ᠲᠥᠪ ᠪᠣᠯᠤᠨ ᠥᠪᠡᠷᠲᠡᠭᠡᠨ ᠵᠠᠰᠠᠬᠤ ᠣᠷᠣᠨ ᠤ ᠤᠰᠤ ᠠᠷᠪᠢᠯᠠᠬᠤ ᠠᠴᠢᠶᠠᠯᠠᠪᠤᠷᠢ ᠶᠢᠨ ᠪᠦᠲᠦᠭᠡᠨ | ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠤᠰᠤ ᠠᠷᠪᠢᠯᠠᠬᠤ ᠤᠬᠠᠭᠤᠯᠭ᠎ᠠ ᠪᠠᠷ ᠰᠠᠭᠤᠷᠢ ᠪᠣᠯᠭᠠᠵᠤ᠂ ᠰᠢᠶᠠᠨ ᠤ | ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠤᠰᠤ | ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠤᠨ ᠬᠡᠪ ᠵᠠᠭᠪᠤᠷ ᠪᠣᠯᠤᠨ ᠬᠡᠷᠡᠭᠯᠡᠭᠡᠨ ᠤ ᠬᠡᠪ ᠵᠠᠭᠪᠤᠷ ᠢ ᠢᠳᠡᠪᠬᠢᠲᠡᠶ | ᠪᠤᠶᠢᠵᠢᠭᠤᠯᠵᠤ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠪᠠ ᠦᠷ᠎ᠡ ᠠᠰᠢᠭ ᠢ ᠶᠡᠭᠡ | ᠬᠡᠮᠵᠢᠶ᠎ᠡ ᠪᠠᠷ ᠳᠡᠭᠡᠭᠰᠢᠯᠡᠭᠦᠯᠬᠦ ᠶᠢᠨ ᠲᠦᠯᠦᠭᠡ᠂ ᠣᠶᠢᠷ᠎ᠠ ᠶᠢᠨ ᠬᠤᠭᠤᠴᠠᠭᠠᠨ ᠳᠤ᠂ ᠰᠢᠨ᠎ᠡ ᠬᠤᠲᠠ ᠲᠣᠭᠤᠷᠢᠭ ᠤᠨ | ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠰᠢᠨ᠎ᠡ ᠬᠤᠲᠠ ᠲᠣᠭᠤᠷᠢᠭ ᠤᠨ ᠰᠢᠶᠠᠨ ᠤ | ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ | ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠤᠰ ᠲᠥᠷᠥᠯ ᠵᠦᠢᠯ ᠨᠢ ᠪᠤᠷᠤᠬᠤᠰᠢᠭᠤ ᠪᠠᠯᠭᠠᠰᠤ᠂ ᠴᠢᠩᠭᠢᠰ ᠬᠠᠭᠠᠨ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠡᠶᠢᠲᠡ 10 ᠵᠠᠰᠠᠭ ᠵᠠᠬᠢᠷᠭᠠᠨ ᠤ ᠲᠣᠰᠬᠤᠨ ᠳᠤ | ᠬᠤᠯᠪᠣᠭᠳᠠᠵᠤ᠂ ᠭᠤᠤᠯᠳᠠᠭᠤ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠳᠤ᠄ ᠢᠵᠢ ᠪᠦᠷᠢᠳᠦᠭᠦᠯᠬᠦ ᠮᠠᠰᠢᠨ | ᠴᠠᠬᠢᠯᠭᠠᠨ ᠬᠤᠳᠳᠤᠭ ᠤᠨ ᠴᠠᠬᠢᠯᠭᠠᠨ ᠰᠣᠷᠢᠨᠵᠢᠨ ᠬᠤᠭᠤᠯᠠᠶ ᠶᠢᠨ ᠤᠷᠤᠰᠤᠴᠠ ᠶᠢᠨ ᠬᠡᠮᠵᠢᠭᠦᠷ 30 ᠢᠵᠢ᠂ | ᠮᠡᠳᠡᠭᠡ ᠵᠠᠩᠭᠢ ᠴᠤᠭᠯᠠᠭᠤᠯᠤᠨ ᠳᠠᠮᠵᠢᠭᠤᠯᠬᠤ ᠲᠥᠬᠦᠭᠡᠷᠦᠮᠵᠢ 30 ᠢᠵᠢ ᠵᠢᠴᠢ ᠬᠤᠷᠢᠨ ᠨᠢᠭᠡᠳᠦᠭᠡᠷ ᠳᠤᠮᠳᠠᠳᠤ | ᠰᠤᠷᠭᠠᠭᠤᠯᠢ ᠶᠢᠨ ᠵᠤᠷᠯᠤᠩ ᠤᠨ ᠤᠰᠤ ᠠᠷᠪᠢᠯᠠᠬᠤ ᠬᠡᠯᠪᠡᠷᠢ ᠶᠢᠨ ᠲᠥᠬᠦᠭᠡᠷᠦᠮᠵᠢ ᠶᠢ ᠥᠭᠡᠷᠡᠴᠢᠯᠡᠬᠦ ᠵᠡᠷᠭᠡ ᠡᠭᠦᠷᠭᠡ | ᠪᠠᠭᠲᠠᠨ᠎ᠠ᠃ | | | | | | | | ᠲᠤᠰ ᠲᠦᠷᠥᠯ ᠵᠦᠢᠯ ᠢ ᠬᠡᠷᠡᠭᠵᠢᠭᠦᠯᠦᠭᠰᠡᠨ ᠨᠢ ᠤᠰᠤ ᠠᠷᠪᠢᠯᠠᠬᠤ ᠬᠡᠯᠪᠡᠷᠢ ᠶᠢᠨ ᠦᠢᠯᠡᠳᠪᠦᠷᠢᠯᠡᠯ ᠤᠨ ᠬᠡᠪ | ᠵᠠᠭᠪᠤᠷ ᠪᠠ ᠬᠡᠷᠡᠭᠯᠡᠭᠡᠨ ᠤ ᠬᠡᠪ ᠵᠠᠭᠪᠤᠷ ᠢ ᠢᠳᠡᠪᠬᠢᠲᠡᠢ ᠪᠤᠶᠢᠵᠢᠭᠤᠯᠵᠤ᠂ ᠪᠦᠬᠦ ᠨᠡᠶᠢᠭᠡᠮ᠂ ᠪᠦᠬᠦ ᠬᠦᠷᠢᠶ᠎ᠡ ᠬᠡᠪᠴᠢᠶ᠎ᠡ | ᠂ ᠪᠦᠬᠦ ᠲᠠᠯ᠎ᠠ ᠶᠢᠨ ᠪᠡᠶᠡᠲᠦ ᠤᠰᠤ ᠠᠷᠪᠢᠯᠠᠬᠤ ᠬᠡᠪ ᠵᠠᠭᠪᠤᠷ ᠢ ᠲᠡᠭᠦᠯᠳᠡᠷᠵᠢᠭᠦᠯᠵᠦ᠂ ︽ᠤᠰᠤ ᠶᠢ ᠨᠠᠨᠳᠢᠩᠨᠠᠵᠤ᠂ | ᠤᠰᠤ ᠶᠢ ᠬᠠᠶᠢᠷᠠᠯᠠᠵᠤ᠂ ᠤᠰᠤ ᠶᠢ ᠬᠠᠮᠠᠭᠠᠯᠠᠬᠤ︾ ᠨᠡᠶᠢᠭᠡᠮ ᠤᠨ ᠠᠭᠤᠷ ᠠᠮᠢᠰᠬᠤᠯ ᠢ ᠪᠦᠷᠢᠯᠳᠦᠭᠦᠯᠵᠦ᠂ ᠤᠰᠤ | ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠠᠵᠢᠯ ᠢ ᠥᠷᠨᠢᠭᠦᠯᠵᠦ᠂ ᠪᠦᠳᠦᠭᠦᠯᠢᠭ ᠤᠰᠤ ᠬᠡᠷᠡᠭᠯᠡᠬᠦ | ᠠᠷᠭ᠎ᠠ ᠮᠠᠶ᠋ᠢᠭ ᠠᠴᠠ ᠥᠨᠳᠥᠷ ᠦᠷ᠎ᠡ ᠠᠰᠢᠭ ᠲᠠᠢ ᠤᠰᠤ ᠬᠡᠷᠡᠭᠯᠡᠬᠦ ᠠᠷᠭ᠎ᠠ ᠮᠠᠶ᠋ᠢᠭ ᠲᠡᠰᠢ ᠬᠤᠪᠢᠷᠠᠭᠤᠯᠵᠤ᠂ | ᠤᠰᠤᠨ ᠤ ᠡᠬᠢ ᠪᠠᠶᠠᠯᠢᠭ ᠢ ᠬᠡᠳᠦ ᠨᠡᠭᠡᠭᠡᠨ ᠠᠰᠢᠭᠯᠠᠬᠤ ᠠᠴᠠ ᠤᠰᠤᠨ ᠤ ᠡᠬᠢ ᠪᠠᠶᠠᠯᠢᠭ ᠢ | ᠰᠠᠨᠠᠭᠠᠴᠢᠯᠠᠭ᠎ᠠ ᠠᠴᠠ ᠪᠠᠨ ᠠᠷᠪᠢᠯᠠᠨ ᠬᠠᠮᠠᠭᠠᠯᠠᠬᠤ ᠲᠡᠰᠢ ᠬᠤᠪᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ | ᠶᠤᠮ᠃ |