2012—2019 ᠣᠨ ᠳᠤ ᠪᠦᠬᠦ ᠬᠤᠲᠠ ᠡᠯ᠎ᠡ ᠱᠠᠲᠤᠨ ᠤ ᠶᠠᠳᠠᠭᠤ ᠶᠢ ᠲᠡᠳᠬᠦᠬᠦ ᠳᠤ ᠨᠡᠶᠢᠲᠡ 28.4 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠣᠷᠣᠭᠤᠯᠪᠠ
ᠨᠡᠶᠢᠲᠡᠯᠡᠭᠰᠡᠨ ᠴᠠᠭ᠄
2020/12/14
     ︵ᠰᠤᠷᠪᠤᠯᠵᠢᠯᠠᠭᠴᠢ ᠶᠠᠩ ᠼᠠᠢ ᠰᠢᠶᠠ︶ ᠣᠷᠴᠢᠮᠬᠠᠨ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠠᠴᠠ ᠣᠶᠢᠯᠠᠭᠠᠭᠰᠠᠨ ᠢᠶᠠᠷ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠬᠤᠲᠠ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠪᠠᠨ ᠲᠠᠰᠤᠷᠠᠯᠲᠠ ᠦᠭᠡᠢ ᠨᠠᠷᠢᠯᠢᠭᠵᠢᠭᠤᠯᠤᠨ ᠲᠡᠭᠦᠯᠳᠡᠷᠵᠢᠭᠦᠯᠵᠦ᠂ ᠳᠡᠭᠡᠳᠦ ᠱᠠᠲᠤᠨ ᠤ ᠪᠡᠯᠡ ᠮᠥᠩᠭᠦ ᠶᠢ ᠢᠳᠡᠪᠬᠢᠲᠡᠢ ᠲᠡᠮᠡᠴᠡᠨ ᠣᠯᠵᠤ᠂ ᠲᠤᠰ ᠱᠠᠲᠤᠨ ᠤ ᠡᠳ᠋ ᠤᠨ ᠵᠠᠰᠠᠭ ᠤᠨ ᠰᠠᠩ ᠤᠨ ᠵᠣᠭᠤᠰ ᠢ ᠤᠷᠢᠳᠠᠪᠠᠷ ᠪᠠᠭᠤᠯᠭᠠᠵᠤ᠂ ᠮᠠᠯ ᠲᠠᠷᠢᠶᠠᠯᠠᠩ ᠳᠤ ᠬᠤᠯᠪᠣᠭᠳᠠᠭᠰᠠᠨ ᠪᠡᠯᠡ ᠮᠥᠩᠭᠦ ᠶᠢ ᠨᠢᠭᠡᠳᠦᠯᠲᠡᠢ ᠲᠥᠯᠥᠪᠵᠢᠭᠦᠯᠦᠨ ᠨᠡᠶᠢᠳᠬᠡᠨ ᠬᠡᠷᠡᠭᠯᠡᠵᠦ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠣᠷᠣᠭᠤᠯᠤᠯᠲᠠ ᠶᠢ ᠴᠢᠩᠭᠠᠳᠬᠠᠨ᠂ ᠪᠣᠭᠤᠮᠲᠠ ᠰᠢᠪᠲᠤᠯᠤᠯᠲᠠ ᠳᠠᠬᠢ ᠣᠷᠣᠭᠤᠯᠤᠯᠲᠠ ᠶᠢ ᠨᠡᠮᠡᠬᠦ ᠠᠴᠠ ᠪᠢᠰᠢ ᠬᠠᠰᠤᠬᠤ ᠦᠭᠡᠢ ᠪᠠᠶᠢᠬᠤ ᠶᠢ ᠪᠠᠲᠤᠯᠠᠪᠠ᠃      ᠣᠷᠴᠢᠮ ᠤᠨ ᠲᠠᠪᠤᠨ ᠵᠢᠯ ᠤᠨ ᠲᠤᠷᠰᠢ᠂ ᠳᠡᠭᠡᠳᠦ ᠱᠠᠲᠤᠨ ᠤ ᠪᠡᠯᠡ ᠮᠥᠩᠭᠦ ᠶᠢ ᠨᠡᠶᠢᠲᠡ 10.14 ᠳ᠋ᠦᠩᠰᠢᠭᠤᠷ ᠲᠥᠭᠦᠷᠢᠭ ᠣᠯᠵᠤ᠂ ᠲᠤᠰ ᠱᠠᠲᠤᠨ ᠤ ᠪᠡᠯᠡ ᠮᠥᠩᠭᠦ ᠠᠴᠠ 13.7 ᠳ᠋ᠦᠩᠰᠢᠭᠤᠷ ᠲᠥᠭᠦᠷᠢᠭ ᠣᠷᠣᠭᠤᠯᠪᠠ᠃ ᠡᠨᠡ ᠵᠢᠯ ᠠᠴᠠ ᠨᠠᠭᠠᠰᠢ᠂ ᠡᠯ᠎ᠡ ᠱᠠᠲᠤᠨ ᠤ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠢ ᠲᠥᠷᠥᠯ ᠤᠨ ᠪᠡᠯᠡ ᠮᠥᠩᠭᠦ 5.24 ᠳ᠋ᠦᠩᠰᠢᠭᠤᠷ ᠲᠥᠭᠦᠷᠢᠭ ᠪᠠᠭᠤᠯᠭᠠᠵᠤ᠂ 4.9 ᠳ᠋ᠦᠩᠰᠢᠭᠤᠷ ᠲᠥᠭᠦᠷᠢᠭ ᠢ 276 ᠲᠥᠷᠥᠯ ᠵᠦᠢᠯ ᠢ ᠬᠡᠷᠡᠭᠵᠢᠭᠦᠯᠬᠦ ᠳᠤ ᠲᠣᠬᠢᠷᠠᠭᠤᠯᠵᠤ᠂ 190 ᠨᠢ ᠠᠵᠢᠯ ᠳᠠᠭᠤᠰᠪᠠ᠃ 5 ᠵᠢᠯ ᠤᠨ ᠲᠤᠷᠰᠢ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢ ᠶᠢᠨ ᠵᠢᠭᠡᠯᠡᠯᠭᠡ ᠶᠢ ᠨᠡᠶᠢᠲᠡ 2084 ᠡᠷᠦᠭᠡ ᠳᠤ 2381 ᠤᠳᠠᠭ᠎ᠠ ᠪᠠᠭᠤᠯᠭᠠᠨ᠂ 1.02 ᠳ᠋ᠦᠩᠰᠢᠭᠤᠷ ᠲᠥᠭᠦᠷᠢᠭ ᠬᠦᠷᠴᠦ᠂ ᠪᠠᠶᠢᠭ᠎ᠠ ᠵᠢᠭᠡᠯᠡᠯᠭᠡ ᠶᠢᠨ ᠮᠥᠩᠭᠦ 1575 ᠡᠷᠦᠬᠡ ᠶᠢᠨ 6818.33 ᠲᠦᠮᠡᠨ ᠲᠥᠭᠦᠷᠢᠭ ᠪᠣᠯᠪᠠ᠃ ᠡᠭᠦᠨ ᠤ ᠬᠠᠮᠲᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢ ᠴᠢᠩᠭᠠᠳᠬᠠᠵᠤ᠂ ᠲᠦᠭᠰᠢᠭᠦᠷᠢ ᠶᠢ ᠬᠠᠮᠢᠶᠠᠷᠤᠨ ᠡᠵᠡᠮᠳᠡᠵᠤ ᠡᠳ᠋ ᠬᠥᠷᠥᠩᠭᠡ ᠶᠢᠨ ᠦᠷ᠎ᠡ ᠠᠰᠢᠭ ᠢ ᠳᠡᠭᠡᠭᠰᠢᠯᠡᠭᠦᠯᠬᠦ ᠶᠢ ᠴᠢᠩᠭᠠᠳᠬᠠᠪᠠ᠃ ᠰᠢᠶᠠᠨ᠂ ᠰᠢᠶᠠᠩ᠂ ᠲᠣᠰᠬᠤᠨ ᠭᠤᠷᠪᠠᠨ ᠱᠠᠲᠤᠨ ᠤ ᠪᠡᠶᠡᠴᠢ ᠴᠣᠭᠴᠠ ᠶᠢᠨ ᠣᠯᠠᠨ ᠨᠡᠶᠢᠲᠡ ᠶᠢᠨ ᠠᠰᠠᠷᠠᠮᠵᠢ ᠶᠢᠨ ᠲᠥᠷᠥᠯ᠂ ᠡᠵᠡᠩᠨᠡᠯᠲᠡ ᠶᠢᠨ ᠲᠥᠷᠥᠯ᠂ ᠡᠷᠦᠬᠡ ᠳᠤ ᠬᠦᠷᠬᠦ ᠲᠥᠷᠥᠯ ᠤᠨ ︽ᠭᠤᠷᠪᠠ ᠳᠠᠩᠰᠠ︾ ᠶᠢᠨ ᠬᠠᠮᠢᠶᠠᠷᠤᠯᠲᠠ ᠶᠢᠨ ᠳᠠᠩᠰᠠ ᠶᠢ ᠪᠡᠶᠡᠯᠡᠭᠦᠯᠪᠡ᠃      2012—2019 ᠣᠨ ᠳᠤ᠂ ᠪᠦᠬᠦ ᠬᠤᠲᠠ ᠶᠢᠨ ᠡᠯ᠎ᠡ ᠱᠠᠲᠤᠨ ᠤ ᠶᠠᠳᠠᠭᠤ ᠶᠢ ᠲᠡᠳᠬᠦᠬᠦ ᠪᠡᠯᠡ ᠮᠥᠩᠭᠦ ᠳᠤ 28.4 ᠳ᠋ᠦᠩᠰᠢᠭᠤᠷ ᠲᠥᠭᠦᠷᠢᠭ ᠵᠠᠷᠤᠴᠠᠭᠤᠯᠵᠤ᠂ 20.1 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠪᠦᠷᠢᠯᠳᠦᠭᠦᠯᠪᠡ᠃ ︽ᠬᠠᠮᠢᠶᠠᠷᠤᠯᠲᠠ ᠶᠢᠨ ᠲᠥᠰᠥᠯ︾  ︽ᠲᠦᠭᠰᠢᠭᠦᠷᠢ ᠶᠢᠨ ᠳᠠᠯᠳᠠ ᠭᠡᠮ ᠢ ᠪᠠᠶᠢᠴᠠᠭᠠᠬᠤ ᠳᠠᠩᠰᠠ︾ ᠶᠢ ᠲᠣᠭᠲᠠᠭᠠᠵᠤ᠂ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠬᠠᠮᠢᠶᠠᠷᠤᠯᠲᠠ ᠶᠢᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠬᠠᠮᠢᠶᠠᠷᠴᠤ᠂ ᠶᠠᠳᠠᠭᠤ ᠶᠢ ᠲᠡᠳᠬᠦᠬᠦ ᠪᠡᠯᠡ ᠮᠥᠩᠭᠦ ᠶᠢᠨ ᠳᠠᠯᠳᠠ ᠦᠷ᠎ᠡ ᠠᠰᠢᠭ ᠢ ᠥᠷᠭᠦᠯᠵᠢᠯᠡᠨ ᠪᠠᠳᠠᠷᠠᠭᠤᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号