ᠸᠠᠩ ᠯᠢ ᠰᠢᠶᠠ ᠵᠧᠩ ᠬᠤᠩ ᠹᠠᠨ ᠨᠠᠷ ᠬᠤᠷᠠᠯ ᠳᠤ ᠣᠷᠣᠯᠴᠠᠵᠤ ᠵᠠᠩ ᠪᠠᠢ ᠴᠧᠩ | ᠪᠠᠶᠠᠷ ᠤᠨ ᠦᠭᠡ ᠶᠠᠷᠢᠵᠤ ᠯᠥᠸᠧ ᠴᠢᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ ᠯᠢ ᠬᠠᠢ ᠵᠧᠨ︶ 12 ᠳ᠋ᠤᠭᠠᠷ ᠰᠠᠷ᠎ᠠ ᠶᠢᠨ 13 ᠤ ᠡᠳᠦᠷ᠂ ︽ | ᠰᠣᠶᠣᠯ ᠤᠨ ᠬᠠᠩᠭᠢᠨᠠᠮ᠎ᠠ ᠡᠭᠡᠰᠢᠭ ᠢ ᠴᠤᠤᠷᠢᠶᠠᠳᠤᠭᠤᠯᠤᠨ ᠲᠠᠯ᠎ᠠ ᠨᠤᠲᠤᠭ ᠤᠨ ᠬᠤᠲᠠ ᠶᠢᠨ ᠢᠷᠡᠭᠡᠳᠦᠢ ᠶᠢ | ᠴᠤᠭᠴᠠᠯᠠᠬᠤ︾ ᠪᠠᠷ ᠰᠡᠳᠦᠪᠯᠡᠭᠰᠡᠨ ᠬᠥᠬᠡᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠣᠶᠣᠯ ᠤᠨ | ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ | ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠧᠩ ᠬᠤᠩ ᠹᠠᠨ ᠬᠤᠷᠠᠯ ᠳᠤ ᠣᠷᠣᠯᠴᠠᠪᠠ᠃ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠭᠠᠳᠠᠭᠰᠢ ᠬᠠᠷᠢᠯᠴᠠᠬᠤ ᠬᠡᠯᠲᠡᠰ ᠤᠨ | ᠣᠣᠯ ᠤᠨ ᠳᠡᠳ᠋ ᠲᠠᠷᠤᠭ᠎ᠠ᠂ ᠪᠦᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠭᠠᠳᠠᠭᠠᠳᠤ ᠶᠠᠪᠤᠳᠠᠯ ᠤᠨ | ᠵᠦᠪᠯᠡᠯ ᠤᠨ ᠤᠤᠯ ᠤᠨ ᠳᠡᠳ᠋ ᠡᠷᠬᠢᠯᠡᠭᠴᠢ ᠯᠢ ᠪᠧᠢ ᠬᠠᠢ᠂ ᠳᠤᠮᠳᠠᠳᠤ ᠤᠯᠤᠰ ᠤᠨ ᠠᠷᠠᠳᠴᠢᠯᠠᠭᠰᠠᠨ | ᠬᠤᠯᠪᠣᠭ᠎ᠠ ᠶᠢᠨ ᠲᠥᠪ ᠬᠤᠷᠢᠶᠠᠨ ᠤ ᠳᠡᠳ᠋ ᠲᠡᠷᠢᠭᠦᠯᠡᠭᠴᠢ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ | ᠬᠤᠯᠪᠣᠭ᠎ᠠ ᠶᠢᠨ ᠳᠡᠳ᠋ ᠲᠡᠷᠢᠭᠦᠯᠡᠭᠴᠢ ᠵᠠᠩ ᠫᠢᠩ᠂ ᠳᠤᠮᠳᠠᠳᠤ ᠤᠯᠤᠰ ᠤᠨ ᠰᠣᠶᠣᠯ ᠤᠨ ᠬᠠᠮᠢᠶᠠᠷᠤᠯᠲᠠ ᠶᠢᠨ | ᠨᠡᠶᠢᠭᠡᠮᠯᠢᠭ ᠤᠨ ᠲᠡᠷᠢᠭᠦᠯᠡᠭᠴᠢ ᠯᠢᠶᠠᠩ ᠭᠦᠸᠧ ᠶᠠᠩ᠂ ᠳᠤᠮᠳᠠᠳᠤ ᠤᠯᠤᠰ ᠤᠨ ᠣᠯᠠᠨ ᠤᠯᠤᠰ ᠤᠨ ᠣᠯᠠᠨ | ᠨᠡᠶᠢᠲᠡ ᠶᠢᠨ ᠬᠠᠷᠢᠴᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠡᠤ ᠸᠧᠨ ᠰᠢᠤᠸᠠᠢ ᠵᠡᠷᠭᠡ ᠵᠠᠭᠤ ᠭᠠᠷᠤᠶ ᠬᠡᠯᠲᠡᠰ | ᠵᠥᠪᠯᠡᠯ ᠤᠨ ᠵᠣᠴᠢᠨ᠂ ᠡᠷᠳᠡᠮᠲᠡᠨ ᠮᠡᠷᠭᠡᠵᠢᠯᠲᠡᠳ᠂ ᠠᠵᠢᠯ ᠲᠥᠷᠥᠯ ᠤᠨ ᠬᠢᠨ ᠤ ᠰᠣᠳᠣᠴᠤᠤᠯ ᠬᠤᠷᠠᠯ ᠳᠤ | ᠣᠷᠣᠯᠴᠠᠵᠤ᠂ ᠰᠢᠨ᠎ᠡ ᠶᠢ ᠡᠭᠦᠳᠬᠦ ᠰᠣᠶᠣᠯ ᠤᠨ ᠠᠮᠢᠵᠢᠷᠠᠯ ᠤᠨ ᠬᠦᠴᠦᠨ ᠢᠶᠠᠷ ᠲᠥᠪ ᠬᠤᠲᠠ ᠶᠢᠨ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠠᠬᠢ ᠰᠣᠶᠣᠯ ᠤᠨ ᠠᠵᠤ ᠦᠢᠯᠡᠰ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠭᠦᠨᠵᠡᠭᠡᠶ ᠰᠤᠳᠤᠯᠤᠨ ᠶᠠᠷᠢᠯᠴᠠᠵᠠᠶ᠃ | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ | ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠶᠡᠭᠡ ᠬᠤᠷᠠᠯ ᠳᠡᠭᠡᠷ᠎ᠡ ᠪᠠᠶᠠᠷ ᠤᠨ | ᠦᠭᠡ ᠶᠠᠷᠢᠵᠠᠢ᠃ ᠲᠡᠷᠡ ᠬᠡᠯᠡᠬᠦ ᠳᠡᠭᠡᠨ᠂ ᠬᠥᠬᠡᠬᠤᠲᠠ ᠨᠢ ᠤᠮᠠᠷᠠᠰᠢ ᠲᠠᠯ᠎ᠠ ᠨᠤᠲᠤᠭ ᠢ ᠳᠡᠷᠡᠯᠡᠨ᠂ ᠡᠮᠦᠨᠡᠰᠢ | ᠬᠠᠲᠤᠨ ᠭᠤᠣᠯ ᠢ ᠬᠠᠪᠢᠳᠠᠵᠤ᠂ ᠨᠢᠭᠡᠨ ᠤᠷᠲᠤ ᠤᠳᠠᠭᠠᠨ ᠲᠡᠦᠬᠡ ᠲᠠᠢ᠂ ᠭᠦᠨ ᠵᠤᠵᠠᠭᠠᠨ ᠰᠣᠶᠣᠯ ᠤᠨ | ᠠᠭᠤᠯᠬᠤᠨ ᠲᠠᠢ ᠬᠤᠲᠠ ᠪᠣᠯᠣᠨ᠎ᠠ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠥᠭᠡᠳᠡᠯᠡᠨ ᠬᠥᠭᠵᠢᠭᠰᠡᠨ ᠬᠤᠲᠠ | ᠪᠣᠯᠣᠨ᠎ᠠ᠃ ᠪᠢᠳᠠᠨ ᠴᠠᠭ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤᠵᠢᠭᠤᠯᠬᠤ ᠶᠢ ᠢᠮᠠᠭᠲᠠ ᠪᠠᠷᠢᠮᠲᠠᠯᠠᠨ᠂ | ᠰᠣᠶᠣᠯ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠪᠦᠬᠦ | ᠬᠤᠲᠠ ᠶᠢᠨ ᠡᠯ᠎ᠡ ᠦᠨᠳᠦᠰᠦᠲᠡᠨ ᠤ ᠣᠯᠠᠨ ᠲᠦᠮᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠪᠦᠯᠬᠦᠮᠳᠡᠨ | ᠲᠡᠮᠡᠴᠡᠵᠦ᠂ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠴᠢᠨᠠᠷ ᠰᠠᠶᠢᠲᠠᠢ ᠬᠥᠭᠵᠢᠯᠲᠡ ᠶᠢᠨ | ᠰᠠᠶᠢᠨ ᠪᠠᠶᠢᠳᠠᠯ ᠢᠶᠠᠨ ᠬᠠᠳᠠᠭᠠᠯᠠᠭᠰᠠᠭᠠᠷ ᠢᠷᠡᠵᠦ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠡᠯ ᠶᠡᠭᠡ | ᠴᠡᠴᠡᠭᠯᠡᠯᠲᠡ ᠲᠠᠢ ᠠᠮᠢᠳᠤᠯᠢᠭ ᠰᠠᠶᠢᠬᠠᠨ ᠪᠠᠶᠢᠳᠠᠯ ᠢᠯᠡᠷᠡᠪᠡ᠃ ᠤᠳᠤᠷᠢᠳᠤᠯᠭ᠎ᠠ ᠵᠣᠴᠢᠳ᠂ ᠡᠷᠳᠡᠮᠳᠡᠨ | ᠮᠡᠷᠭᠡᠵᠢᠯᠲᠡᠳ ᠪᠣᠳᠣᠵᠤ ᠰᠠᠨᠠᠭᠰᠠᠨ ᠢᠶᠠᠨ ᠠᠭᠤᠵᠢᠷᠠᠳᠠᠯ᠎ᠠ ᠶᠠᠷᠢᠵᠤ᠂ ︽ᠦᠵᠡᠰᠬᠦᠯᠡᠩᠲᠦ ᠰᠠᠶᠢᠬᠠᠨ ᠬᠥᠬᠡᠬᠤᠲᠠ︾ | ᠳᠤ ᠠᠷᠭ᠎ᠠ ᠪᠣᠳᠣᠯᠭ᠎ᠠ ᠭᠠᠷᠭᠠᠨ᠂ ᠣᠢ ᠤᠬᠠᠭᠠᠨ ᠢᠶᠠᠨ ᠡᠷᠭᠦᠬᠦ ᠶᠢ ᠴᠢᠩ ᠰᠡᠳᠬᠢᠯ ᠠᠴᠠ ᠪᠠᠨ ᠬᠦᠰᠡᠵᠦ᠂ | ᠡᠷᠳᠡᠮᠳᠡᠨ ᠮᠡᠷᠭᠡᠵᠢᠯᠲᠡᠳ ᠤᠨ ᠳᠠᠩᠳᠠ ᠢᠷᠡᠵᠦ ᠶᠠᠪᠤᠵᠤ ᠬᠠᠷᠠᠵᠤ᠂ ︽ᠥᠨᠢᠷ ᠪᠠᠶᠠᠯᠢᠭ ᠲᠠᠯ᠎ᠠ ᠨᠤᠲᠤᠭ ᠤᠨ | ᠬᠤᠲᠠ︾ ᠳᠤ ᠡᠷᠳᠡᠮᠲᠡᠨ ᠴᠢᠳᠠᠪᠤᠷᠢᠳᠠᠨ ᠢ ᠴᠤᠭᠯᠠᠭᠤᠯᠬᠤ ᠶᠢ ᠴᠢᠩ ᠰᠡᠳᠬᠢᠯ ᠠᠴᠠ ᠪᠠᠨ ᠤᠷᠢᠵᠤ ᠪᠠᠶᠢᠨ᠎ᠠ ᠭᠡᠵᠡᠢ᠃ | | ᠬᠤᠷᠠᠯ ᠳᠡᠭᠡᠷ᠎ᠡ᠂ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠤᠲᠠ ᠶᠢᠨ | ᠬᠥᠭᠵᠢᠯᠲᠡ ᠶᠢᠨ ᠲᠥᠪ ᠤᠨ ᠡᠷᠳᠡᠮ ᠰᠢᠨᠵᠢᠯᠡᠭᠡᠨ ᠤ ᠵᠥᠪᠯᠡᠯ ᠤᠨ ᠨᠠᠷᠢᠨ ᠪᠢᠴᠢᠭ ᠤᠨ ᠳᠠᠷᠤᠭ᠎ᠠ᠂ ᠳᠤᠮᠳᠠᠳᠤ | ᠤᠯᠤᠰ ᠤᠨ ᠠᠵᠤ ᠠᠬᠤᠶᠢᠯᠠᠯ ᠤᠨ ᠬᠠᠮᠢᠶᠠᠷᠤᠯᠲᠠ ᠶᠢᠨ ᠰᠤᠳᠤᠯᠭᠠᠨ ᠤ ᠨᠡᠶᠢᠭᠡᠮᠯᠢᠭ ᠤᠨ ᠳᠡᠳ᠋ ᠬᠡᠷᠡᠭ | ᠡᠷᠬᠢᠯᠡᠭᠴᠢᠳ ᠤᠨ ᠳᠠᠷᠤᠭ᠎ᠠ ᠹᠧᠩ ᠺᠦᠢ᠂ ᠳᠤᠮᠳᠠᠳᠤ ᠤᠯᠤᠰ ᠤᠨ ᠣᠯᠠᠨ ᠤᠯᠤᠰ ᠤᠨ ᠣᠯᠠᠨ ᠨᠡᠶᠢᠲᠡ ᠶᠢᠨ | ᠬᠠᠷᠢᠴᠠᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠡᠤ ᠸᠧᠨ ᠰᠢᠤᠸᠠᠢ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ ᠶᠢᠨ ᠶᠠᠮᠤᠨ ᠤ ᠪᠦᠬᠦ ᠤᠯᠤᠰ ᠤᠨ ᠰᠣᠶᠣᠯ ᠪᠡᠶ᠎ᠡ ᠶᠢᠨ ᠲᠠᠮᠢᠷ ᠡᠷᠡᠭᠦᠯ ᠮᠡᠨᠳᠦ | ᠵᠢᠭᠤᠯᠴᠢᠯᠠᠯ ᠦᠨᠲ᠋ᠤᠨᠤᠭᠯᠠᠯ ᠤᠨ ᠬᠤᠯᠪᠣᠭᠠᠨ ᠤ ᠬᠡᠷᠡᠭ ᠡᠷᠬᠢᠯᠡᠭᠴᠢᠳ ᠤᠨ ᠳᠠᠷᠤᠭ᠎ᠠ ᠰᠦᠨ ᠷᠥᠸᠧ ᠹᠧᠩ᠂ | ᠬᠤᠸᠠ ᠢ ᠴᠢ ᠮᠢᠩ ᠳ᠋ᠦᠩ ᠹᠠᠩ ᠤᠨ ᠲᠤᠰᠬᠠᠢ ᠮᠡᠷᠭᠡᠵᠢᠯᠲᠡᠨ ᠤ ᠵᠥᠪᠯᠡᠯ ᠤᠨ ᠨᠡᠷ᠎ᠡ ᠬᠦᠨᠳᠦᠲᠦ ᠲᠡᠷᠢᠭᠦᠯᠡᠭᠴᠢ | ᠸᠠᠩ ᠬᠤᠢ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠯᠡᠭᠴᠢ᠂ ᠪᠡᠭᠡᠵᠢᠩ ᠶᠡᠭᠡ ᠰᠤᠷᠭᠠᠭᠤᠯᠢ ᠶᠢᠨ ᠰᠢᠨ᠎ᠡ | ᠵᠠᠭᠤᠴᠢᠯᠠᠭᠤᠷ ᠤᠨ ᠰᠤᠳᠤᠯᠭᠠᠨ ᠤ ᠬᠦᠷᠢᠶᠡᠯᠡᠩ ᠤᠨ ᠳᠡᠳ᠋ ᠳᠠᠷᠤᠭ᠎ᠠ ᠯᠢ ᠸᠧᠢ ᠶᠡᠭᠡ ᠬᠤᠷᠠᠯ ᠲᠡᠭᠡᠷ᠎ᠡ ᠤᠷᠢᠳ | ᠬᠤᠵᠢᠳ ᠭᠤᠣᠯ ᠰᠡᠳᠦᠪᠲᠦ ᠢᠯᠡᠳᠬᠡᠯ ᠬᠢᠪᠡ᠃ | ᠬᠤᠷᠠᠯ ᠳᠡᠭᠡᠷ᠎ᠡ᠂ ᠳᠤᠮᠳᠠᠳᠤ ᠤᠯᠤᠰ ᠤᠨ ᠰᠣᠶᠣᠯ ᠤᠨ ᠬᠠᠮᠢᠶᠠᠷᠤᠯᠲᠠ ᠶᠢᠨ ᠨᠡᠶᠢᠭᠡᠮᠯᠢᠭ ᠤᠨ ᠬᠤᠲᠠ ᠶᠢᠨ | ᠰᠣᠶᠣᠯ ᠤᠨ ᠵᠥᠪᠯᠡᠯ ᠤᠨ ᠬᠦᠬᠡᠬᠤᠲᠠ ᠶᠢᠨ ᠠᠵᠤ ᠦᠢᠯᠡᠰ ᠰᠤᠷᠭᠠᠭᠤᠯᠢ ᠰᠤᠳᠤᠯᠭᠠᠨ ᠤ ᠰᠠᠭᠤᠷᠢᠨ ᠭᠠᠵᠠᠷ ᠵᠡᠷᠭᠡ | ︽ᠲᠤᠯᠤᠭᠠᠨ ᠶᠡᠭᠡ ᠤᠯᠤᠰ ᠤᠨ ᠲᠠᠰ ᠤᠨ ᠠᠵᠢᠯ ᠲᠥᠷᠥᠯ ᠤᠨ ᠨᠡᠶᠢᠭᠡᠮᠯᠢᠭ ᠤᠨ ᠠᠵᠤ ᠦᠢᠯᠡᠰ ᠰᠤᠷᠭᠠᠭᠤᠯᠢ | ᠰᠤᠳᠤᠯᠭᠠᠨ ᠤ ᠰᠠᠭᠤᠷᠢᠨ ᠭᠠᠵᠠᠷ︾᠂ ᠳᠤᠮᠳᠠᠳᠤ ᠤᠯᠤᠰ ᠤᠨ ᠬᠠᠮᠢᠶᠠᠷᠤᠯᠲᠠ ᠶᠢᠨ ᠰᠢᠨᠵᠢᠯᠡᠬᠦ ᠤᠬᠠᠭᠠᠨ ᠤ ᠶᠡᠭᠡ | ᠬᠤᠷᠠᠯ ᠤᠨ ᠬᠥᠬᠡᠬᠤᠲᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠵᠡᠷᠭᠡ ︽ᠳᠥᠷᠪᠡᠨ ᠶᠡᠭᠡ ᠤᠯᠤᠰ ᠤᠨ ᠲᠠᠰ ᠤᠨ ᠬᠤᠷᠠᠯ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ︾᠂ ᠬᠤᠸᠠ ᠢ ᠰᠢᠶᠦ᠋ᠩ ᠳ᠋ᠢ ᠤᠳᠤᠨ ᠵᠦᠴᠦᠭᠡ ᠶᠢᠨ ᠲᠢᠶᠠᠲᠷ ᠤᠨ ᠺᠢᠨᠣ᠋ ᠵᠣᠬᠢᠶᠠᠨ | ᠪᠦᠳᠦᠭᠡᠯᠲᠡ ᠶᠢᠨ ᠬᠥᠬᠡᠬᠤᠲᠠ ᠶᠢᠨ ᠰᠣᠶᠣᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ ᠵᠡᠷᠭᠡ ︽ᠬᠤᠷᠢᠨ ᠶᠡᠭᠡ | ᠰᠣᠶᠣᠯ ᠤᠨ ᠰᠢᠨ᠎ᠡ ᠶᠢ ᠡᠭᠦᠳᠬᠦ ᠰᠠᠭᠤᠷᠢᠨ ᠭᠠᠵᠠᠷ︾ ᠨᠤᠲᠤᠭᠰᠢᠵᠤ ᠫᠠᠶᠢᠰᠠ ᠣᠯᠭᠤᠬᠤ ᠶᠣᠰᠣᠯᠠᠯ ᠶᠠᠪᠤᠭᠤᠯᠪᠠ᠃ | ᠯᠢ ᠪᠸᠢ ᠬᠠᠶ᠂ ᠵᠠᠩ ᠫᠢᠩ ᠵᠡᠷᠭᠡ 9 ᠵᠣᠴᠢᠨ ᠬᠥᠬᠡᠬᠤᠲᠠ ᠶᠢᠨ ᠬᠤᠲᠠ ᠶᠢᠨ ᠬᠥᠭᠵᠢᠯᠲᠡ ᠶᠢᠨ ᠵᠥᠪᠯᠡᠭᠴᠢ ᠪᠠᠷ | ᠣᠷᠢᠭᠳᠠᠪᠠ᠃ | ᠬᠤᠲᠠ ᠶᠢᠨ ᠤᠳᠤᠷᠢᠳᠤᠯᠭ᠎ᠠ ᠯᠥᠸᠧ ᠴᠢᠩ᠂ ᠵᠠᠩ ᠶᠢᠨ ᠫᠢᠩ᠂ ᠦ᠋ ᠸᠧᠨ ᠮᠢᠩ᠂ ᠪᠢ ᠭᠥᠸᠧ ᠴᠧᠨ᠂ | ᠴᠢᠶᠥᠥ ᠶᠦᠨ ᠯᠢ ᠬᠤᠷᠠᠯ ᠳᠤ ᠣᠷᠣᠯᠴᠠᠪᠠ᠃ |