠡᠭᠰᠡᠨ ᠴᠠᠭ᠄
2020/12/14
      12 ᠰᠠᠷ᠎ᠠ ᠶᠢᠨ 3 ᠤ ᠡᠳᠦᠷ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠠᠴᠠ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠶ ᠪᠣᠯᠭᠠᠬᠤ︾ ᠲᠤᠰᠬᠠᠶ  ᠰᠡᠳᠦᠪᠳᠦ ᠲᠠᠶᠢᠯᠤᠮᠵᠢ ᠡᠷᠭᠢᠯᠡᠪᠡ᠃ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠦᠨᠳᠦᠰᠦᠲᠡᠨ ᠤ ᠣᠨᠣᠯ ᠵᠢᠭᠠᠨ ᠰᠤᠳᠤᠯᠬᠤ ᠬᠡᠯᠲᠡᠰ ᠤᠨ ᠬᠡᠦ ᠴᠢᠩ ᠬᠤᠢ᠂ ᠬᠥᠬᠡᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠤ ᠠᠬᠤᠶ ᠶᠢᠨ ᠵᠢᠭᠠᠨ  ᠰᠤᠳᠤᠯᠬᠤ ᠲᠠᠰᠤᠭ ᠤᠨ ᠡᠷᠬᠢᠯᠡᠭᠴᠢ ᠸᠧᠶ ᠯᠠᠨ ᠢ ᠤᠷᠢᠵᠤ ᠲᠤᠰᠬᠠᠶ ᠰᠡᠳᠦᠪᠲᠦ ᠬᠠᠪᠰᠤᠷᠤᠨ ᠵᠢᠯᠣᠭᠤᠳᠣᠯᠭ᠎ᠠ ᠬᠢᠯᠭᠡᠪᠡ᠃ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠶᠦᠨ ᠷᠦᠢ ᠵᠢᠶᠦ᠋ᠨ᠂ ᠳᠡᠳ᠋ ᠲᠡᠷᠢᠭᠦᠯᠡᠭᠴᠢ ᠵᠢᠶᠠᠩ ᠰᠢᠶᠤᠤ  ᠳ᠋ᠦᠩ᠂ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠪᠣᠯᠤᠨ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠥᠬᠦᠳ ᠲᠠᠶᠢᠯᠤᠮᠵᠢ ᠶᠢ ᠰᠣᠨᠣᠰᠪᠠ᠃      ᠲᠠᠶᠢᠯᠤᠮᠵᠢ ᠳᠤ᠂ ᠬᠤ᠋ ᠴᠢᠩ ᠬᠤᠢ᠂ ᠸᠧᠢ ᠯᠠᠨ ᠬᠤᠶᠠᠷ ᠪᠠᠭᠰᠢ ︽ᠳᠤᠮᠳᠠᠳᠤ ᠤᠯᠤᠰ ᠤᠨ ᠣᠨᠴᠠᠯᠢᠭ ᠲᠠᠢ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠵᠥᠪ ᠵᠠᠮ ᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠬᠢᠵᠢᠭᠦᠯᠬᠦ︾᠂ ︽ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠶᠠᠷᠢᠶ᠎ᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ︾ ᠪᠠᠷ ᠭᠤᠣᠯ ᠰᠡᠳᠦᠪ ᠪᠣᠯᠭᠠᠨ ᠭᠦᠨᠵᠡᠭᠡᠢ᠂ ᠨᠠᠷᠢᠯᠢᠭ᠂ ᠪᠦᠬᠦ ᠲᠠᠯ᠎ᠠ ᠶᠢᠨ ᠲᠠᠶᠢᠯᠤᠮᠵᠢ ᠬᠢᠵᠡᠢ᠃ ᠲᠠᠶᠢᠯᠤᠮᠵᠢ ᠶᠢᠨ ᠠᠭᠤᠯᠭ᠎ᠠ ᠪᠠᠶᠠᠯᠢᠭ᠂ ᠬᠡᠷᠡᠭ ᠵᠢᠱᠢᠶ᠎ᠡ ᠠᠮᠢᠳᠤᠯᠢᠭ ᠪᠠᠶᠢᠵᠤ᠂ ᠡᠯ᠎ᠡ ᠱᠠᠲᠤᠨ ᠤ ᠺᠠᠳ᠋ᠷᠴᠤᠳ ᠢ ᠬᠥᠲᠥᠯᠥᠨ ᠵᠢᠯᠣᠭᠤᠳᠴᠤ ᠨᠠᠷᠢᠨ ᠬᠢᠨᠠᠮᠠᠭᠠᠶ ᠰᠤᠷᠤᠯᠴᠠᠭᠤᠯᠵᠤ᠂ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠬᠤ ᠪᠠᠨ ᠴᠢᠩᠭᠠᠳᠬᠠᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠤᠶᠢᠯᠠᠭᠠᠨ ᠡᠵᠡᠮᠰᠢᠬᠦ ᠨᠢ ᠮᠠᠰᠢ ᠰᠠᠶᠢᠨ ᠵᠢᠯᠣᠭᠤᠳᠬᠤ ᠠᠴᠢ ᠬᠤᠯᠪᠣᠭᠳᠠᠯ ᠲᠠᠢ ᠶᠤᠮ᠃      ᠲᠤᠰ ᠤᠳᠠᠭᠠᠨ ᠤ ᠲᠤᠰᠬᠠᠶ ᠰᠡᠳᠦᠪᠲᠦ ᠪᠣᠯᠪᠠᠰᠤᠷᠠᠯ ᠤᠨ ᠣᠨᠣᠯ ᠢ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠤᠯᠤᠰ ᠲᠥᠷᠥ ᠶᠢᠨ ᠵᠥᠪᠯᠡᠯᠭᠡᠨ ᠤ ᠪᠦᠬᠦ ᠭᠡᠰᠢᠭᠦᠳ ᠤᠨ ᠤᠯᠤᠰ ᠲᠥᠷᠥ ᠶᠢᠨ ᠢᠲᠡᠭᠡᠯ ᠪᠢᠰᠢᠷᠡᠯ ᠢ ᠪᠠᠲᠤᠳᠬᠠᠵᠤ ᠂ ᠤᠯᠤᠰ ᠲᠦᠷᠦ ᠶᠢᠨ ᠴᠢᠭᠯᠡᠯ ᠢ ᠣᠨᠣᠪᠴᠢᠲᠠᠶ ᠡᠵᠡᠮᠳᠡᠵᠦ᠂ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡ ᠸᠬᠡ ᠶᠢᠨ ᠡᠭᠦᠷᠭᠡᠲᠦ ᠰᠡᠳᠬᠢᠯᠭᠡ ᠶᠢ ᠤᠯᠠᠮ ᠨᠢᠭᠡ ᠠᠯᠬᠤᠮ ᠴᠢᠩᠭᠠᠳᠬᠠᠬᠤ ᠳᠤ ᠴᠢᠬᠤᠯᠠ ᠦᠢᠯᠡᠳᠦᠯ ᠲᠠᠢ ᠶᠤᠮ᠃ ᠣᠯᠠᠨ ᠢᠶᠠᠷ ᠢᠶᠠᠨ᠂ ᠢᠳᠡᠪᠬᠢᠲᠡᠢ ᠬᠠᠷᠢᠭᠤᠴᠠᠯᠭ᠎ᠠ ᠡᠭᠦᠷᠭᠡᠯᠡᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠲᠠᠢ ᠨᠢᠭᠲᠠ ᠬᠠᠷᠢᠯᠴᠠᠵᠤ᠂ ᠲᠥᠷᠥ ᠶᠢᠨ ᠪᠣᠳᠣᠯᠭ᠎ᠠ ᠶᠢ ᠤᠬᠠᠭᠤᠯᠬᠤ᠂ ᠤᠷᠮ᠎ᠠ ᠰᠡᠳᠬᠢᠯᠭᠡ ᠶᠢ ᠰᠢᠯᠤᠭᠤᠳᠬᠠᠬᠤ᠂ ᠵᠥᠷᠢᠴᠡᠯ ᠢ ᠠᠷᠢᠯᠭᠠᠬᠤ ᠵᠡᠷᠭᠡ ᠠᠵᠢᠯ ᠢ ᠰᠠᠶᠢᠲᠤᠷ ᠬᠢᠵᠦ᠂ ᠲᠤᠭᠳᠠᠬᠤ ᠰᠢᠶᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠥᠮᠦᠨ ᠤ ᠰᠡᠳᠬᠢᠯ ᠢ ᠨᠢᠭᠲᠠᠷᠠᠭᠤᠯᠵᠤ᠂ ᠬᠦᠴᠦᠨ ᠴᠢᠳᠠᠯ ᠢ ᠬᠤᠷᠠᠮᠳᠤᠭᠤᠯᠵᠤ᠂ ᠰᠢᠨ᠎ᠡ ᠴᠠᠭ ᠦᠶ᠎ᠡ ᠶᠢᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠶᠢᠨ ᠰᠠᠶᠢᠬᠠᠨ ᠴᠤᠭ ᠵᠢᠪᠬᠤᠭ᠎ᠠ ᠶᠢ ᠭᠦᠢᠴᠡᠳ ᠢᠯᠡᠷᠡᠭᠦᠯᠪᠡ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号