ᠸᠠᠩ ᠯᠢ ᠰᠢᠶᠠ ᠪᠦᠬᠦ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠴᠢᠬᠤᠯᠠᠴᠢᠯᠠᠭᠰᠠᠨ ᠨᠢ ︽ᠳᠥᠷᠪᠡ ᠶᠢ ᠪᠤᠳᠠᠳᠠᠶᠢᠵᠢᠭᠤᠯᠤᠨ︾ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠠᠬᠢᠭᠤᠯᠵᠤ ᠴᠢᠨᠠᠷᠯᠢᠭ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠪᠠᠷ ᠣᠯᠠᠨ ᠲᠦᠮᠡᠨ ᠳᠤ ᠨᠡᠩ ᠣᠯᠠᠨ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ
ᠨᠡᠶᠢᠲᠡᠯᠡᠭᠰᠡᠨ ᠴᠠᠭ᠄
2020/12/14
                  ᠵᠠᠩ ᠪᠠᠢ ᠴᠧᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 12 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠬᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ  ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠳᠠᠭᠠᠨ ᠴᠢᠬᠤᠯᠠᠴᠢᠯᠠᠭᠰᠠᠨ ᠨᠢ᠂ ᠬᠤᠭ ᠨᠣᠪᠰᠢ ᠶᠢ ᠲᠥᠷᠥᠯ ᠬᠤᠪᠢᠶᠠᠬᠤ ᠨᠢ ᠣᠯᠠᠨ ᠲᠦᠮᠡᠨ ᠤ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠬᠤᠯᠪᠣᠭᠳᠠᠵᠤ᠂ ᠪᠣᠬᠢᠷᠲᠤᠯ ᠦᠭᠡᠢ ᠦᠷᠭᠦᠯᠵᠢᠯᠡᠭᠰᠡᠨ ᠬᠥᠭᠵᠢᠯᠲᠡ ᠳᠤ ᠬᠤᠯᠪᠣᠭᠳᠠᠵᠤ᠂ ᠡᠷᠬᠡᠪᠰᠢ ᠬᠢᠬᠦ᠂ ᠡᠷᠬᠡᠪᠰᠢ ᠰᠠᠶᠢᠨ ᠬᠢᠬᠦ ᠠᠵᠢᠯ ᠪᠣᠯᠣᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢᠨ ᠱᠠᠭᠠᠷᠳᠠᠯᠭ᠎ᠠ ᠶᠣᠰᠣᠭᠠᠷ᠂ ᠲᠠᠨᠢᠯᠲᠠ ᠪᠠᠨ ᠪᠤᠳᠠᠳᠠᠶᠢᠵᠢᠭᠤᠯᠵᠤ᠂  ᠬᠡᠷᠡᠭᠵᠢᠬᠦᠯᠦᠯᠲᠡ ᠪᠠᠨ ᠪᠤᠳᠠᠳᠠᠶᠢᠵᠢᠭᠤᠯᠵᠤ᠂ ᠰᠢᠯᠭᠠᠨ ᠦᠨᠡᠯᠡᠬᠦ ᠶᠢ ᠪᠤᠳᠠᠳᠠᠶᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠶᠢ  ᠪᠤᠳᠠᠳᠠᠶᠢᠵᠢᠭᠤᠯᠵᠤ᠂ ᠨᠡᠩ ᠶᠡᠭᠡ ᠡᠷᠴᠢ ᠬᠦᠴᠦ ᠪᠠ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠲᠦᠯᠬᠢᠨ ᠠᠬᠢᠭᠤᠯᠵᠤ᠂ ᠴᠢᠨᠠᠷᠯᠢᠭ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠪᠠᠷ ᠣᠯᠠᠨ ᠲᠦᠮᠡᠨ ᠳᠤ ᠨᠡᠩ ᠣᠯᠠᠨ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠨᠢ ᠪᠦᠬᠦ ᠲᠠᠯ᠎ᠠ ᠪᠠᠷ ᠬᠡᠷᠡᠭᠵᠢᠬᠦᠯᠬᠦ ᠨᠢ ᠨᠡᠶᠢᠭᠡᠮ ᠤᠨ ᠰᠢᠨ᠎ᠡ ᠤᠷᠤᠰᠬᠠᠯ ᠪᠠᠶᠢᠵᠤ᠂ ᠵᠠᠪᠠᠯ ᠬᠢᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠯᠭᠠᠮ᠎ᠠ ᠰᠡᠳᠬᠢᠯᠭᠡ  ᠪᠠ ᠬᠠᠷᠢᠭᠤᠴᠠᠯᠭᠠᠲᠤ ᠰᠡᠳᠬᠢᠯᠭᠡ ᠪᠠᠨ‌ᠦᠨᠡᠨᠬᠦ ᠴᠢᠩᠭᠠᠳᠬᠠᠵᠤ᠂ ︽ᠬᠤᠶᠠᠷ ᠢ ᠬᠦᠷᠢᠶᠡᠯᠡᠬᠦ︾ ᠥᠨᠳᠥᠷ ᠲᠤ ᠵᠣᠭᠰᠣᠨ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠴᠢᠬᠤᠯᠠ ᠴᠢᠨᠠᠷ ᠢ ᠦᠨᠡᠨᠬᠦ ᠲᠠᠨᠢᠬᠤ ᠬᠡᠷᠡᠭᠲᠡᠢ᠃ ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠵᠢᠷᠤᠮᠯᠠᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠦᠢᠯᠡ ᠠᠵᠢᠯᠯᠠᠭ᠎ᠠ ᠶᠢᠨ ᠥᠪᠡᠷ ᠤᠨ ᠤᠬᠠᠮᠰᠠᠷ ᠢ ᠤᠯᠠᠮ ᠨᠢᠭᠡ ᠠᠯᠬᠤᠮ ᠴᠢᠩᠭᠠᠳᠬᠠᠵᠤ᠂ ᠬᠠᠷᠢᠭᠤᠴᠠᠯᠭ᠎ᠠ ᠶᠢ ᠨᠠᠷᠢᠯᠢᠭᠵᠢᠭᠤᠯᠤᠨ᠂ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ ᠭᠡᠵᠡᠢ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢᠶᠠᠷ ᠬᠤᠲᠠ ᠶᠢᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ᠂ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠬᠤ᠂ ᠬᠤᠲᠠ ᠶᠢᠨ ᠨᠠᠷᠢᠯᠢᠭᠵᠢᠭᠰᠠᠨ ᠬᠠᠮᠢᠶᠠᠷᠤᠯᠲᠠ ᠶᠢ ᠤᠯᠠᠮ ᠨᠢᠭᠡ ᠠᠯᠬᠤᠮ ᠠᠬᠢᠭᠤᠯᠬᠤ ᠴᠢᠬᠤᠯᠠ ᠠᠷᠭ᠎ᠠ ᠵᠠᠮ ᠪᠣᠯᠭᠠᠵᠤ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠢᠳᠡᠪᠬᠢᠲᠡᠢ ᠬᠥᠳᠡᠯᠦᠯᠴᠡᠨ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠠᠵᠠᠷ ᠣᠷᠣᠨ ᠳᠤᠨᠢ ᠲᠣᠬᠢᠷᠠᠭᠤᠯᠤᠨ᠂ ᠡᠨᠡ ᠬᠦ ᠬᠠᠲᠠᠭᠤ ᠡᠭᠦᠷᠭᠡ ᠶᠢ ᠡᠷᠬᠡᠪᠰᠢ ᠰᠠᠶᠢᠨ ᠪᠡᠶᠡᠯᠡᠭᠦᠯᠬᠦ ᠬᠡᠷᠡᠭᠲᠡᠢ᠃ ᠰᠢᠯᠭᠠᠨ ᠦᠨᠡᠯᠡᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠱᠠᠩᠨᠠᠵᠤ ᠲᠣᠷᠭᠠᠬᠤ ᠳᠦᠷᠢᠮ ᠢ ᠴᠢᠩᠭ᠎ᠠ ᠬᠡᠷᠡᠭᠵᠢᠭᠦᠯᠦᠨ᠂ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠴᠢᠩᠭᠠᠷᠠᠭᠤᠯᠵᠤ᠂ ᠰᠠᠶᠢᠨ ᠬᠢᠬᠦ ᠮᠠᠭᠤ ᠬᠢᠬᠦ ᠠᠳᠠᠯᠢ ᠦᠭᠡᠢ᠂ ᠬᠢᠬᠦ ᠬᠢᠬᠦ ᠦᠭᠡᠢ ᠠᠳᠠᠯᠢ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ︽ᠳᠥᠷᠪᠡᠨ ᠱᠠᠲᠤᠨ ᠤ ᠱᠦᠵᠢ︾ ᠶᠢᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠪᠦᠬᠦ ᠨᠡᠶᠢᠭᠡᠮ ᠢ ᠳᠠᠶᠢᠴᠢᠯᠠᠨ᠂ ᠵᠠᠰᠠᠭ ᠤᠨ ᠣᠷᠳᠣᠨ ᠠᠴᠠ ᠵᠢᠯᠣᠭᠤᠳᠴᠤ᠂ ᠺᠠᠳ᠋ᠷᠴᠤᠳ ᠠᠴᠠ ᠲᠣᠯᠣᠭᠠᠶᠢᠯᠠᠵᠤ᠂ ᠪᠦᠬᠦ ᠢᠷᠭᠡᠳ ᠢ ᠣᠷᠣᠯᠴᠠᠭᠤᠯᠵᠤ᠂ ᠭᠤᠣᠯᠳᠠᠯᠭ᠎ᠠ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ ᠶᠢ ᠳᠠᠷᠤᠰᠢᠭᠤᠯᠤᠨ ᠪᠣᠳᠠᠲᠠᠶᠢᠵᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠳᠠᠷᠤᠢ ᠲᠦᠷᠭᠡᠨ ᠪᠦᠬᠦ ᠲᠠᠯ᠎ᠠ ᠪᠠᠷ ᠡᠬᠢᠯᠡᠭᠦᠯᠦᠨ᠂ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠠᠬᠢᠭᠤᠯᠬᠤ ᠬᠡᠷᠡᠭᠲᠡᠢ ᠭᠡᠵᠡᠢ᠃      ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠵᠠᠩ ᠶᠢᠨ ᠫᠢᠩ᠂ ᠯᠢᠦ ᠴᠧᠩ ᠮᠢᠨ᠂ ᠦ᠋ ᠸᠧᠨ ᠮᠢᠩ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠯᠢ ᠰᠢᠶᠥᠥ ᠳ᠋ᠦᠩ ᠵᠢᠴᠢ ᠬᠤᠲᠠ ᠶᠢᠨ ᠳᠥᠷᠪᠡᠨ ᠲᠣᠭᠤᠷᠢᠭ ᠪᠠ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号